ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠡᠷᠡᠬᠦᠯ ᠡᠩᠭᠡ᠎ᠶᠢ ᠬᠦᠰᠡᠭᠰᠡᠨ ᠡᠮ ᠡᠮᠨᠡᠯᠭᠡ᠎ᠶᠢᠨ ᠬᠠᠮᠲᠣᠷᠠᠯᠴᠠᠭ᠎ᠠ — ᠲᠠᠪᠤᠳᠤᠭᠠᠷ ᠬᠤᠭᠤᠴᠠᠭᠠᠨ᠎ᠦ ᠲᠤᠮᠳᠠᠳᠤ ᠮᠤᠨᠭᠭᠤᠯ᠎ᠤᠨ ᠦᠵᠡᠰᠬᠦᠯᠡᠨᠭ᠌᠎ᠤᠨ ᠴᠤᠭᠯᠠᠭᠠᠨ᠎ᠳᠤ ᠵᠤᠷᠢᠭᠤᠯᠤᠭᠰᠠᠨ ᠤᠨᠴᠠ ᠮᠡᠳᠡᠬᠡᠯᠡᠯ⑤
ᠨᠡᠶ᠋ᠢᠲᠡᠯᠡᠭᠰᠡᠨ ᠴᠠᠭ᠄ 2025-08-20

6 ᠰᠠᠷ᠎ᠠ᠎ᠶᠢᠨ 20 ᠎ᠦ ᠡᠳᠦᠷ᠂ ᠮᠣᠩᠭᠣᠯ ᠤᠯᠤᠰ᠎ᠤᠨ ᠴᠠᠭᠠᠨ ᠬᠠᠷᠠᠩ ᠲᠠᠢ 121 ᠡᠪᠡᠳᠴᠢᠲᠡᠨ ᠡᠷᠢᠶᠡᠨ ᠬᠢᠯᠢ᠎ᠶᠢᠨ ᠪᠣᠭᠣᠮᠲᠠ᠎ᠪᠠᠷ ᠦᠪᠤᠷ ᠮᠤᠩᠭᠤᠯ᠎ᠳᠤ ᠢᠷᠡᠵᠤ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠳᠠᠨ᠎ᠤ ᠨᠠᠶ᠋ᠢᠭᠡᠮᠯᠢᠭ ᠪᠣᠯᠤᠨ ᠡᠷᠢᠶᠡᠨ ᠬᠣᠲᠠ᠎ᠶᠢᠨ ᠤᠯᠠᠭᠠᠨ ᠵᠠᠭᠠᠯᠮᠠᠢᠳᠠᠨ᠎ᠦ ᠨᠠᠶ᠋ᠢᠭᠡᠮᠯᠢᠭ᠎ᠡᠴᠡ ᠡᠮ ᠡᠮᠨᠡᠯᠭᠡ᠎ᠶᠢᠨ ᠪᠠᠶ᠋ᠢᠭᠤᠯᠥᠮᠵᠢ ᠯᠤᠭ᠎ᠠ ᠬᠠᠮᠵᠢᠯᠴᠠᠵᠤ ᠪᠠᠢᠭᠠᠳ ᠲᠡᠳᠡᠨ᠎ᠳᠦ ᠬᠠᠷᠠᠭ᠎ᠠ ᠤᠷᠤᠭᠤᠯᠬᠤ ᠮᠡᠰᠡ ᠵᠠᠰᠠᠯ ᠬᠢᠵᠤ ᠦᠭᠬᠦᠭᠰᠡᠨ ᠶᠤᠮ᠃ ᠮᠠᠨ᠎ᠤ ᠤᠷᠤᠨ 《ᠨᠢᠭᠡ ᠪᠦᠰᠡ ᠨᠢᠭᠡ ᠵᠠᠮ·ᠬᠡᠷᠡᠯ ᠬᠡᠭᠡ᠎ᠶᠢᠨ ᠠᠶᠠᠯᠠᠯ》᠎ᠢᠶᠡᠷ ᠲᠠᠮᠵᠢᠨ ᠤᠳᠤᠬᠠᠨ ᠪᠤᠯᠳᠠᠯ᠎ᠠ ᠨᠢᠬᠡᠨᠳᠡ ᠮᠣᠩᠭᠣᠯ ᠤᠯᠤᠰ᠎ᠦᠨ ᠬᠠᠷᠠᠭᠠᠨ᠎ᠦ ᠭᠡᠮ ᠲᠠᠢ 3500 ᠭᠠᠷᠤᠢ ᠡᠪᠡᠳᠴᠢᠲᠡᠨ᠎ᠢ ᠰᠢᠭᠰᠢᠨ ᠪᠠᠢᠴᠠᠭᠠᠵᠤ ᠭᠠᠷᠭᠠᠨ᠂ 600 ᠭᠠᠷᠤᠢ ᠡᠪᠡᠳᠴᠢᠲᠡᠨ᠎ᠳᠦ ᠮᠠᠰᠠ ᠵᠠᠰᠠᠯ ᠬᠢᠵᠤ ᠳᠠᠬᠢᠨ ᠬᠠᠷᠠᠭ᠎ᠠ ᠤᠷᠤᠭᠤᠯᠪᠠ᠃

ᠬᠠᠢᠷ᠎ᠠ᠎ᠳᠤ ᠬᠢᠵᠠᠭᠠᠷ ᠦᠭᠡᠢ ᠶᠤᠮ᠃ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠳᠠᠨ᠎ᠤ ᠨᠡᠢᠭᠡᠮᠯᠢᠭ ᠪᠣᠯᠤᠨ ᠮᠣᠩᠭᠣᠯ ᠤᠯᠤᠰ᠎ᠤᠨ ᠤᠯᠠᠭᠠᠨ ᠵᠠᠭᠠᠯᠮᠠᠢᠳᠠᠨ᠎ᠤ ᠨᠡᠢᠭᠡᠮᠯᠢᠭ᠂ ᠴᠤᠤ ᠵᠢᠦᠢ (ᠥᠪᠥᠷ ᠮᠣᠩᠭᠣᠯ)ᠨᠢᠳᠦᠨ ᠡᠮᠨᠡᠯᠭᠡ᠎ᠶᠢᠨ ᠬᠣᠷᠢᠶ᠎ᠠ᠎ᠶᠢᠨ ᠬᠢᠵᠠᠭᠠᠷᠲᠤ ᠺᠣᠮᠫᠠᠨᠢ᠂ ᠮᠣᠩᠭᠣᠯ ᠤᠯᠤᠰ᠎ᠤᠨ ᠬᠣᠶᠠᠳᠤᠭᠠᠷ ᠲᠦᠪ ᠡᠮᠨᠡᠯᠭᠡ᠎ᠶᠢᠨ ᠬᠤᠷᠢᠶ᠎ᠠ ᠬᠠᠮᠳᠤ᠎ᠪᠠᠷ《ᠳᠤᠮᠳᠠᠲᠤ ᠮᠣᠩᠭᠣᠯ᠎ᠤᠨ 〈ᠨᠢᠭᠡ ᠪᠦᠰᠡ ᠨᠢᠭᠡ ᠵᠠᠮ·ᠭᠡᠷᠡᠯ ᠭᠡᠭᠡ᠎ᠶᠢᠨ ᠠᠶᠠᠯᠠᠯ〉 ᠴᠠᠭᠠᠨ ᠬᠠᠷᠠᠩ ᠡᠪᠡᠳᠴᠢᠳᠡᠨ᠎ᠳᠦ ᠬᠠᠷᠠᠭ᠎ᠠ ᠤᠷᠤᠭᠤᠯᠬᠤ ᠮᠡᠰᠡ ᠵᠠᠰᠠᠯ᠎ᠤᠨ ᠠᠵᠢᠯᠯᠠᠭᠠᠨ᠎ᠤ ᠳᠥᠷᠪᠡᠨ ᠲᠠᠯ᠎ᠠ᠎ᠶᠢᠨ ᠵᠥᠪᠯᠡᠯᠴᠡᠬᠡᠷ》᠎ᠲᠤ ᠳᠠᠬᠢᠨᠲᠠ ᠭᠠᠷ᠎ᠤᠨ ᠦᠰᠦᠭ ᠵᠢᠷᠤᠪᠠ᠃ ᠵᠥᠪᠯᠡᠯᠴᠡᠬᠡᠷ᠎ᠤᠨ ᠲᠣᠬᠢᠷᠠᠭᠤᠯᠤᠯᠲᠠ ᠶᠤᠰᠤᠭᠠᠷ ᠦᠪᠦᠷ ᠮᠤᠩᠭᠤᠯ᠎ᠤᠨ ᠡᠮᠴᠢᠯᠡᠭᠡᠨ᠎ᠤ ᠠᠩᠭᠢ 5 ᠰᠠᠷ᠎ᠠ᠎ᠶᠢᠨ 20-24 ᠎ᠦ ᠡᠳᠦᠷ ᠪᠣᠯᠲᠠᠯ᠎ᠠ ᠮᠣᠩᠭᠣᠯ ᠤᠯᠤᠰ᠎ᠲᠤ ᠬᠦᠷᠴᠦ ᠪᠠᠢᠴᠠᠭᠠᠯᠲᠠ᠎ᠶᠢᠨ ᠠᠵᠢᠯ ᠥᠷᠨᠢᠭᠦᠯᠵᠦ᠂ 414 ᠡᠪᠡᠳᠴᠢᠲᠡᠨ᠎ᠢ ᠰᠢᠭᠰᠢᠨ ᠭᠠᠷᠭᠠᠪᠡ᠃ 6 ᠰᠠᠷ᠎ᠠ᠎ᠶᠢᠨ 20 ᠎ᠦ ᠡᠳᠤᠷ ᠡᠷᠢᠶᠠᠨ ᠬᠢᠯᠢ᠎ᠶᠢᠨ ᠪᠤᠭᠤᠮᠳᠠ᠎ᠪᠠᠷ ᠤᠷᠤᠵᠤ ᠢᠷᠡᠭᠰᠡᠨ ᠴᠠᠭᠠᠨ ᠬᠠᠷᠠᠩ ᠲᠠᠢ 121 ᠡᠪᠡᠳᠴᠢᠳᠡᠨ ᠪᠤᠯ ᠳᠠᠷᠤᠢ ᠡᠨᠡ ᠬᠦ᠌ 414 ᠡᠪᠡᠳᠴᠢᠲᠡᠨ᠎ᠤ ᠳᠣᠲᠣᠷᠠᠬᠢ ᠨᠢᠬᠡ ᠪᠦᠯᠦᠭ ᠨᠢ ᠪᠤᠯᠤᠨ᠎ᠠ᠃

ᠮᠣᠩᠭᠣᠯ ᠤᠯᠤᠰ᠎ᠤᠨ ᠡᠪᠡᠳᠴᠢᠲᠡᠨ ᠦᠪᠦᠷ ᠮᠤᠩᠭᠤᠯ᠎ᠳᠤ ᠢᠷᠡᠵᠤ ᠡᠪᠡᠳᠴᠢᠨ᠎ᠢᠶᠠᠨ ᠤᠨᠤᠰᠢᠯᠠᠨ ᠡᠮᠨᠡᠭᠦᠯᠵᠤ᠂ ᠦᠪᠦᠷ ᠮᠤᠩᠭᠤᠯ᠎ᠤᠨ ᠡᠮᠴᠢᠯᠡᠭᠡᠨ᠎ᠤ ᠠᠩᠬᠢ ᠮᠣᠩᠭᠣᠯ ᠤᠯᠤᠰ᠎ᠲᠤ ᠬᠦᠷᠴᠦ ᠠᠯᠪᠠᠨ ᠵᠢᠷᠤᠮ᠎ᠤᠨ ᠡᠮᠴᠢᠯᠡᠭᠡ ᠬᠢᠵᠦ᠂ ᠦᠪᠦᠷ ᠮᠤᠩᠭᠤᠯ ᠬᠢᠭᠡᠳ ᠮᠣᠩᠭᠣᠯ ᠤᠯᠤᠰ ᠬᠤᠶᠠᠷ ᠳᠠᠯ᠎ᠠ᠎ᠪᠠᠷ᠎ᠢᠶᠠᠨ ᠬᠠᠮᠲᠤᠷᠠᠨ ᠡᠮᠴᠢᠯᠡᠭᠡᠨ᠎ᠤ ᠡᠷᠳᠡᠮ ᠰᠢᠨᠵᠢᠯᠡᠭᠡᠨ᠎ᠤ ᠠᠵᠢᠯᠯᠠᠭ᠎ᠠ ᠦᠷᠨᠢᠭᠦᠯᠦᠨ᠎ᠠ ᠁ 《ᠨᠢᠭᠡ ᠪᠦᠰᠡ ᠨᠢᠭᠡ ᠵᠠᠮ》᠎ᠤᠨ ᠰᠠᠨᠠᠭᠠᠴᠢᠯᠠᠭ᠎ᠠ ᠳᠣᠣᠷ᠎ᠠ ᠳᠤᠮᠳᠠᠳᠤ ᠮᠣᠩᠭᠣᠯ ᠬᠣᠶᠠᠷ ᠤᠯᠤᠰ᠎ᠤᠨ ᠡᠯ᠎ᠡ ᠬᠦᠷᠢᠶ᠎ᠡ ᠴᠠᠷᠠᠭ᠎ᠠ᠎ᠶᠢᠨ ᠬᠠᠮᠲᠤᠷᠠᠯᠴᠠᠭ᠎ᠠ ᠤᠯᠠᠮ ᠨᠢᠭᠳᠠᠷᠠᠪᠠ᠃ ᠡᠭᠦᠨ᠎ᠳᠦ ᠡᠮ ᠡᠮᠨᠡᠯᠬᠡ᠎ᠶᠢᠨ ᠬᠠᠮᠲᠤᠷᠠᠯᠴᠠᠭ᠎ᠠ ᠨᠢ ᠠᠷᠠᠳ᠎ᠤᠨ ᠰᠡᠳᠬᠢᠯ᠎ᠢ ᠬᠤᠯᠪᠤᠬᠤ ᠨᠥᠬᠥᠷᠯᠡᠯ᠎ᠤᠨ ᠬᠥᠭᠥᠷᠭᠡ ᠪᠤᠯᠤᠭᠰᠠᠨ ᠶᠤᠮ᠃

《ᠮᠠᠨ᠎ᠤ ᠡᠮᠨᠡᠯᠭᠡ᠎ᠶᠢᠨ ᠬᠤᠷᠢᠶ᠎ᠠ᠎ᠶᠢᠨ 75%᠎ᠶᠢᠨ ᠡᠮᠴᠢ ᠰᠤᠪᠢᠯᠠᠭᠴᠢ ᠪᠦᠷ ᠮᠣᠩᠭᠣᠯ ᠬᠢᠲᠠᠳ ᠬᠣᠶᠠᠷ ᠬᠡᠯᠡᠨ᠎ᠳᠦ ᠨᠡᠪᠲᠡᠷᠡᠳᠡᠭ ᠪᠣᠯᠬᠣᠷ ᠮᠣᠩᠭᠣᠯ ᠤᠯᠤᠰ᠎ᠤᠨ ᠡᠪᠡᠳᠴᠢᠲᠡᠳ ᠲᠠᠢ ᠪᠤᠳᠤᠯ ᠰᠠᠨᠠᠯ᠎ᠢᠶᠠᠨ ᠰᠢᠭᠤᠳ ᠰᠤᠯᠢᠯᠴᠠᠵᠤ ᠴᠢᠳᠠᠨ᠎ᠠ》 ᠬᠡᠵᠤ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶ᠎ᠠ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠪᠠᠳᠤᠵᠢᠨ ᠳᠠᠨᠢᠯᠴᠠᠭᠤᠯᠤᠨ᠎ᠠ᠃ ᠳᠤᠰ ᠡᠮᠨᠡᠯᠭᠡ᠎ᠶᠢᠨ ᠬᠣᠷᠢᠶ᠎ᠠ᠎ᠳᠤ ᠪᠠᠰᠠ ᠮᠣᠩᠭᠣᠯ ᠤᠯᠤᠰ᠎ᠤᠨ ᠡᠪᠡᠳᠴᠢᠲᠡᠨ᠎ᠤ ᠠᠰᠠᠭᠤᠨ ᠯᠠᠪᠯᠠᠬᠤ ᠤᠲᠠᠰᠤ᠂ ᠡᠭᠦᠳᠡᠨ ᠡᠮᠨᠡᠯᠭᠡ᠎ᠶᠢᠨ ᠠᠰᠠᠭᠤᠨ ᠯᠠᠪᠯᠠᠬᠤ ᠲᠠᠪᠴᠠᠩ᠂ ᠮᠣᠩᠭᠣᠯ ᠬᠡᠯᠡᠨ᠎ᠦ ᠨᠡᠭᠦᠳᠡᠯ ᠦᠢᠯᠡᠴᠢᠯᠡᠭᠡᠨ᠎ᠤ ᠴᠤᠩᠬᠤᠪᠴᠢ ᠵᠡᠷᠭᠡ᠎ᠶᠢ ᠳᠣᠬᠢᠷᠠᠭᠤᠯᠵᠤ᠂ ᠮᠣᠩᠭᠣᠯ ᠤᠯᠤᠰ᠎ᠤᠨ ᠡᠪᠡᠳᠴᠢᠲᠡᠨ᠎ᠳᠤ ᠳᠥᠭᠥᠮ ᠲᠦᠳᠡ ᠦᠢᠯᠡᠴᠢᠯᠡᠭᠡ ᠬᠠᠩᠭᠠᠬᠤ᠎ᠶᠢᠨ ᠬᠠᠮᠳᠤ ᠪᠠᠰᠠ ᠣᠳᠣ ᠦᠶ᠎ᠡ᠎ᠶᠢᠨ ᠠᠨᠠᠭᠠᠬᠤ ᠤᠬᠠᠭᠠᠨ᠎ᠦ ᠮᠡᠷᠭᠡᠵᠢᠯ ᠪᠣᠯᠤᠨ ᠬᠢᠲᠠᠳ ᠮᠣᠩᠭᠣᠯ ᠡᠮ ᠡᠮᠨᠡᠯᠭᠡ᠎ᠶᠢᠨ ᠦᠪᠡᠷᠮᠢᠴᠡ ᠤᠨᠴᠠᠯᠢᠭ ᠲᠠᠢ ᠡᠷᠡᠭᠦᠯᠵᠢᠯ ᠵᠠᠰᠠᠯᠭ᠎ᠠ᠎ᠶᠢ ᠤᠶᠠᠯᠳᠤᠭᠤᠯᠵᠤ᠂ ᠮᠣᠩᠭᠣᠯ ᠤᠯᠤᠰ᠎ᠤᠨ ᠡᠪᠡᠳᠴᠢᠲᠡᠨ᠎ᠳᠤ 《ᠳᠤᠮᠳᠠᠳᠤ ᠤᠯᠤᠰ᠎ᠤᠨ ᠮᠡᠷᠭᠡᠵᠢᠯ + ᠬᠢᠲᠠᠳ ᠡᠮᠨᠡᠯᠭᠡ᠎ᠶᠢᠨ ᠦᠢᠯᠡᠴᠢᠯᠡᠭᠡ》 ᠬᠠᠩᠭᠠᠵᠤ ᠪᠤᠢ᠃ ᠤᠢᠷ᠎ᠠ᠎ᠶᠢᠨ ᠵᠢᠯ᠎ᠳᠦ ᠲᠣᠰ ᠡᠮᠨᠡᠯᠭᠡ᠎ᠶᠢᠨ ᠬᠤᠷᠢᠶ᠎ᠠ᠎ᠳᠦ ᠢᠷᠡᠭᠰᠡᠨ ᠭᠠᠳᠠᠭᠠᠳᠤ᠎ᠶᠢᠨ ᠡᠪᠡᠳᠴᠢᠳᠡᠨ ᠤᠯᠠᠮ᠎ᠡᠴᠡ ᠤᠯᠠᠮ ᠨᠡᠮᠡᠭᠳᠡᠵᠦ᠂ 2024 ᠣᠨ᠎ᠳᠦ ᠬᠦᠯᠢᠶᠡᠨ ᠠᠪᠤᠭᠰᠠᠨ ᠭᠠᠳᠠᠭᠠᠳᠤ᠎ᠶᠢᠨ ᠡᠪᠡᠳᠴᠢᠲᠡᠨ 2.4 ᠲᠦᠮᠡ᠎ᠶᠢ ᠳᠠᠪᠠᠨ᠂ ᠣᠯᠠᠩᠬᠢ ᠨᠢ ᠮᠣᠩᠭᠣᠯ ᠤᠯᠤᠰ᠎ᠡᠴᠡ ᠢᠷᠡᠵᠡᠢ᠃ ᠡᠨᠡ ᠵᠢᠯ᠎ᠤᠨ ᠲᠦᠷᠦᠬᠦᠤ ᠬᠣᠶᠠᠷ ᠰᠠᠷ᠎ᠠ᠎ᠳᠤ ᠬᠦᠯᠢᠶᠡᠨ ᠠᠪᠴᠤ ᠡᠮᠨᠡᠨ ᠵᠠᠰᠠᠭᠰᠠᠨ ᠭᠠᠳᠠᠭᠠᠳᠤ᠎ᠶᠢᠨ ᠡᠪᠡᠳᠴᠢᠲᠡᠨ ᠨᠢ ᠨᠢᠭᠡᠨᠲᠡ 2023 ᠣᠨ᠎ᠦ ᠪᠦᠬᠦ ᠵᠢᠯ᠎ᠤᠨ ᠬᠦᠯᠢᠶᠡᠨ ᠠᠪᠴᠤ ᠡᠮᠨᠡᠨ ᠵᠠᠰᠠᠭᠰᠠᠨ ᠭᠠᠳᠠᠭᠠᠳᠤ᠎ᠶᠢᠨ ᠡᠪᠡᠳᠴᠢᠲᠡᠨ᠎ᠦ ᠬᠡᠮᠵᠢᠶ᠎ᠡ ᠲᠡᠢ ᠣᠢᠷᠠᠲᠤᠪᠠ᠃

ᠦᠪᠦᠷ ᠮᠤᠩᠭᠤᠯ᠎ᠤᠨ ᠲᠡᠷᠢᠭᠦᠨ᠎ᠤ ᠡᠮᠴᠢᠯᠡᠭᠡᠨ᠎ᠤ ᠠᠷᠭ᠎ᠠ ᠪᠠᠷᠢᠯ᠂ ᠳᠥᠭᠥᠮ ᠲᠦᠳᠡ ᠡᠮᠴᠢᠯᠡᠭᠡᠨ᠎ᠤ ᠦᠢᠯᠡᠴᠢᠯᠡᠭᠡ ᠨᠢ ᠮᠣᠩᠭᠣᠯ ᠤᠯᠤᠰ᠎ᠤᠨ ᠡᠪᠡᠳᠴᠢᠲᠡᠨ᠎ᠳᠤ ᠶᠡᠬᠡ᠎ᠪᠠᠷ ᠲᠤᠭᠤᠭᠳᠠᠵᠤ ᠪᠤᠢ᠃ 《ᠡᠢᠮᠦ ᠰᠠᠢᠬᠠᠨ ᠡᠳᠡᠭᠡᠷᠡᠴᠢᠬᠡᠨ᠎ᠡ ᠭᠡᠵᠦ ᠶᠡᠷᠦ ᠪᠣᠳᠣᠵᠤ ᠣᠯᠤᠭᠰᠠᠨ ᠦᠭᠡᠢ᠂ ᠣᠳᠣ ᠪᠦᠷ ᠥᠪᠡᠷ᠎ᠢᠶᠠᠨ ᠠᠯᠬᠤᠵᠤ ᠴᠢᠳᠠᠬᠤ ᠪᠤᠯᠤᠭᠰᠨᠨ ᠰᠢᠤ!》 ᠭᠡᠵᠤ ᠡᠷᠢᠶᠡᠨ ᠬᠣᠲᠠ᠎ᠶᠢᠨ ᠮᠣᠩᠭᠣᠯ ᠬᠢᠲᠠᠳ ᠡᠮᠨᠡᠯᠭᠡ᠎ᠶᠢᠨ ᠬᠣᠷᠢᠶ᠎ᠠ᠎ᠳᠦ ᠳᠠᠬᠢᠨᠲᠠ ᠢᠷᠡᠵᠤ ᠵᠡᠭᠦᠦ ᠲᠥᠭᠡᠨᠡᠯᠭᠡ᠎ᠶᠢᠨ ᠵᠠᠰᠠᠯ ᠬᠢᠵᠤ ᠡᠮᠨᠡᠭᠦᠯᠦᠭᠰᠡᠨ ᠮᠣᠩᠭᠣᠯ ᠤᠯᠤᠰ᠎ᠤᠨ ᠡᠪᠡᠳᠴᠢᠲᠡᠨ ᠪᠠᠭᠠᠲᠤᠷ ᠬᠦᠭᠰᠡᠨ ᠶᠠᠷᠢᠨ᠎ᠠ᠃

ᠡᠷᠢᠶᠠᠨ ᠬᠤᠳᠠ ᠳᠤᠮᠳᠠᠳᠤ ᠮᠣᠩᠭᠣᠯ᠎ᠤᠨ ᠬᠠᠮᠤᠭ᠎ᠤᠨ ᠶᠡᠬᠡ ᠡᠬᠡ ᠭᠠᠵᠠᠷ᠎ᠤᠨ ᠬᠢᠯᠢ᠎ᠶᠢᠨ ᠪᠣᠭᠣᠮᠲᠠ ᠲᠠᠢ ᠪᠠᠢᠬᠤ ᠳᠠᠪᠠᠭᠤᠯᠢᠭ᠎ᠢᠶᠡᠨ ᠪᠠᠳᠠᠷᠠᠭᠤᠯᠤᠨ ᠮᠣᠩᠭᠣᠯ ᠤᠯᠤᠰ᠎ᠤᠨ ᠡᠪᠡᠳᠴᠢᠲᠡᠨ᠎ᠢ ᠰᠢᠯᠵᠢᠭᠦᠯᠦᠨ ᠠᠪᠴᠢᠷᠠᠵᠤ ᠡᠮᠨᠡᠭᠦ ᠪᠠ ᠲᠦᠷᠭᠡᠨ ᠠᠪᠤᠷᠠᠬᠤ ᠰᠠᠭᠠᠳ ᠦᠭᠡᠢ ᠵᠠᠮ᠎ᠢ ᠨᠡᠭᠡᠭᠡᠵᠦ᠂ ᠤᠯᠠᠨ ᠡᠰᠢᠴᠢᠯᠡᠭᠰᠡᠨ ᠴᠢᠨᠠᠷ ᠰᠠᠢᠳᠠᠢ ᠡᠮᠴᠢᠯᠡᠭᠡᠨ᠎ᠤ ᠦᠢᠯᠡᠴᠢᠯᠡᠭᠡ᠎ᠶᠢ ᠮᠤᠩᠭᠤᠯ ᠤᠯᠤᠰ᠎ᠤᠨ ᠤᠯᠠᠨ ᠡᠪᠡᠳᠴᠢᠳᠡᠨ᠎ᠳᠤ ᠬᠦᠷᠳᠡᠬᠡᠪᠡ᠃ 2024 ᠣᠨ᠎ᠳᠤ ᠡᠷᠢᠶᠡᠨ ᠬᠣᠲᠠ᠎ᠶᠢᠨ ᠮᠣᠩᠭᠣᠯ ᠬᠢᠲᠠᠳ ᠡᠮᠨᠡᠯᠭᠡ᠎ᠶᠢᠨ ᠬᠣᠷᠢᠶ᠎ᠠ᠎ᠶᠢᠨ ᠬᠦᠯᠢᠶᠡᠨ ᠠᠪᠤᠭᠰᠠᠨ ᠮᠣᠩᠭᠣᠯ ᠤᠯᠤᠰ᠎ᠤᠨ ᠡᠪᠡᠳᠴᠢᠲᠡᠨ 2.9 ᠲᠦᠮᠡᠨ ᠬᠦᠮᠦᠨ ᠤᠳᠠᠭ᠎ᠠ᠎ᠶᠢ ᠳᠠᠪᠠᠵᠠᠢ᠃

ᠮᠠᠨ᠎ᠤ ᠤᠷᠤᠨ ᠮᠣᠩᠭᠣᠯ ᠤᠯᠤᠰ᠎ᠤᠨ ᠡᠪᠡᠳᠴᠢᠲᠡᠨ᠎ᠤ ᠦᠪᠦᠷ ᠮᠤᠩᠭᠤᠯ᠎ᠳᠤ ᠢᠷᠡᠵᠦ ᠡᠪᠡᠳᠴᠢᠨ᠎ᠢᠶᠡᠨ ᠦᠵᠡᠭᠦᠯᠬᠦ᠎ᠳᠤ ᠳᠥᠭᠥᠮ ᠬᠠᠩᠭᠠᠭᠰᠠᠨ᠎ᠢᠶᠡᠷ ᠪᠠᠷᠠᠬᠤ ᠦᠭᠡᠢ ᠪᠠᠰᠠ ᠮᠤᠩᠭᠤᠯ ᠡᠮᠴᠢ ᠨᠠᠷ᠎ᠢ ᠮᠣᠩᠭᠣᠯ ᠤᠯᠤᠰ᠎ᠤᠨ ᠡᠮᠨᠡᠯᠭᠡ᠎ᠶᠢᠨ ᠬᠤᠷᠢᠶ᠎ᠠ᠎ᠳᠦ ᠲᠤᠮᠢᠯᠠᠨ ᠴᠢᠨᠠᠷ ᠰᠠᠢᠳᠠᠢ ᠡᠮᠴᠢᠯᠡᠭᠡᠨ᠎ᠤ ᠦᠢᠯᠡᠴᠢᠯᠡᠭᠡ ᠬᠠᠩᠭᠠᠵᠤ ᠪᠤᠢ᠃ ᠤᠢᠯᠠᠭᠠᠭᠰᠠᠨ᠎ᠢᠶᠠᠷ᠂ ᠭᠠᠭᠴᠠ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠣᠯᠠᠨ ᠤᠯᠤᠰ᠎ᠤᠨ ᠮᠣᠩᠭᠣᠯ ᠡᠮᠨᠡᠯᠭᠡ᠎ᠶᠢᠨ ᠬᠣᠷᠢᠶ᠎ᠠ ᠲᠠᠷᠤᠢ ᠤᠷᠢᠳ ᠬᠤᠵᠢᠳ 21 ᠪᠦᠯᠦᠭ ᠡᠮᠴᠢᠯᠡᠭᠡᠨ᠎ᠦ ᠪᠦᠯᠬᠦᠮ᠎ᠢ ᠮᠣᠩᠭᠣᠯ ᠤᠯᠤᠰ᠎ᠲᠤ ᠲᠣᠮᠢᠯᠠᠨ ᠡᠷᠡᠭᠦᠯ ᠮᠡᠨᠳᠦ᠎ᠶᠢᠨ ᠠᠯᠪᠠᠨ ᠵᠢᠷᠤᠮ᠎ᠤᠨ ᠡᠮᠴᠢᠯᠡᠭᠡᠨ ᠥᠷᠨᠢᠭᠦᠯᠵᠦ᠂ ᠮᠣᠩᠭᠣᠯ ᠤᠯᠤᠰ᠎ᠤᠨ 3.5 ᠲᠦᠮᠡᠨ ᠬᠦᠮᠦᠨ (ᠤᠳᠠᠭ᠎ᠠ)᠎ᠳᠤ ᠠᠰᠢᠭ ᠬᠦᠷᠳᠡᠭᠡᠪᠡ᠃ ᠤᠢᠷ᠎ᠠ᠎ᠶᠢᠨ ᠬᠣᠶᠠᠷ ᠵᠢᠯ᠎ᠳᠦ ᠲᠤᠰ ᠡᠮᠨᠡᠯᠭᠡ᠎ᠶᠢᠨ ᠬᠣᠷᠢᠶ᠎ᠠ ᠪᠠᠰᠠ ᠮᠣᠩᠭᠣᠯ ᠤᠯᠤᠰ᠎ᠤᠨ ᠡᠷᠡᠭᠦᠯ ᠮᠡᠨᠳᠦ᠎ᠶᠢᠨ ᠶᠠᠮᠤᠨ᠎ᠦ ᠡᠷᠡᠭᠦᠯ ᠮᠡᠨᠳᠦ᠎ᠶᠢᠨ ᠬᠥᠭᠵᠢᠯ᠎ᠤᠨ ᠲᠥᠪ ᠲᠠᠢ ᠬᠠᠮᠳᠤᠷᠠᠨ 《ᠳᠤᠮᠳᠠᠳᠤ ᠤᠯᠤᠰ — ᠮᠣᠩᠭᠣᠯ ᠤᠯᠤᠰ᠎ᠤᠨ ᠮᠣᠩᠭᠣᠯ ᠠᠨᠠᠭᠠᠬᠤ ᠤᠬᠠᠭᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠳᠠᠨ᠎ᠤ ᠪᠣᠯᠪᠠᠰᠤᠷᠠᠯ᠎ᠤᠨ ᠠᠩᠬᠢ》᠂ 《ᠮᠣᠩᠭᠣᠯ ᠤᠯᠤᠰ᠎ᠤᠨ ᠦᠨᠳᠦᠰᠤᠨ ᠱᠠᠲᠤᠨ᠎ᠤ ᠡᠮᠴᠢ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠠᠩᠬᠢ》 ᠵᠡᠷᠭᠡ ᠬᠦᠮᠦᠵᠢᠯ ᠪᠤᠯᠪᠠᠰᠤᠷᠠᠯ᠎ᠢ ᠡᠷᠬᠢᠯᠡᠵᠦ᠂ ᠮᠣᠩᠭᠣᠯ ᠤᠯᠤᠰ᠎ᠤᠨ 400 ᠭᠠᠷᠤᠢ ᠡᠮᠴᠢ᠎ᠶᠢ ᠬᠦᠮᠦᠵᠢᠭᠦᠯᠦᠭᠰᠡᠨ ᠠᠵᠢ᠃

— ᠪᠤᠭᠤᠲᠤ᠎ᠶᠢᠨ ᠪᠣᠯᠣᠳ ᠲᠡᠮᠦᠷ᠎ᠤᠨ ᠦᠢᠯᠡᠳᠪᠦᠷᠢ᠎ᠶᠢᠨ ᠡᠮᠨᠡᠯᠭᠡ᠎ᠶᠢᠨ ᠬᠣᠷᠢᠶ᠎ᠠ ᠪᠣᠯᠤᠨ ᠮᠣᠩᠭᠣᠯ ᠤᠯᠤᠰ᠎ᠤᠨ ᠡᠮᠴᠢᠯᠡᠭᠡᠨ᠎ᠤ ᠬᠠᠮᠲᠤᠷᠠᠯᠴᠠᠭ᠎ᠠ 2017 ᠣᠨ᠎ᠤ 8 ᠰᠠᠷ᠎ᠠ᠎ᠳᠤ ᠡᠬᠢᠯᠡᠭᠰᠡᠨ ᠰᠠᠭᠤᠷᠢᠨ ᠲᠠᠬᠡᠷ᠎ᠠ ᠨᠢᠳᠤᠨᠤᠨ᠎ᠤ 5 ᠰᠠᠷ᠎ᠠ᠎ᠳᠤ ᠬᠤᠶᠠᠷ ᠳᠠᠯ᠎ᠠ᠎ᠪᠠᠷ᠎ᠢᠶᠠᠨ ᠪᠠᠰᠠ ᠪᠠᠢᠯᠳᠤᠬᠤ ᠪᠣᠳᠣᠯᠭ᠎ᠠ᠎ᠶᠢᠨ ᠬᠠᠮᠳᠤᠷᠠᠯᠴᠠᠭᠠᠨ᠎ᠦ ᠵᠦᠪᠯᠡᠯᠴᠡᠭᠡᠷ᠎ᠲᠤ ᠭᠠᠷ᠎ᠤᠨ ᠦᠰᠦᠭ ᠵᠢᠷᠤᠵᠤ᠂ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠦ ᠬᠠᠷᠢᠴᠠᠭ᠎ᠠ ᠰᠢᠨ᠎ᠡ ᠨᠢᠭᠡ ᠳᠡᠭᠲᠡᠷ᠎ᠲᠤ ᠭᠠᠷᠴᠠᠢ᠃

— ᠡᠨᠡ ᠵᠢᠯ᠎ᠤᠨ 4 ᠰᠠᠷ᠎ᠠ᠎ᠶᠢᠨ 15 ᠎ᠦ ᠡᠳᠦᠷ᠂ ᠬᠥᠬᠡᠬᠣᠲᠠ ᠪᠣᠯᠤᠨ ᠮᠣᠩᠭᠣᠯ ᠤᠯᠤᠰ᠎ᠤᠨ ᠲᠥᠪ ᠠᠢᠮᠠᠭ᠎ᠤᠨ ᠬᠢᠨ ᠵᠢᠩᠬᠢᠨᠢ᠎ᠪᠠᠷ ᠨᠥᠬᠥᠷᠰᠡᠭ ᠬᠣᠲᠠ᠎ᠶᠢᠨ ᠬᠠᠷᠢᠴᠠᠭ᠎ᠠ ᠪᠠᠢᠭᠤᠯᠤᠭᠰᠠᠨ ᠠᠬᠤᠢ ᠪᠠᠢᠳᠠᠯ ᠳᠣᠣᠷ᠎ᠠ᠂ ᠬᠥᠬᠡᠬᠣᠲᠠ᠎ᠶᠢᠨ ᠬᠢᠲᠠᠳ ᠮᠣᠩᠭᠣᠯ ᠡᠮᠨᠡᠯᠭᠡ᠎ᠶᠢᠨ ᠬᠣᠷᠢᠶ᠎ᠠ ᠬᠢᠭᠡᠳ ᠮᠣᠩᠭᠣᠯ ᠤᠯᠤᠰ᠎ᠤᠨ ᠲᠥᠪ ᠠᠢᠮᠠᠭ᠎ᠤᠨ ᠶᠡᠷᠦᠩᠬᠡᠢᠯᠡᠭᠰᠡᠨ ᠡᠮᠨᠡᠯᠭᠡ᠎ᠶᠢᠨ ᠬᠤᠷᠢᠶ᠎ᠠ ᠨᠢ 《ᠡᠮᠴᠢᠯᠡᠭᠡᠨ᠎ᠦ ᠬᠠᠮᠲᠤᠷᠠᠯᠴᠠᠭ᠎ᠠ᠎ᠶᠢᠨ ᠪᠦᠳᠦᠭᠦᠪᠴᠢ ᠵᠥᠪᠯᠡᠯᠴᠡᠬᠡᠷ》᠎ᠲᠤ ᠭᠠᠷ᠎ᠤᠨ ᠦᠰᠦᠭ ᠵᠢᠷᠤᠪᠠ᠃

ᠮᠤᠩᠭᠤᠯ ᠤᠯᠤᠰ᠎ᠤᠨ ᠡᠪᠡᠳᠴᠢᠳᠡᠨ᠎ᠢ ᠬᠦᠯᠢᠶᠡᠨ ᠠᠪᠴᠤ ᠡᠮᠨᠡᠬᠦ᠎ᠡᠴᠡ ᠠᠪᠤᠭᠠᠳ ᠮᠤᠩᠭᠤᠯ ᠤᠯᠤᠰ᠎ᠲᠤ ᠬᠦᠷᠴᠦ ᠡᠮᠴᠢᠯᠡᠬᠡᠨ ᠦᠷᠨᠢᠬᠦᠯᠬᠦ ᠬᠦᠷᠳᠡᠯ᠎ᠠ᠂ ᠴᠢᠰᠤᠨ᠎ᠤ ᠥᠭᠡᠬᠦ᠎ᠶᠢ ᠪᠠᠭᠤᠷᠠᠭᠤᠯᠬᠤ ᠪᠠᠺᠲ᠋ᠧᠷᠢ ᠪᠣᠢᠵᠢᠭᠤᠯᠬᠤ᠎ᠡᠴᠡ ᠠᠪᠤᠭᠠᠳ ᠬᠠᠮᠲᠤᠷᠠᠭᠰᠠᠨ ᠶᠡᠬᠡ ᠬᠡᠮᠵᠢᠶᠡᠨ᠎ᠤ ᠡᠮ᠎ᠤᠨ ᠮᠠᠲ᠋ᠧᠷᠢᠶᠠᠯ ᠲᠠᠷᠢᠬᠤ ᠬᠦᠷᠲᠡᠯ᠎ᠡ᠂ ᠴᠡᠬᠡ᠎ᠶᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ᠎ᠡᠴᠡ ᠠᠪᠤᠭᠠᠳ ᠴᠠᠭᠠᠨ ᠭᠣᠶᠣᠣ ᠲᠠᠢ ᠬᠣᠨᠢᠨ ᠮᠢᠬ᠎ᠠ᠎ᠶᠢᠨ ᠡᠮᠳᠤ ᠢᠳᠡᠭᠡᠨ ᠪᠤᠯᠪᠠᠰᠤᠷᠠᠭᠤᠯᠬᠤ ᠬᠦᠷᠲᠡᠯ᠎ᠡ᠁ ᠦᠪᠦᠷ ᠮᠤᠩᠭᠤᠯ ᠬᠢᠭᠡᠳ ᠮᠣᠩᠭᠣᠯ ᠤᠯᠤᠰ᠎ᠤᠨ ᠡᠮ ᠡᠮᠨᠡᠯᠬᠡ᠎ᠶᠢᠨ ᠬᠠᠮᠲᠤᠷᠠᠯᠴᠠᠭ᠎ᠠ ᠨᠢ ᠡᠪᠡᠳᠴᠢᠨ᠎ᠢ ᠤᠨᠤᠰᠢᠯᠠᠵᠤ ᠡᠪᠡᠳᠴᠢᠨ ᠵᠠᠰᠠᠵᠤ ᠪᠠᠢᠭᠰᠠᠨ᠎ᠡᠴᠡ᠎ᠪᠡᠨ ᠡᠮᠨᠡᠯᠭᠡ᠎ᠶᠢᠨ ᠤᠬᠠᠭᠠᠨ᠎ᠦ ᠰᠤᠳᠤᠯᠭᠠᠨ ᠬᠦᠷᠲᠡᠯ᠎ᠡ ᠥᠷᠭᠡᠳᠤᠨ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠬᠠᠮᠲᠤ᠎ᠶᠢᠨ ᠴᠣᠭᠴᠠ᠎ᠶᠢ ᠪᠠᠢᠭᠤᠯᠬᠤ᠎ᠳᠦ ᠨᠡᠩ ᠥᠷᠭᠡᠨ ᠠᠭᠤᠳᠠᠮ ᠣᠷᠣᠨ ᠵᠠᠢ᠎ᠶᠢ ᠨᠡᠭᠡᠭᠡᠵᠦ᠂ ᠤᠷᠤᠨ ᠪᠦᠰᠡ᠎ᠶᠢᠨ ᠠᠷᠠᠳ ᠲᠦᠮᠡᠨ᠎ᠦ ᠡᠷᠡᠭᠦᠯ ᠡᠩᠬᠡ᠎ᠶᠢ ᠬᠦᠰᠡᠨ ᠲᠡᠮᠡᠤᠯᠦᠭᠰᠡᠬᠡᠷ᠂ ᠬᠦᠰᠡᠯ ᠵᠦᠭ᠎ᠢᠶᠠᠨ ᠬᠦᠨᠵᠡᠭᠡᠢᠷᠡᠭᠰᠡᠭᠡᠷ ᠁

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map