8 ᠳ᠋ᠤᠭᠠᠷ ᠰᠠᠷ᠎ᠠ᠎ᠶᠢᠨ 18᠎ᠤ ᠡᠳᠦᠷ᠎ᠠᠴᠠ 20᠎ᠤ ᠡᠳᠦᠷ ᠪᠣᠯᠲᠠᠯ᠎ᠠ᠂ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠤᠨ ᠶᠡᠷᠦᠩᠬᠡᠶ ᠬᠡᠯᠲᠡᠰ᠎ᠦᠨ ᠳᠡᠳ᠋ ᠶᠡᠷᠦᠩᠬᠡᠶ ᠵᠢᠯᠣᠭᠤᠳᠣᠭ᠍ᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠶ᠋ᠢᠳ ᠯᠢ ᠭᠦᠸᠧ ᠶᠢᠩ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ᠂ ᠶᠡᠭᠡ ᠲᠦᠷᠭᠡᠨ ᠭᠤᠣᠯ᠂ ᠮᠠᠶ᠋ᠢᠳᠠᠷᠢ ᠭᠤᠤ᠎ᠶᠢᠨ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠠᠵᠢᠯ᠎ᠳᠤ ᠪᠠᠶ᠋ᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ᠎ᠳᠤ᠎ᠪᠠᠨ᠂ ᠦᠶᠡᠷ᠎ᠢ ᠰᠡᠷᠭᠡᠶ᠋ᠢᠯᠡᠵᠦ ᠠᠶᠤᠯ ᠭᠠᠮᠰᠢᠭ᠋᠎ᠠᠴᠠ ᠠᠪᠤᠷᠬᠠᠤ ᠠᠵᠢᠯ᠎ᠤᠨ ᠲᠤᠬᠠᠶ ᠶᠡᠷᠦᠩᠬᠡᠶ ᠱᠦᠵᠢ ᠰᠢ ᠶ᠋ᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠶᠡᠷ᠎ᠢ ᠰᠡᠷᠭᠡᠶ᠋ᠢᠯᠡᠬᠦ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠬᠤᠷᠢᠭ᠎ᠠ ᠱᠤᠭᠤᠮ᠎ᠤᠨ ᠰᠡᠳᠬᠢᠬᠦᠶ᠂ ᠲᠦᠢᠯ᠎ᠤᠨ ᠬᠢᠵᠠᠭᠠᠷᠯᠠᠯ᠎ᠳᠤ ᠰᠡᠳᠬᠢᠬᠦᠶ᠎ᠶᠢ ᠪᠠᠲᠤᠵᠢᠭᠤᠯᠵᠤ᠂ 《ᠬᠥᠮᠦᠨ ᠬᠠᠷ᠎ᠠ ᠡᠨᠳᠡᠵᠦ᠍ ᠱᠢᠷᠬᠠᠲᠤᠬᠤ ᠥᠬᠡᠶ᠂ ᠤᠰᠤᠨ ᠴᠥᠭᠦᠷᠥᠮ ᠨᠤᠷᠠᠬᠤ ᠥᠬᠡᠶ᠂ ᠴᠢᠬᠤᠯᠠ ᠬᠠᠰᠢᠯᠭ᠎ᠠ ᠰᠡᠲᠡᠷᠡᠬᠦ ᠥᠬᠡᠶ᠂ ᠴᠢᠬᠤᠯᠠ ᠰᠠᠭᠤᠷᠢ ᠲᠥᠬᠦᠭᠡᠷᠦᠮᠵᠢ ᠳᠠᠭᠠᠷᠢᠯᠲᠠ᠎ᠳᠤ ᠤᠴᠠᠷᠠᠬᠤ ᠥᠬᠡᠶ》 ᠪᠠᠶ᠋ᠢᠬᠤ ᠬᠠᠷᠠᠯᠲᠠ᠎ᠶᠢ ᠲᠣᠭᠲᠠᠭᠠᠵᠤ᠂ ᠪᠠᠭᠤᠷᠠᠶ ᠭᠤᠭᠴᠤᠭ᠎ᠠ ᠪᠠ ᠭᠤᠤᠯᠳᠠᠯᠭ᠎ᠠ ᠪᠣᠯᠬᠤ ᠣᠷᠣᠨ ᠪᠠᠶ᠋ᠢᠷᠢ᠎ᠶᠢ ᠴᠢᠩᠭ᠎ᠠ ᠠᠩᠬᠠᠷᠴᠤ᠂ ᠲᠦᠭᠰᠢᠭᠦᠷᠢ᠎ᠶᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ ᠰᠠᠶ᠋ᠢᠲᠤᠷ ᠬᠢᠵᠦ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠶ ᠭᠡᠵᠡᠢ᠃ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠤᠨ ᠶᠡᠷᠦᠩᠬᠡᠢ ᠬᠡᠯᠲᠡᠰ᠎ᠦᠨ ᠠᠯᠪᠠᠨ ᠭᠡᠷ᠎ᠤᠨ ᠡᠷᠬᠢᠯᠡᠭᠴᠢ᠂ ᠪᠠᠴᠢᠮ ᠪᠠᠶ᠋ᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠤ ᠳᠡᠳ᠋ ᠰᠠᠶ᠋ᠢᠳ᠂ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠶ᠋ᠢᠳ ᠸᠠᠩ ᠳ᠋ᠤᠤ ᠰᠢ᠂ ᠬᠠᠳᠤᠨ ᠭᠤᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠤᠨ ᠡᠷᠬᠢᠯᠡᠭᠴᠢ ᠽᠦ᠍ ᠯᠸᠢ ᠮᠢᠩ ᠲᠤᠰ ᠤᠳᠠᠭᠠᠨ᠎ᠤ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃
ᠣᠶ᠋ᠢᠷ᠎ᠠ᠎ᠶᠢᠨ ᠬᠤᠭᠤᠴᠠᠭᠠᠨ᠎ᠳᠠᠬᠢ ᠣᠷᠣᠨ ᠪᠦᠰᠡ᠎ᠶᠢᠨ ᠴᠢᠨᠠᠷᠲᠠᠶ ᠰᠢᠷᠦᠭᠦᠨ ᠪᠣᠷᠣᠭᠠᠨ᠎ᠠᠴᠠ ᠪᠣᠯᠣᠭ᠍ᠰᠠᠨ ᠦᠶᠡᠷ᠎ᠤᠨ ᠨᠥᠯᠥᠭᠡ᠎ᠪᠠᠷ ᠬᠠᠷᠠᠠᠤᠰᠤ ᠨᠠᠭᠤᠷ᠎ᠤᠨ ᠤᠰᠤᠨ ᠴᠥᠭᠥᠷᠥᠮ᠂ ᠬᠠᠷᠠᠠᠤᠰᠤ ᠨᠠᠭᠤᠷ᠎ᠤᠨ ᠤᠰᠤ ᠲᠠᠲᠠᠷᠠᠭᠤᠯᠬᠤ ᠰᠤᠪᠠᠭ᠎ᠤᠨ ᠳᠠᠯᠠᠩ᠂ ᠶᠡᠬᠡ ᠲᠦᠷᠭᠡᠨ ᠭᠣᠤᠯ᠎ᠤᠨ ᠳᠠᠯᠠᠩ᠂ ᠶᠡᠬᠡ ᠲᠦᠷᠭᠡᠨ ᠭᠣᠤᠯ ᠬᠢᠭᠡᠳ ᠤᠰᠤ ᠲᠠᠲᠠᠷᠠᠭᠤᠯᠬᠤ ᠰᠤᠪᠠᠭ᠎ᠤᠨ ᠬᠠᠰᠢᠯᠭ᠎ᠠ᠎ᠶᠢᠨ ᠰᠠᠢᠷᠭᠠᠯ ᠵᠡᠷᠭᠡ ᠣᠷᠣᠨ ᠪᠦᠰᠡ ᠨᠢ ᠬᠦᠨᠳᠦ ᠨᠣᠴᠢᠲᠠᠶ ᠰᠦᠷᠳᠡᠭᠦᠯᠦᠯ᠎ᠳᠤ ᠤᠴᠠᠷᠠᠪᠠ᠃ ᠯᠢ ᠭᠦᠸᠧ ᠶᠢᠩ ᠤᠷᠢᠳ ᠬᠤᠵᠢᠳ ᠶᠡᠭᠡ ᠲᠦᠷᠭᠡᠨ ᠭᠤᠣᠯ᠎ᠤᠨ ᠳᠠᠯᠠᠩ ᠵᠢᠴᠢ ᠬᠠᠳᠤᠨ ᠭᠤᠣᠯ᠎ᠳᠤ ᠤᠷᠤᠰᠴᠤ᠌ ᠣᠷᠣᠬᠣ ᠬᠠᠭᠠᠯᠲᠠ᠂ ᠬᠠᠷᠠᠠᠤᠰᠤ ᠨᠠᠭᠤᠷ᠎ᠤᠨ ᠤᠰᠤ ᠲᠠᠲᠠᠷᠠᠭᠤᠯᠬᠤ ᠰᠤᠪᠠᠭ᠎ᠤᠨ ᠬᠠᠳᠤᠨ ᠭᠤᠣᠯ᠎ᠳᠤ ᠤᠷᠤᠰᠴᠤ᠌ ᠣᠷᠤᠬᠤ ᠬᠠᠭᠠᠯᠲᠠ᠂ ᠬᠠᠷᠠᠠᠤᠰᠤ᠎ᠶ᠋ᠢᠨ ᠵᠡᠭᠦᠨ ᠬᠠᠭᠠᠯᠲᠠ᠂ ᠬᠠᠷᠠᠠᠤᠰᠤ᠎ᠶ᠋ᠢᠨ ᠪᠠᠷᠠᠭᠤᠨ ᠬᠠᠭᠠᠯᠲᠠ ᠪᠠ ᠭᠣᠣᠯ ᠳᠠᠭᠠᠤ᠎ᠶᠢᠨ ᠳᠠᠯᠠᠩ᠂ ᠬᠠᠷᠠᠠᠤᠰᠤ ᠤᠰᠤᠨ ᠴᠥᠭᠦᠷᠥᠮ ᠵᠡᠷᠭᠡ ᠭᠠᠵᠠᠷ᠎ᠤᠳ᠎ᠢᠶᠠᠷ ᠭᠦᠨᠵᠡᠭᠡᠶ᠋ᠢᠷᠡᠵᠦ᠂ ᠤᠰᠤᠨ᠎ᠤ ᠪᠠᠶ᠋ᠢᠳᠠᠯ ᠦᠶᠡᠷ᠎ᠤᠨ ᠪᠠᠶ᠋ᠢᠳᠠᠯ ᠪᠡᠬᠢᠯᠡᠯᠲᠡ᠎ᠶ᠋ᠢᠨ ᠪᠠᠢᠳᠠᠯ ᠪᠠ ᠲᠦᠭᠰᠢᠭᠦᠷᠢ᠎ᠶᠢᠨ ᠪᠠᠶ᠋ᠢᠳᠠᠯ᠎ᠢ ᠨᠠᠷᠢᠨ ᠣᠶ᠋ᠢᠯᠠᠭᠠᠵᠤ᠂ ᠬᠤᠯᠪᠣᠭᠳᠠᠯ ᠪᠦᠬᠦᠢ ᠡᠯ᠎ᠡ ᠲᠠᠯ᠎ᠠ ᠯᠤᠭ᠎ᠠ ᠠᠷᠭᠠᠴᠠᠭᠠᠨ ᠰᠢᠢᠳᠪᠦᠷᠢᠯᠡᠬᠦ ᠠᠵᠢᠯ᠎ᠤᠨ ᠲᠤᠬᠠᠢ ᠭᠦᠨᠵᠡᠭᠡᠢ ᠰᠤᠳᠤᠯᠪᠠ᠃
ᠯᠢ ᠭᠦᠸᠧ ᠶᠢᠩ ᠴᠢᠬᠤᠯᠠᠴᠢᠯᠠᠬᠤ᠎ᠳᠤ᠎ᠪᠠᠨ᠂ ᠣᠳᠣᠬᠠᠨ᠎ᠤ ᠤᠰᠤᠨ᠎ᠤ ᠪᠠᠶ᠋ᠢᠳᠠᠯ ᠦᠶᠡᠷ᠎ᠤᠨ ᠪᠠᠶ᠋ᠢᠳᠠᠯ ᠪᠡᠬᠢᠯᠡᠯᠲᠡ᠎ᠶ᠋ᠢᠨ ᠪᠠᠶ᠋ᠢᠳᠠᠯ ᠪᠠ ᠲᠦᠭᠰᠢᠭᠦᠷᠢ᠎ᠶᠢᠨ ᠪᠠᠢᠳᠠᠯ ᠬᠢᠭᠡᠳ ᠢᠷᠡᠭᠡᠳᠦᠢ᠎ᠶᠢᠨ ᠨᠢᠭᠡ ᠬᠡᠰᠡᠭ ᠬᠤᠭᠤᠴᠠᠭᠠᠨ᠎ᠳᠤ ᠲᠤᠰ ᠰᠠᠪᠠ ᠭᠠᠵᠠᠷ᠎ᠲᠤ ᠮᠥᠨ ᠯᠡ ᠰᠢᠷᠦᠭᠦᠨ ᠪᠣᠷᠣᠭᠠᠨ ᠣᠷᠣᠬᠤ ᠪᠣᠯᠤᠯᠴᠠᠭ᠎ᠠ᠎ᠲᠠᠢ ᠪᠠᠶ᠋ᠢᠬᠤ᠎ᠶᠢ ᠶᠡᠷᠦᠩᠬᠡᠶ᠋ᠢᠯᠡᠨ ᠪᠣᠳᠣᠯᠬᠢᠯᠠᠵᠤ᠂ ᠶᠡᠭᠡ ᠲᠦᠷᠭᠡᠨ ᠭᠤᠣᠯ ᠪᠠ ᠤᠰᠤ ᠲᠠᠲᠠᠷᠠᠭᠤᠯᠬᠤ ᠰᠤᠪᠠᠭ᠎ᠤᠨ ᠬᠠᠱᠢᠯᠭ᠎ᠠ᠎ᠶ᠋ᠢᠨ ᠰᠠᠶ᠋ᠢᠷᠭᠠᠯ᠂ ᠬᠠᠷᠠᠠᠤᠰᠤ ᠨᠠᠭᠤᠷ᠎ᠤᠨ ᠤᠰᠤ ᠲᠠᠲᠠᠷᠠᠭᠤᠯᠬᠤ ᠰᠤᠪᠠᠭ᠎ᠤᠨ ᠵᠡᠭᠦᠨ ᠳᠠᠯᠠᠩ᠂ ᠬᠠᠷᠠᠠᠤᠰᠤ ᠨᠠᠭᠤᠷ᠎ᠤᠨ ᠤᠰᠤᠨ ᠴᠥᠬᠦᠷᠦᠮ᠎ᠤᠨ ᠬᠢᠨᠠᠨ ᠬᠠᠷᠭᠤᠭᠤᠯᠤᠯᠲᠠᠲᠠᠢᠪᠠᠷ ᠰᠡᠷᠭᠡᠢᠯᠡᠬᠦ᠌ ᠦᠶᠡᠷ᠎ᠦᠨ ᠤᠰᠤᠨ᠎ᠤ ᠲᠦᠪᠰᠢᠨ᠎ᠡᠴᠡ ᠳᠠᠪᠠᠵᠤ ᠠᠵᠢᠯᠯᠠᠭᠤᠯᠬᠤ ᠵᠡᠷᠭᠡ ᠭᠤᠷᠪᠠᠨ ᠲᠠᠯ᠎ᠠ᠎ᠶᠢᠨ ᠲᠦᠭᠰᠢᠭᠦᠷᠢ᠎ᠶᠢ ᠭᠤᠣᠯᠳᠠᠯᠭ᠎ᠠ᠎ᠲᠠᠢ ᠰᠡᠷᠭᠡᠶ᠋ᠢᠯᠡᠵᠦ᠂ 《ᠤᠰᠤ ᠲᠠᠲᠠᠷᠠᠭᠤᠯᠬᠤ᠂ ᠬᠢᠨᠠᠨ ᠱᠢᠨᠵᠢᠬᠦ᠌᠂ ᠪᠠᠲᠤ ᠰᠠᠬᠢᠬᠤ᠂ ᠦᠷ᠎ᠡ ᠪᠦᠲᠦᠮᠵᠢ》᠎ᠶᠢᠨ ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠶᠣᠰᠣᠭᠠᠷ᠂ ᠡᠯ᠎ᠡ ᠵᠦᠢᠯ᠎ᠤᠨ ᠰᠡᠷᠭᠡᠶ᠋ᠢᠯᠡᠯᠲᠡ᠎ᠶᠢᠨ ᠠᠷᠭ᠎ᠠ ᠬᠡᠮᠵᠢᠶ᠎ᠡ᠎ᠨᠦᠭᠦᠳ᠎ᠢ ᠬᠢᠨᠠᠮᠠᠭᠠᠢ ᠨᠠᠶ᠋ᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ᠎ᠶᠢ ᠴᠢᠩᠭ᠎ᠠ ᠪᠣᠳᠠᠲᠠᠶ᠋ᠢᠵᠢᠭᠤᠯᠵᠤ᠂ ᠮᠡᠷᠭᠡᠵᠢᠯ᠎ᠤᠨ ᠳᠡᠮᠵᠢᠯᠭᠡ᠎ᠶᠢ ᠴᠢᠩᠭᠠᠷᠠᠭᠤᠯᠵᠤ᠂ ᠬᠦᠴᠦᠨ ᠪᠠ ᠲᠥᠬᠦᠭᠡᠷᠦᠮᠵᠢ᠎ᠶᠢ ᠰᠢᠨᠵᠢᠯᠡᠬᠦ ᠤᠬᠠᠭᠠᠨᠴᠢ᠎ᠪᠠᠷ ᠳᠣᠬᠢᠷᠠᠭᠤᠯᠤᠨ᠂ ᠲᠦᠭᠰᠢᠭᠦᠷᠢ᠎ᠶᠢ ᠠᠷᠭᠠᠴᠠᠭᠠᠨ ᠰᠢᠢᠳᠪᠦᠷᠢᠯᠡᠬᠦ ᠠᠵᠢᠯ᠎ᠢ ᠰᠠᠶ᠋ᠢᠲᠤᠷ ᠬᠢᠬᠦ᠎ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃