ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠵᠦᠩ ᠺᠧ ᠰᠠᠨᠰᠠᠷ ᠠᠶᠠᠯᠠᠯ᠎ᠤᠨ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠤᠮᠫᠠᠨᠢ ᠨᠢ ᠳᠠᠬᠢᠨᠲᠠ ᠤᠯᠠᠨ ᠤᠯᠤᠰ᠎ᠤᠨ ᠵᠠᠬᠢᠶᠠᠯᠠᠭ᠎ᠠ᠎ᠶ᠋ᠢ ᠲᠣᠰᠪᠠ   ᠬᠦᠴᠦᠲᠦ ᠰᠣᠮᠣ ᠨᠢᠭᠡᠳᠦᠭᠡᠷ ᠠᠯᠤᠰ ᠰᠡᠷᠡᠯ᠎ᠦᠨ ᠠᠷᠪᠠᠳᠤᠭᠠᠷ ᠬᠥᠯᠭᠡ ᠲᠡᠢᠷᠦᠯᠲᠦ ᠰᠤᠮᠤ᠎ᠶᠢ ᠥᠪᠥᠷ ᠮᠣᠩᠭᠣᠯ᠎ᠤᠨ ᠡᠵᠡᠨ᠎ᠡ᠎ᠡᠴᠡ ᠠᠮᠵᠢᠯᠲᠠ᠎ᠲᠠᠢ ᠬᠠᠷᠪᠤᠵᠠᠢ
ᠨᠡᠶ᠋ᠢᠲᠡᠯᠡᠭᠰᠡᠨ ᠴᠠᠭ᠄ 2025-08-20

ᠵᠦᠩ ᠺᠧ ᠰᠠᠨᠰᠠᠷ ᠠᠶᠠᠯᠠᠯ᠎ᠤᠨ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠤᠮᠫᠠᠨᠢ᠎ᠶ᠋ᠢᠨ ᠮᠡᠳᠡᠭᠡ᠎ᠶ᠋ᠢ ᠦᠨᠳᠦᠰᠦᠯᠡᠪᠡᠯ᠂ 8 ᠳ᠋ᠤᠭᠠᠷ ᠰᠠᠷ᠎ᠠ᠎ᠶᠢᠨ 19 ᠎ᠦ ᠡᠳᠦᠷ᠎ᠦᠨ 15 ᠴᠠᠭ 33 ᠮᠢᠨᠦ᠋ᠲ᠎ᠲᠦ᠂ ᠬᠦᠴᠦᠲᠦ ᠰᠣᠮᠣ ᠨᠢᠭᠡᠳᠦᠭᠡᠷ ᠠᠯᠤᠰ ᠰᠡᠷᠡᠯ᠎ᠦᠨ ᠠᠷᠪᠠᠳᠤᠭᠠᠷ ᠬᠥᠯᠭᠡ ᠲᠡᠢᠷᠦᠯᠲᠦ ᠰᠤᠮᠤ᠎ᠶ᠋ᠢ ᠥᠪᠥᠷ ᠮᠣᠩᠭᠣᠯ᠎ᠤᠨ ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠳᠠᠬᠢ ᠳ᠋ᠦᠩᠹᠧᠩ ᠬᠤᠳᠠᠯᠳᠤᠭᠠᠨ᠎ᠤ ᠰᠠᠨᠰᠠᠷ ᠠᠶᠠᠯᠠᠯ᠎ᠤᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠣᠷᠣᠨ᠎ᠠᠴᠠ ᠬᠠᠷᠪᠤᠪᠠ᠃ ᠵᠦᠩ ᠺᠧ ᠳᠠᠭᠠᠭᠤᠯᠢ ᠣᠳᠣᠨ 05 ᠤᠳᠤ᠂ ᠤᠯᠠᠨ ᠴᠢᠳᠠᠮᠵᠢᠲᠦ ᠲᠤᠷᠰᠢᠯᠲᠠ᠎ᠶᠢᠨ ᠬᠣᠶᠠᠳᠤᠭᠠᠷ ᠳᠠᠭᠠᠭᠤᠯᠢ ᠣᠳᠣᠨ 01 ᠤᠳᠤ᠂ 02 ᠤᠳᠤ᠂ 03 ᠤᠳᠤ (ᠲᠢᠶᠠᠨ ᠲᠦᠸᠧ ᠵᠢᠷᠭᠤᠳᠤᠭᠠᠷ ᠳᠠᠭᠠᠭᠤᠯᠢ ᠤᠳᠤ)᠂ ᠲᠢᠶᠠᠨ ᠶᠠᠨ 26 ᠤᠳᠤ᠂ ThumbSat-1 ᠳᠠᠭᠠᠭᠤᠯᠢ ᠤᠳᠤ᠂ ThumbSat-2 ᠳᠠᠭᠠᠭᠤᠯᠢ ᠤᠳᠤ ᠵᠡᠷᠭᠡ 7 ᠳᠠᠭᠠᠭᠤᠯᠢ ᠤᠳᠤ᠎ᠶᠢ ᠵᠢᠱ᠌ᠢᠭᠰᠡᠨ ᠲᠣᠭᠣᠷᠢᠯᠲᠠ᠎ᠶᠢᠨ ᠵᠠᠮ᠎ᠳᠤ ᠤᠷᠤᠭᠰᠢᠲᠠᠢ᠎ᠪᠠᠷ ᠬᠦᠷᠭᠡᠵᠦ᠂ ᠨᠢᠰᠦᠯᠲᠡ ᠲᠤᠷᠱᠢᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ 

 

 

ᠵᠦᠩ ᠺᠧ ᠳᠠᠭᠠᠭᠤᠯᠢ ᠣᠳᠣᠨ 05 ᠤᠳᠤ᠎ᠶᠢᠨ ᠭᠣᠣᠯ ᠠᠴᠢᠶ᠎ᠠ ᠨᠢ X ᠳᠣᠯᠭᠢᠶᠠᠨ ᠲᠠᠰᠤᠯᠪᠤᠷᠢ᠎ᠶᠢᠨ ᠨᠡᠢᠯᠡᠮᠡᠯ ᠨᠡᠭᠡᠭᠡᠴᠡᠲᠦ ᠷᠠᠳᠠᠷ᠂ ᠳᠦᠷᠰᠦ᠎ᠶ᠋ᠢᠨ ᠢᠯᠭᠠᠮᠵᠢ ᠨᠢ 1 ᠮᠧᠲᠷ᠎ᠡᠴᠡ ᠳᠠᠪᠠᠭᠤᠯᠢᠭ᠋ ᠪᠠᠢᠵᠤ᠂ ᠬᠠᠮᠤᠭ᠎ᠤᠨ ᠶᠡᠬᠡ ᠠᠵᠢᠭ᠍ᠯᠠᠯᠲᠠ᠎ᠶ᠋ᠢᠨ ᠬᠡᠪᠴᠢᠶᠡᠨ᠎ᠦ ᠥᠷᠭᠡᠨ ᠨᠢ 300 ᠺᠢᠯᠣᠮᠧᠲᠷ᠎ᠢ ᠳᠠᠪᠠᠭᠰᠠᠨ ᠪᠠᠢᠳᠠᠭ᠃ ᠡᠨᠡ ᠬᠦ᠌ ᠳᠠᠭᠠᠭᠤᠯᠢ ᠣᠳᠣ ᠨᠢ ᠲᠤᠢᠯ᠎ᠤᠨ ᠣᠷᠣᠨ᠂ ᠳᠠᠯᠠᠢ ᠲᠠᠩᠭᠢᠰ ᠵᠡᠷᠭᠡ ᠥᠷᠭᠡᠨ ᠬᠡᠪᠴᠢᠶᠡᠨ᠎ᠦ ᠠᠵᠢᠭ᠍ᠯᠠᠬᠤ ᠲᠠᠯᠠᠪᠤᠷ᠎ᠲᠠᠬᠢ ᠲᠤᠬᠠᠢᠯᠠᠭᠰᠠᠨ ᠠᠵᠢᠯ᠎ᠤᠨ ᠴᠢᠳᠠᠪᠤᠷᠢ ᠨᠢ ᠲᠣᠪᠣᠢᠮ᠎ᠠ ᠪᠠᠢᠵᠤ᠂ ᠪᠦᠬᠦ ᠲᠤᠢᠯᠰᠢᠷᠠᠯ᠎ᠤᠨ SAR ᠠᠴᠢᠶᠠᠯᠠᠪᠤᠷᠢ᠎ᠶᠢᠨ ᠳ᠋ᠠᠢᠲ᠋ᠠ ᠦᠢᠯᠡᠴᠢᠯᠡᠭᠡ᠎ᠶᠢ ᠬᠠᠩᠭᠠᠵᠤ ᠪᠣᠯᠣᠨ᠎ᠠ᠃ 

ᠲᠢᠶᠠᠨ ᠶᠠᠨ 26 ᠣᠳᠣ᠌ ᠪᠣᠯ ᠨᠢᠭᠡᠨ ᠬᠥᠩᠭᠡᠨ ᠵᠢᠵᠢᠭ ᠬᠡᠯᠪᠡᠷᠢᠲᠦ ᠦᠵᠡᠭᠳᠡᠬᠦ ᠭᠡᠷᠡᠯ + ᠬᠡᠳᠦ ᠤᠯᠠᠭᠠᠨ᠎ᠤ ᠭᠠᠵᠠᠷ᠎ᠤᠨ ᠭᠠᠳᠠᠷᠭᠤ᠎ᠳᠤ ᠬᠠᠨᠳᠤᠭᠤᠯᠤᠭᠰᠠᠨ ᠬᠠᠢᠨ ᠱᠢᠨᠵᠢᠯᠡᠬᠦ᠌ ᠠᠯᠤᠰ ᠰᠡᠷᠡᠯ᠎ᠦᠨ ᠬᠤᠳᠠᠯᠳᠤᠭᠠᠨ᠎ᠤ ᠳᠠᠭᠠᠭᠤᠯᠢ ᠣᠳᠣ᠌ ᠪᠣᠯᠣᠨ᠎ᠠ᠃ 

ThumbSat ᠳᠠᠭᠠᠭᠤᠯᠢ ᠤᠳᠤ ᠨᠢ ThumbSat-1 ᠳᠠᠭᠠᠭᠤᠯᠢ ᠤᠳᠤ ᠪᠠ ThumbSat-2 ᠳᠠᠭᠠᠭᠤᠯᠢ ᠤᠳᠤ ᠭᠡᠬᠦ ᠬᠣᠶᠠᠷ ᠳᠠᠭᠠᠭᠤᠯᠢ ᠤᠳᠤ᠎ᠪᠠᠷ ᠪᠦᠷᠢᠯᠳᠦᠵᠦ᠂ ᠰᠠᠨᠰᠠᠷ ᠠᠶᠠᠯᠠᠯ᠎ᠤᠨ ᠮᠡᠷᠭᠡᠵᠢᠯ᠎ᠢ ᠤᠯᠠᠨ ᠲᠦᠮᠡᠨ᠎ᠡ ᠬᠡᠷᠡᠭ᠌ᠯᠡᠭ᠌ᠳᠡᠬᠦ᠌᠂ ᠪᠠᠭ᠎ᠠ ᠬᠡᠯᠪᠡᠷᠢᠵᠢᠭᠦᠯᠬᠦ ᠪᠠ ᠥᠪᠡᠷ᠎ᠦᠨ ᠦᠷᠳᠡᠭ᠎ᠢᠶᠡᠷ ᠳᠣᠣᠷ᠎ᠠ ᠪᠠᠢᠯᠭᠠᠬᠤ ᠰᠢᠨ᠎ᠡ ᠡᠭᠦᠳᠦᠯᠲᠡ᠎ᠶ᠋ᠢᠨ ᠴᠢᠨᠠᠷᠲᠠᠢ ᠬᠤᠳᠠᠯᠳᠤᠭᠠᠨ᠎ᠤ ᠰᠠᠨᠰᠠᠷ ᠠᠶᠠᠯᠠᠯ᠎ᠤᠨ ᠲᠥᠯᠥᠪᠯᠡᠭᠡ᠎ᠳᠦ ᠬᠠᠷᠢᠶᠠᠯᠠᠭᠳᠠᠨ᠎ᠠ᠃ ᠡᠨᠡ ᠬᠦ᠌ ᠤᠳᠠᠭᠠᠨ᠎ᠤ ᠬᠠᠷᠪᠤᠯᠲᠠ᠎ᠶᠢᠨ ᠭᠣᠣᠯ ᠡᠭᠦᠷᠭᠡ ᠨᠢ ᠲᠠᠪᠴᠠᠩ᠎ᠤᠨ ᠳᠣᠣᠷ᠎ᠠ ᠲᠣᠭᠣᠷᠢᠯ ᠵᠠᠮᠲᠤ ᠴᠢᠮᠡᠭᠡ ᠬᠣᠯᠪᠣᠭᠠᠨ᠎ᠤ ᠴᠢᠳᠠᠪᠤᠷᠢ ᠵᠢᠴᠢ ᠠᠴᠢᠶᠠᠯᠠᠪᠤᠷᠢ᠎ᠶᠢᠨ ᠳᠦᠷᠰᠦ ᠱᠢᠩᠭᠡᠭᠡᠯᠲᠡ᠎ᠶ᠋ᠢᠨ ᠳᠠᠮᠵᠢᠭᠤᠯᠬᠤ ᠴᠢᠳᠠᠪᠤᠷᠢ᠎ᠶᠢ ᠰᠢᠯᠭᠠᠨ ᠭᠡᠷᠡᠴᠢᠯᠡᠵᠦ᠍᠂ ᠬᠣᠢᠱᠢᠲᠠ᠎ᠳᠤ᠎ᠪᠠᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠵᠡᠷᠭᠡ ᠬᠦᠷᠢᠶᠡᠨ᠎ᠤ ᠣᠯᠠᠨ ᠤᠯᠤᠰ᠎ᠤᠨ ᠬᠠᠮᠲᠤᠷᠠᠯᠴᠠᠭ᠎ᠠ᠎ᠳᠤ ᠬᠠᠨᠳᠤᠭᠤᠯᠤᠭᠰᠠᠨ ᠨᠢᠭᠡᠨ ᠢᠵᠢ ᠳᠣᠣᠷ᠎ᠠ ᠪᠠᠷᠢᠮᠵᠢᠶᠠᠨ᠎ᠤ ᠲᠥᠰᠥᠯ᠎ᠢ ᠬᠠᠩᠭᠠᠬᠤ ᠪᠣᠯᠣᠨ᠎ᠠ᠃ ThumbSat ᠳᠠᠭᠠᠭᠤᠯᠢ ᠤᠳᠤ᠎ᠶᠢ ᠮᠧᠺᠰᠢᠺᠦ᠎ᠶᠢᠨ ThumbSat ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠠᠴᠠ ᠬᠠᠷᠢᠭᠤᠴᠠᠨ ᠰᠤᠳᠤᠯᠤᠨ ᠦᠢᠯᠡᠳᠴᠦ᠂ ᠵᠦᠩ ᠺᠧ ᠰᠠᠨᠰᠠᠷ ᠠᠶᠠᠯᠠᠯ᠎ᠤᠨ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠤᠮᠫᠠᠨᠢ ᠨᠢ ᠨᠡᠢᠳᠡᠮ ᠬᠡᠷᠡᠭᠯᠡᠭᠡᠨ᠎ᠦ ᠵᠠᠯᠭᠠᠭᠠᠰᠤ ᠪᠣᠯᠬᠤ ᠳᠠᠭᠠᠭᠤᠯᠢ ᠣᠳᠣ ᠪᠠ ᠰᠣᠮᠣᠨ᠎ᠤ ᠰᠠᠯᠭᠠᠬᠤ ᠪᠠᠢᠷᠢᠯᠠᠭᠤᠯᠤᠷ᠎ᠢ ᠲᠦᠬᠦᠷᠵᠢᠭᠦᠯᠵᠦ᠍᠂ ᠬᠡᠪᠴᠢᠶᠡᠵᠢᠯ ᠲᠠᠢ ᠬᠠᠭᠤᠯᠪᠤᠷᠢᠯᠠᠨ ᠦᠢᠯᠡᠳᠬᠦ ᠪᠠ ᠬᠡᠰᠡᠭᠴᠢᠯᠡᠨ ᠳᠡᠰ ᠳᠡᠪᠰᠢᠭᠦᠯᠬᠦ ᠴᠢᠳᠠᠪᠤᠷᠢ᠎ᠲᠠᠢ ᠪᠠᠢᠳᠠᠭ᠃ ᠳᠤᠮᠳᠠᠳᠤ ᠪᠠ ᠮᠧᠺᠰᠢᠺᠦ ᠬᠣᠶᠠᠷ ᠤᠯᠤᠰ᠎ᠤᠨ ᠳᠠᠭᠠᠭᠤᠯᠢ ᠤᠳᠤᠨ᠎ᠤ ᠪᠦᠬᠦᠯᠢ ᠤᠳᠤᠨ᠎ᠤ ᠬᠦᠷᠢᠶᠡᠨ᠎ᠳᠡᠬᠢ ᠰᠢᠪᠲᠤᠯᠤᠯᠲᠠ᠎ᠶᠢᠨ ᠴᠢᠨᠠᠷᠲᠠᠢ ᠬᠠᠮᠲᠤᠷᠠᠯᠴᠠᠭ᠎ᠠ ᠪᠣᠯᠤᠭᠰᠠᠨ᠎ᠤ ᠬᠤᠪᠢ᠎ᠳᠤ᠂ ᠲᠤᠰ ᠲᠦᠷᠦᠯ ᠵᠦᠢᠯ ᠨᠢ ᠳᠤᠮᠳᠠᠳᠤ ᠤᠯᠤᠰ᠎ᠤᠨ ᠰᠠᠨᠰᠠᠷ ᠠᠶᠠᠯᠠᠯ᠎ᠤᠨ ᠬᠢᠨ ᠤᠮᠠᠷᠠᠲᠤ ᠠᠮᠧᠷᠢᠺᠠ᠎ᠶᠢᠨ ᠬᠤᠳᠠᠯᠳᠤᠭᠠᠨ᠎ᠤ ᠵᠠᠬ᠎ᠠ ᠳᠡᠯᠭᠡᠭᠦᠷ᠎ᠲᠦ ᠴᠢᠬᠤᠯᠠ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃ 

 

 

ᠲᠠᠨᠢᠯᠴᠠᠭᠤᠯᠤᠭᠰᠠᠨ᠎ᠢᠶᠠᠷ᠂ ᠥᠩᠭᠡᠷᠡᠭᠰᠡᠨ᠎ᠦ ᠬᠢ᠎ᠲᠠᠢ ᠬᠠᠷᠢᠴᠠᠭᠤᠯᠪᠠᠯ᠂ ᠡᠨᠡ ᠬᠦ᠌ ᠤᠳᠠᠭᠠᠨ᠎ᠤ ᠡᠭᠦᠷᠭᠡ᠎ᠪᠡᠨ 《ᠭᠤᠷᠪᠠ᠎ᠶᠢ ᠨᠢᠭᠡᠳᠬᠡᠭᠰᠡᠨ》 ᠱᠢᠯᠵᠢᠭᠦᠯᠵᠦ᠍ ᠵᠠᠯᠭᠠᠬᠤ ᠪᠠᠭᠠᠵᠢ ᠤᠭ᠍ᠰᠠᠷᠠᠬᠤ᠎ᠶ᠋ᠢ ᠵᠢᠷᠤᠵᠤ ᠲᠥᠯᠥᠪᠯᠡᠬᠦ᠎ᠪᠡᠷ ᠳᠠᠮᠵᠢᠭᠤᠯᠤᠨ᠂ ᠳᠠᠭᠠᠭᠤᠯᠢ ᠣᠲᠣ᠌ ᠪᠠ ᠰᠣᠮᠣ᠎ᠶᠢ ᠲᠦᠷᠭᠡᠨ ᠵᠠᠯᠭᠠᠬᠤ᠎ᠪᠠᠨ ᠪᠠᠲᠤᠯᠠᠭ᠍ᠰᠠᠨ᠎ᠤ ᠬᠠᠮᠲᠤ᠂ ᠲᠣᠭᠣᠷᠢᠯᠲᠠ᠎ᠶᠢᠨ ᠵᠠᠮ᠎ᠳᠤ ᠣᠷᠣᠬᠤ ᠨᠢᠰᠦᠯᠲᠡ᠎ᠶᠢᠨ 《ᠱᠢᠯᠵᠢᠭᠦᠯᠵᠦ᠍ ᠵᠠᠯᠭᠠᠬᠤ ᠴᠠᠭᠠᠷᠢᠭ᠎ᠢ ᠲᠠᠶᠠᠭ᠍ᠳᠠᠵᠤ》 ᠬᠦᠨᠳᠦᠴᠡ᠎ᠶ᠋ᠢ ᠨᠢ ᠪᠠᠭᠤᠷᠠᠭᠤᠯᠬᠤ ᠵᠢᠷᠤᠭ ᠲᠥᠯᠥᠪᠯᠡᠭᠡ᠎ᠶᠢ ᠪᠡᠶᠡᠯᠡᠭᠦᠯᠪᠡ᠃ ᠡᠮᠦᠨᠡᠬᠢ ᠬᠤᠭᠤᠴᠠᠭᠠᠨ᠎ᠤ ᠨᠢᠰᠦᠯᠲᠡ᠎ᠶᠢᠨ ᠡᠭᠦᠷᠭᠡ᠎ᠳᠦ ᠶᠡᠬᠡ ᠬᠡᠮᠵᠢᠶᠡᠨ᠎ᠦ ᠠᠯᠤᠰ ᠬᠡᠮᠵᠢᠯᠲᠡ᠎ᠶᠢᠨ ᠳ᠋ᠠᠢᠲ᠋ᠠ᠎ᠶ᠋ᠢ ᠬᠤᠷᠠᠮᠳᠤᠭᠤᠯᠤᠭᠰᠠᠨ ᠰᠠᠭᠤᠷᠢᠨ ᠳᠡᠭᠡᠷ᠎ᠡ᠂ ᠬᠡᠮᠵᠢᠯᠲᠡ᠎ᠶᠢᠨ ᠰᠢᠰᠲᠧᠮ᠎ᠳᠦ 《ᠠᠯᠤᠰ ᠬᠡᠮᠵᠢᠯᠲᠡ᠎ᠶ᠋ᠢᠨ ᠱᠢᠰᠲ᠋ᠧᠮ᠎ᠢ ᠳᠦᠭᠦᠮᠴᠢᠯᠡᠬᠦ᠌》 ᠵᠢᠷᠤᠭ ᠲᠥᠯᠥᠪᠯᠡᠭᠡ ᠬᠢᠵᠦ᠂ ᠬᠡᠰᠡᠭ ᠢᠯᠡᠭᠦᠴᠡ ᠠᠯᠤᠰ ᠬᠡᠮᠵᠢᠯᠲᠡ᠎ᠶᠢᠨ ᠰᠡᠷᠡᠯ ᠳᠠᠮᠵᠢᠭᠤᠯᠤᠭᠤᠷ ᠪᠠ ᠬᠠᠮᠢᠶ᠎ᠠ ᠪᠦᠬᠦᠢ ᠬᠡᠮᠵᠢᠯᠲᠡ᠎ᠶᠢᠨ ᠴᠤᠭᠯᠠᠭᠤᠯᠬᠤ ᠰᠢᠰᠲᠧᠮ᠎ᠢ ᠬᠦᠴᠦᠨ ᠦᠭᠡᠢ ᠪᠣᠯᠭᠠᠵᠤ᠂ ᠬᠡᠮᠵᠢᠯᠲᠡ᠎ᠶᠢᠨ ᠰᠢᠰᠲᠧᠮ᠎ᠦᠨ ᠬᠦᠨᠳᠦᠴᠡ᠎ᠶᠢ ᠨᠢ ᠪᠠᠭᠤᠷᠠᠭᠤᠯᠬᠤ᠎ᠶᠢ ᠪᠡᠶᠡᠯᠡᠭᠦᠯᠪᠡ᠃ 《ᠬᠤᠳᠠᠯᠳᠤᠭᠠᠨ᠎ᠤ ᠲᠡᠢᠷᠦᠯᠲᠦ ᠰᠤᠮᠤ᠎ᠶ᠋ᠢᠨ ᠬᠠᠷᠪᠤᠯᠲᠠ᠎ᠶ᠋ᠢᠨ ᠥᠪᠡᠷ᠎ᠦᠨ ᠥᠷᠲᠡᠭ ᠪᠠ ᠠᠴᠢᠶᠠᠯᠠᠬᠤ ᠴᠢᠳᠠᠪᠤᠷᠢ ᠪᠣᠯ ᠵᠠᠬ᠎ᠠ ᠳᠡᠯᠭᠡᠭᠦᠷ᠎ᠦᠨ ᠠᠩᠬᠠᠷᠤᠯ᠎ᠢ ᠲᠠᠲᠠᠭᠰᠠᠭᠠᠷ ᠢᠷᠡᠭᠰᠡᠨ ᠬᠣᠶᠠᠷ ᠶᠡᠬᠡ ᠭᠣᠣᠯ ᠭᠦᠢᠴᠡᠳᠬᠡᠯ ᠲᠣᠭ᠎ᠠ ᠪᠣᠯᠣᠨ᠎ᠠ᠂ ᠳᠡᠭᠡᠷᠡᠬᠢ ᠬᠦᠨᠳᠦᠴᠡ᠎ᠶ᠋ᠢ ᠨᠢ ᠪᠠᠭᠤᠷᠠᠭᠤᠯᠬᠤ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠠᠴᠢᠶᠠᠯᠠᠬᠤ ᠴᠢᠳᠠᠪᠤᠷᠢ᠎ᠶ᠋ᠢ 100 ᠺᠢᠯᠣᠭ᠌ᠷᠠᠮ ᠰᠢᠬᠠᠮ ᠳᠡᠭᠡᠭ᠌ᠰᠢᠯᠡᠭᠦᠯᠵᠡᠢ᠂ ᠡᠭᠦᠨ᠎ᠢ ᠦᠨᠳᠦᠰᠦᠯᠡᠪᠡᠯ ᠤᠳᠠᠭ᠎ᠠ ᠪᠦᠷᠢ᠎ᠶ᠋ᠢᠨ ᠬᠠᠷᠪᠤᠯᠲᠠ᠎ᠳᠤ ᠠᠷᠪᠢᠯᠠᠬᠤ ᠥᠪᠡᠷ᠎ᠦᠨ ᠥᠷᠲᠡᠭ ᠨᠢ ᠠᠷᠠᠳ᠎ᠤᠨ ᠵᠣᠭᠣᠰ᠎ᠢᠶᠠᠷ ᠪᠣᠯ 500 ᠲᠦᠮᠡᠨ ᠲᠥᠭᠥᠷᠢᠭ᠎ᠢ ᠳᠠᠪᠠᠬᠤ ᠪᠣᠯᠣᠨ᠎ᠠ》 ᠭᠡᠵᠦ ᠬᠦᠴᠦᠲᠦ ᠰᠣᠮᠣ ᠨᠢᠭᠡᠳᠦᠭᠡᠷ᠎ᠤᠨ ᠶᠡᠷᠦᠩᠬᠡᠢ ᠵᠢᠷᠤᠭ᠍ᠯᠠᠨ ᠲᠦᠯᠦᠪᠯᠡᠭ᠌ᠴᠢ ᠱᠢ ᠰᠢᠶᠣᠣ ᠨᠢᠩ ᠢᠯᠡᠳᠬᠡᠪᠡ᠃ 

ᠣᠢᠯᠠᠭᠠᠭᠰᠠᠨ᠎ᠢᠶᠠᠷ᠂ ᠬᠦᠴᠦᠲᠦ ᠰᠤᠮᠤ ᠨᠢᠭᠡᠳᠦᠭᠡᠷ ᠠᠯᠤᠰ ᠰᠡᠷᠡᠯ᠎ᠦᠨ ᠠᠷᠪᠠᠳᠤᠭᠠᠷ ᠬᠥᠯᠭᠡ ᠲᠡᠢᠷᠦᠯᠲᠦ ᠰᠤᠮᠤ᠎ᠶ᠋ᠢᠨ ᠪᠡᠶ᠎ᠡ᠎ᠳᠦ ᠳᠤᠮᠳᠠᠳᠤ ᠤᠯᠤᠰ᠎ᠤᠨ ᠡᠮᠡᠭᠲᠡᠢᠴᠦᠳ᠎ᠦᠨ ᠰᠡᠳᠬᠦᠯ᠎ᠦᠨ 《ᠳᠤᠮᠳᠠᠳᠤ ᠤᠯᠤᠰ᠎ᠤᠨ ᠡᠮᠡᠭᠲᠡᠢᠴᠦᠳ》 ᠭᠡᠰᠡᠨ ᠨᠡᠷ᠎ᠡ᠎ᠶᠢ ᠳᠦᠷᠭᠢᠵᠦ ᠱᠢᠷᠳᠡᠨ ᠴᠢᠮᠡᠭᠯᠡᠵᠡᠢ ᠃ 2025 ᠣᠨ᠎ᠤ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ᠎ᠢᠶᠡᠷ᠂ ᠬᠦᠴᠦᠲᠦ ᠰᠤᠮᠤ ᠨᠢᠭᠡᠳᠦᠭᠡᠷ᠎ᠢ ᠬᠠᠷᠪᠤᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠠᠬᠢᠭᠤᠯᠬᠤ᠂ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠴᠠᠭ ᠦᠶ᠎ᠡ᠎ᠶᠢᠨ ᠬᠦᠴᠦᠲᠦ ᠳᠠᠭᠤᠨ᠎ᠢ ᠳᠡᠯᠡᠬᠡᠢ ᠳᠠᠬᠢᠨ᠎ᠳᠤ ᠳᠠᠮᠵᠢᠭᠤᠯᠪᠠ᠃ 

ᠣᠢᠯᠠᠭᠠᠭᠰᠠᠨ᠎ᠢᠶᠠᠷ᠂ ᠵᠦᠩ ᠺᠧ ᠰᠠᠨᠰᠠᠷ ᠠᠶᠠᠯᠠᠯ᠎ᠤᠨ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠤᠮᠫᠠᠨᠢ ᠪᠣᠯ ᠤᠯᠤᠰ᠎ᠤᠨ ᠳᠣᠲᠣᠭᠠᠳᠤ᠎ᠳᠠᠬᠢ ᠴᠤᠷᠢ᠎ᠶ᠋ᠢᠨ ᠭᠠᠭᠴᠠ ᠣᠯᠠᠨ ᠤᠳᠠᠭ᠎ᠠ ᠭᠠᠳᠠᠭᠠᠳᠤ ᠭᠠᠷᠠᠭ᠎ᠲᠤ ᠠᠴᠢᠶᠠᠯᠠᠨ ᠬᠠᠷᠪᠤᠬᠤ ᠶᠠᠪᠤᠳᠠᠯ᠎ᠢ ᠪᠡᠶᠡᠯᠡᠭᠦᠯᠦᠭᠰᠡᠨ ᠠᠷᠠᠳ᠎ᠠᠴᠠ ᠡᠵᠡᠩᠨᠡᠭ᠌ᠰᠡᠨ ᠬᠤᠳᠠᠯᠳᠤᠭᠠᠨ᠎ᠤ ᠲᠡᠢᠷᠦᠯᠲᠦ ᠰᠤᠮᠤ᠎ᠶᠢᠨ ᠺᠣᠮᠫᠠᠨᠢ ᠪᠣᠯᠣᠨ᠎ᠠ᠂ ᠬᠠᠷᠪᠤᠯᠲᠠ᠎ᠶᠢᠨ ᠦᠢᠯᠡᠴᠢᠯᠡᠭᠡᠨ᠎ᠦ ᠲᠤᠬᠠᠢᠯᠠᠭ᠍ᠰᠠᠨ ᠠᠵᠢᠯ ᠨᠢ ᠠᠽᠢᠶ᠎ᠠ ᠲᠢᠪ᠂ ᠡᠸᠦ᠋ᠷᠦᠫᠡ ᠲᠢᠪ᠂ ᠤᠮᠠᠷᠠᠲᠤ ᠠᠮᠧᠷᠢᠺᠠ᠂ ᠳᠤᠮᠳᠠᠳᠤ ᠳᠣᠷᠣᠨᠠᠲᠤ ᠵᠡᠷᠭᠡ ᠣᠷᠣᠨ ᠪᠦᠰᠡ᠎ᠶᠢ ᠬᠠᠮᠤᠷᠤᠭᠰᠠᠨ ᠪᠠᠢᠨ᠎ᠠ᠃ ᠡᠨᠡ ᠬᠦ᠌ ᠤᠳᠠᠭᠠᠨ᠎ᠤ ᠡᠭᠦᠷᠭᠡ ᠪᠣᠯ ᠬᠦᠴᠦᠲᠦ ᠰᠤᠮᠤ ᠨᠢᠭᠡᠳᠦᠭᠡᠷ ᠬᠥᠯᠭᠡ ᠲᠡᠢᠷᠦᠯᠲᠦ ᠰᠤᠮᠤ᠎ᠶ᠋ᠢᠨ ᠨᠠᠢ᠍ᠮᠠᠳᠠᠭᠢ ᠤᠳᠠᠭᠠᠨ᠎ᠤ ᠨᠢᠰᠦᠯᠲᠡ ᠪᠣᠯᠣᠨ᠎ᠠ᠃ ᠬᠦᠴᠦᠲᠦ ᠰᠤᠮᠤ ᠨᠢᠭᠡᠳᠦᠭᠡᠷ ᠨᠢ ᠳᠤᠮᠳᠠ ᠪᠠᠭ᠎ᠠ ᠬᠡᠯᠪᠡᠷᠢ᠎ᠶᠢᠨ ᠳᠠᠭᠠᠭᠤᠯᠢ ᠤᠳᠤ᠎ᠶᠢ ᠬᠠᠷᠪᠤᠬᠤ᠎ᠳᠤ ᠬᠠᠮᠤᠭ᠎ᠤᠨ ᠲᠡᠷᠢᠭᠦᠨ ᠰᠤᠩᠭᠤᠯᠲᠠ᠎ᠶ᠋ᠢᠨ ᠲᠡᠢᠷᠦᠯᠲᠦ ᠰᠤᠮᠤ ᠪᠣᠯᠤᠭᠰᠠᠨ᠎ᠤ ᠬᠤᠪᠢ᠎ᠳᠤ᠂ ᠠᠷᠠᠳ᠎ᠠᠴᠠ ᠡᠵᠡᠩᠨᠡᠭ᠌ᠰᠡᠨ ᠬᠤᠳᠠᠯᠳᠤᠭᠠᠨ᠎ᠤ ᠲᠡᠢᠷᠦᠯᠲᠦ ᠰᠤᠮᠤ ᠬᠠᠷᠪᠤᠬᠤ ᠦᠢᠯᠡᠴᠢᠯᠡᠭᠡᠨ᠎ᠦ ᠵᠠᠬ᠎ᠠ ᠳᠡᠯᠭᠡᠭᠦᠷ᠎ᠲᠠᠬᠢ ᠡᠵᠡᠯᠡᠬᠦ ᠨᠤᠷᠮ᠎ᠠ ᠨᠢ ᠨᠢᠭᠡᠳᠦᠭᠡᠷ᠎ᠲᠦ ᠪᠠᠢᠷᠢᠯᠠᠵᠤ᠂ ᠨᠢᠭᠡᠨᠲᠡ 70 ᠳᠠᠭᠠᠭᠤᠯᠢ ᠤᠳᠤ᠎ᠶᠢ ᠣᠨᠣᠴᠠᠲᠠᠢ᠎ᠪᠠᠷ ᠵᠢᠱ᠌ᠢᠭᠰᠡᠨ ᠲᠣᠭᠣᠷᠢᠯᠲᠠ᠎ᠶ᠋ᠢᠨ ᠵᠠᠮ᠎ᠳᠤ ᠣᠷᠣᠭᠤᠯᠵᠤ᠂ ᠲᠣᠭᠤᠷᠢᠯᠲᠠ᠎ᠶ᠋ᠢᠨ ᠵᠠᠮ᠎ᠳᠤ ᠣᠷᠣᠬᠤ ᠠᠴᠢᠶᠠᠯᠠᠪᠤᠷᠢ᠎ᠶ᠋ᠢᠨ ᠶᠡᠷᠦᠩᠬᠡᠢ ᠮᠠᠰ ᠨᠢ 7 ᠲᠣᠨ᠎ᠢ ᠳᠠᠪᠠᠵᠤ᠂ ᠳᠠᠷᠠᠭᠠᠴᠢ᠎ᠪᠠᠷ ᠨᠢᠭᠡ ᠤᠳᠠᠭ᠎ᠠ᠎ᠳᠤ 50 ᠤᠳᠤ᠎ᠶᠢ ᠬᠠᠷᠪᠤᠬᠤ ᠬᠡᠷᠡᠭᠯᠡᠭᠡᠨ᠎ᠦ ᠬᠠᠷᠪᠤᠯᠲᠠ᠎ᠶᠢᠨ ᠴᠢᠳᠠᠪᠤᠷᠢ᠎ᠶᠢ ᠪᠦᠷᠢᠯᠳᠦᠭᠦᠯᠬᠦ ᠪᠣᠯᠣᠨ᠎ᠠ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map