ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠲᠤᠰᠠᠭᠠᠷ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡᠨ᠎ᠦ ᠴᠠᠬᠢᠯᠭᠠᠨ ᠨᠢᠷᠭᠡᠯᠲᠡ᠎ᠶᠢᠨ ᠨᠥᠬᠥᠪᠦᠷᠢ ᠮᠥᠩᠭᠥ᠎ᠶᠢᠨ ᠲᠣᠭ᠎ᠠ ᠨᠡᠶ᠋ᠢᠲᠡ 2 ᠳ᠋ᠦᠩᠰᠢᠭᠤᠷ ᠲᠥᠭᠥᠷᠢᠭ᠎ᠢ ᠳᠠᠪᠠᠪᠠ
ᠨᠡᠶ᠋ᠢᠲᠡᠯᠡᠭᠰᠡᠨ ᠴᠠᠭ᠄ 2025-08-21

ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 2025 ᠣᠨ᠎ᠤ ᠳᠡᠭᠡᠷ᠎ᠡ ᠬᠠᠭᠠᠰ ᠵᠢᠯ ᠪᠣᠯᠲᠠᠯ᠎ᠠ᠂ ᠥᠪᠥᠷ ᠮᠣᠩᠭᠣᠯ ᠪᠥᠬᠥ ᠣᠷᠣᠨ᠎ᠤ ᠲᠥᠯᠦᠪᠵᠢᠭᠦᠯᠭᠡ᠎ᠳᠦ ᠣᠷᠣᠭᠤᠯᠤᠭᠰᠠᠨ ᠲᠤᠰᠠᠭᠠᠷ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠨᠦᠭᠦᠳ᠎ᠲᠦ 2 ᠳ᠋ᠦᠩᠰᠢᠭᠤᠷ ᠲᠥᠭᠥᠷᠢᠭ᠎ᠢ ᠳᠠᠪᠠᠭᠰᠠᠨ ᠴᠠᠬᠢᠯᠭᠠᠨ ᠨᠢᠷᠭᠡᠯᠭᠡ᠎ᠶᠢᠨ ᠨᠥᠬᠥᠪᠦᠷᠢ ᠮᠥᠩᠭᠥ ᠲᠠᠷᠬᠠᠭᠠᠵᠤ᠂ ᠪᠥᠬᠥ ᠤᠯᠤᠰ᠎ᠤᠨ ᠬᠡᠪᠴᠢᠶᠡᠨ᠎ᠳᠦ ᠡᠨᠧᠷᠭᠢ ᠨᠦᠬᠡᠴᠡᠯᠡᠬᠦ ᠦᠷᠭᠦᠯᠵᠢᠯᠡᠬᠦᠢᠴᠡ ᠬᠤᠳᠠᠯᠳᠤᠭᠠᠨ᠎ᠤ ᠬᠡᠪ ᠵᠠᠭᠪᠤᠷ᠎ᠢ ᠤᠷᠢᠳᠴᠢᠯᠠᠨ ᠬᠠᠢᠨ ᠰᠦᠪᠡᠭᠴᠢᠯᠡᠵᠦ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠲᠦᠷᠭᠡᠪᠴᠢᠯᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠪᠡ᠃ 

ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠨᠢ ᠰᠢᠨ᠎ᠡ ᠡᠨᠧᠷᠭᠢ᠎ᠶᠢᠨ ᠰᠢᠩᠭᠡᠬᠡᠨ ᠠᠪᠬᠤ᠎ᠶᠢ ᠳᠡᠭᠡᠭᠰᠢᠯᠡᠭᠦᠯᠬᠦ ᠲᠠᠯ᠎ᠠ᠎ᠪᠠᠷ ᠴᠢᠬᠤᠯᠠ ᠠᠴᠢ ᠬᠣᠯᠪᠣᠭᠳᠠᠯ᠎ᠲᠠᠢ ᠪᠣᠯᠪᠠᠴᠤ ᠣᠳᠣᠬᠠᠨ᠎ᠳᠤ ᠣᠯᠠᠩᠬᠢ ᠡᠨᠧᠷᠭᠢ ᠨᠦᠬᠡᠴᠡᠯᠡᠬᠦ ᠴᠠᠬᠢᠯᠭᠠᠨ ᠦᠷᠲᠡᠭᠡ ᠨᠢ ᠠᠰᠢᠭ᠋ ᠣᠯᠵᠠᠪᠤᠷᠢ ᠣᠯᠬᠤ᠎ᠳᠦ ᠬᠦᠴᠢᠷᠳᠡᠯ ᠲᠠᠢ ᠪᠠᠢᠬᠤ ᠦᠷᠭᠦᠯᠵᠢᠯᠡᠬᠦᠢᠴᠡ ᠬᠤᠳᠠᠯᠳᠤᠭᠠᠨ᠎ᠤ ᠬᠡᠪ ᠵᠠᠭᠪᠤᠷ᠎ᠢ ᠰᠦᠪᠡᠭᠴᠢᠯᠡᠬᠦ ᠴᠢᠬᠤᠯᠠᠲᠠᠢ ᠪᠠᠢᠨ᠎ᠠ᠃ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠦᠷᠳᠡᠭᠡ᠎ᠳᠦ ᠪᠡᠯᠡ ᠣᠷᠣᠭᠤᠯᠤᠭᠰᠠᠨ ᠦᠮᠴᠢᠲᠡᠳ᠎ᠦᠨ ᠪᠦᠲᠦᠭᠡᠨ ᠪᠠᠢᠭᠤᠯᠬᠤ ᠡᠵᠡᠩᠨᠡᠨ ᠠᠵᠢᠯᠯᠠᠭᠤᠯᠬᠤ ᠢᠲᠡᠭᠡᠯ᠎ᠢ ᠨᠢ ᠪᠠᠲᠤᠳᠬᠠᠬᠤ᠎ᠶᠢᠨ ᠲᠥᠯᠥᠭᠡ᠂ ᠥᠪᠥᠷ ᠮᠣᠩᠭᠣᠯ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠳᠦ ᠨᠢ ᠬᠡᠷᠡᠭᠯᠡᠵᠦ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠦᠷᠳᠡᠭᠡ᠎ᠶᠢ ᠲᠦᠷᠭᠡᠪᠴᠢᠯᠡᠨ ᠪᠦᠲᠦᠭᠡᠨ  ᠪᠠᠢᠭᠤᠯᠬᠤ᠎ᠶᠢ ᠶᠡᠬᠡ᠎ᠪᠠᠷ ᠠᠬᠢᠭᠤᠯᠪᠠ᠃ 

ᠵᠢᠱ᠌ᠢᠶᠡᠯᠡᠪᠡᠯ᠂ 2025 ᠣᠨ᠎ᠤ 3 ᠳ᠋ᠤᠭᠠᠷ ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ 《ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠪᠦᠲᠦᠭᠡᠨ ᠪᠠᠢᠭᠤᠯᠤᠯᠲᠠ᠎ᠶᠢ ᠲᠦᠷᠭᠡᠳᠬᠡᠬᠦ ᠲᠤᠬᠠᠢ ᠮᠡᠳᠡᠭᠳᠡᠯ 》᠎ᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠨᠦᠬᠡᠴᠡᠯᠡᠬᠦ ᠲᠥᠯᠦᠪᠵᠢᠭᠦᠯᠭᠡ᠎ᠳᠦ ᠣᠷᠣᠭᠤᠯᠤᠭᠰᠠᠨ ᠲᠤᠰᠠᠭᠠᠷ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠶᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠴᠠᠬᠢᠯᠭᠠᠨ ᠬᠦᠴᠦᠨ᠎ᠦ ᠨᠡᠶ᠋ᠢᠲᠡ᠎ᠶᠢᠨ ᠲᠣᠣᠷ᠎ᠢᠶᠠᠷ ᠴᠠᠬᠢᠯᠭᠠᠨ ᠨᠢᠷᠭᠡᠭᠰᠡᠨ ᠬᠡᠮᠵᠢᠶ᠎ᠡ᠎ᠶᠢᠨ ᠲᠠᠯ᠎ᠠ᠎ᠪᠠᠷ᠂ ᠨᠢᠭᠡ ᠵᠢᠯ᠎ᠳᠦ ᠨᠢᠭᠡ ᠤᠳᠠᠭ᠎ᠠ ᠲᠣᠭᠲᠠᠭᠠᠵᠤ᠂ ᠨᠢᠭᠡ ᠤᠳᠠᠭ᠎ᠠ ᠲᠣᠭᠲᠠᠭᠠᠪᠠᠯ10 ᠵᠢᠯ ᠬᠡᠷᠡᠭᠵᠢᠭᠦᠯᠬᠦ ᠵᠠᠷᠴᠢᠮ ᠶᠣᠰᠣᠭᠠᠷ ᠨᠥᠬᠥᠪᠦᠷᠢ ᠥᠭᠭᠦᠨ᠎ᠡ᠂ ᠡᠭᠦᠨ᠎ᠳᠦ 2025 ᠣᠨ ᠵᠢᠴᠢ ᠡᠭᠦᠨ᠎ᠡᠴᠡ ᠡᠮᠦᠨ᠎ᠡ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠭᠤᠯᠤᠭᠰᠠᠨ ᠲᠥᠷᠥᠯ ᠵᠦᠢᠯ᠎ᠦᠨ ᠨᠥᠬᠥᠪᠦᠷᠢ᠎ᠶᠢᠨ ᠪᠠᠷᠢᠮᠵᠢᠶ᠎ᠠ ᠨᠢ 0.35 ᠲᠥᠭᠥᠷᠢᠭ\ ᠺᠢᠯᠣᠸᠠᠲ ᠴᠠᠭ ᠪᠣᠯᠣᠨ᠎ᠠ᠃ ᠡᠭᠦᠨ᠎ᠦ ᠬᠠᠮᠲᠤ᠂ ᠲᠤᠰᠠᠭᠠᠷ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ ᠨᠢ ᠪᠠᠰᠠ ᠴᠠᠬᠢᠯᠭᠠᠨ ᠬᠦᠴᠦᠨ᠎ᠦ ᠪᠡᠯᠡᠨ ᠪᠠᠷᠠᠭᠠᠨ᠎ᠤ ᠵᠠᠬ᠎ᠠ ᠳᠡᠯᠭᠡᠭᠦᠷ᠎ᠦᠨ ᠠᠷᠠᠯᠵᠢᠶ᠎ᠠ᠎ᠳᠤ ᠣᠷᠣᠯᠴᠠᠵᠤ᠂ ᠴᠠᠬᠢᠯᠭᠠᠨ᠎ᠤ ᠦᠨ᠎ᠡ ᠳᠣᠣᠷ᠎ᠠ ᠦᠶ᠎ᠡ᠎ᠳᠦ ᠴᠠᠬᠢᠯᠭᠠᠨ ᠴᠡᠨᠡᠭᠯᠡᠨ ᠨᠦᠬᠡᠴᠡᠯᠡᠭᠡᠳ᠂ ᠴᠠᠬᠢᠯᠭᠠᠨ᠎ᠤ ᠦᠨ᠎ᠡ ᠣᠷᠭᠢᠯ᠎ᠤᠨ ᠦᠶ᠎ᠡ᠎ᠳᠦ ᠴᠠᠬᠢᠯᠭᠠᠨ ᠭᠠᠷᠭᠠᠨ ᠬᠤᠳᠠᠯᠳᠤᠵᠤ᠂ ᠳᠤᠮᠳᠠ᠎ᠠᠴᠠ ᠨᠢ ᠦᠨ᠎ᠡ᠎ᠶᠢᠨ ᠵᠥᠷᠢᠶ᠎ᠡ᠎ᠡᠴᠡ ᠪᠣᠯᠣᠭᠰᠠᠨ ᠠᠰᠢᠭ᠋ ᠬᠣᠨᠵᠢᠪᠤᠷᠢ᠎ᠶᠢ ᠣᠯᠵᠤ ᠪᠣᠯᠣᠨ᠎ᠠ᠃ 《ᠴᠠᠬᠢᠯᠭᠠᠨ ᠨᠢᠷᠭᠡᠯᠭᠡ᠎ᠶᠢᠨ ᠬᠡᠮᠵᠢᠶᠡᠨ᠎ᠦ ᠨᠥᠬᠥᠪᠦᠷᠢ + ᠪᠡᠯᠡᠨ ᠪᠠᠷᠠᠭᠠᠨ᠎ᠤ ᠦᠨ᠎ᠡ᠎ᠶᠢᠨ ᠵᠥᠷᠢᠶ᠎ᠡ》᠎ᠶᠢᠨ ᠬᠣᠣᠰ ᠬᠡᠮᠵᠢᠯᠲᠦ ᠠᠰᠢᠭ᠋ ᠣᠷᠣᠯᠭ᠎ᠠ᠎ᠶᠢᠨ ᠬᠡᠪ ᠵᠠᠭᠪᠤᠷ᠎ᠢ ᠪᠠᠶ᠋ᠢᠭᠤᠯᠬᠤ᠎ᠪᠠᠷ ᠳᠡᠮᠵᠢᠨ᠂ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ ᠨᠢ ᠥᠪᠡᠷ᠎ᠦᠨ ᠥᠷᠲᠡᠭ᠎ᠦᠨ ᠲᠥᠪ ᠪᠠᠢᠭᠰᠠᠨ᠎ᠠᠴᠠ᠎ᠪᠠᠨ ᠠᠰᠢᠭ᠋ ᠬᠣᠨᠵᠢᠪᠤᠷᠢ᠎ᠶᠢᠨ ᠲᠥᠪ ᠪᠣᠯᠵᠤ ᠬᠤᠪᠢᠷᠠᠵᠤ ᠪᠠᠢᠨ᠎ᠠ᠃ 

ᠳᠡᠭᠡᠷ᠎ᠡ ᠳᠤᠷᠠᠳᠤᠭᠰᠠᠨ ᠨᠥᠬᠥᠪᠦᠷᠢᠯᠡᠬᠦ ᠬᠡᠪ ᠵᠠᠭᠪᠤᠷ᠎ᠢ ᠲᠣᠳᠣᠷᠬᠠᠢᠯᠠᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠡᠴᠡ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠺᠣᠮᠫᠠᠨᠢ᠂ ᠤᠯᠤᠰ᠎ᠤᠨ ᠴᠠᠬᠢᠯᠭᠠᠨ ᠬᠦᠴᠦᠨ᠎ᠦ ᠲᠣᠣᠷ᠎ᠤᠨ ᠮᠧᠩ ᠳ᠋ᠦᠩ ᠴᠠᠬᠢᠯᠭᠠᠨ ᠬᠦᠴᠦᠨ᠎ᠦ ᠺᠣᠮᠫᠠᠨᠢ᠎ᠶᠢ ᠢᠳᠡᠪᠬᠢᠲᠡᠢ᠎ᠪᠡᠷ ᠰᠢᠮᠳᠠᠭᠤᠯᠵᠤ ᠪᠠᠢᠭᠠᠳ ᠨᠥᠬᠥᠴᠡᠯ᠎ᠳᠦ ᠨᠡᠢᠴᠡᠬᠦ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡ᠎ᠳᠦ ᠴᠠᠬᠢᠯᠭᠠᠨ ᠨᠢᠷᠭᠡᠯᠲᠡ᠎ᠶᠢᠨ ᠨᠥᠬᠥᠪᠦᠷᠢ ᠮᠥᠩᠭᠥ᠎ᠶᠢ ᠰᠠᠷ᠎ᠠ᠎ᠪᠠᠷ ᠪᠠᠷᠢᠮᠵᠢᠶᠠᠯᠠᠨ ᠰᠢᠯᠵᠢᠭᠦᠯᠵᠦ ᠥᠭᠭᠦᠨ᠎ᠡ᠃ 2025 ᠣᠨ᠎ᠤ ᠳᠡᠭᠡᠷ᠎ᠡ ᠬᠠᠭᠠᠰ ᠵᠢᠯ ᠪᠣᠯᠲᠠᠯ᠎ᠠ᠂ ᠴᠠᠬᠢᠯᠭᠠᠨ ᠬᠦᠴᠦᠨ᠎ᠤ ᠲᠣᠣᠷ᠎ᠤᠨ ᠬᠣᠶᠠᠷ ᠠᠵᠤ ᠠᠬᠤᠢᠯᠠᠯ᠎ᠳᠦ ᠰᠢᠯᠵᠢᠭᠦᠯᠦᠨ ᠥᠭᠭᠦᠭᠰᠡᠨ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ ᠴᠠᠬᠢᠯᠭᠠᠨ ᠥᠷᠲᠡᠭᠡᠨ᠎ᠦ ᠴᠠᠬᠢᠯᠭᠠᠨ ᠨᠢᠷᠭᠡᠯᠲᠡ᠎ᠶᠢᠨ ᠨᠥᠬᠥᠪᠦᠷᠢ ᠮᠥᠩᠭᠥ᠎ᠶᠢ ᠨᠡᠶ᠋ᠢᠲᠡ 20875.16 ᠲᠦᠮᠡᠨ ᠲᠥᠭᠥᠷᠢᠭ᠎ᠲᠦ ᠬᠦᠷᠴᠡᠢ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map