8 ᠰᠠᠷ᠎ᠠ᠎ᠶᠢᠨ ᠰᠢᠯᠢ᠎ᠶᠢᠨ ᠭᠣᠣᠯ᠎ᠤᠨ ᠬᠥᠬᠡ ᠣᠭᠲᠠᠷᠭᠤᠢ ᠳ᠋ᠤ᠌ ᠬᠥᠪᠥᠩ ᠡᠭᠦᠯᠡ ᠭᠦᠪᠦᠯᠵᠡᠨ᠂ ᠨᠣᠮᠢᠨ ᠨᠣᠭᠣᠭᠠᠨ ᠲᠠᠯ᠎ᠠ ᠨᠤᠲᠤᠭ ᠭᠦᠪᠡᠭᠡ ᠬᠢᠵᠠᠭᠠᠷ ᠦᠭᠡᠢ ᠴᠡᠯᠡᠢᠨᠡ᠃ ᠠᠪᠠᠭ᠎ᠠ ᠬᠣᠰᠢᠭᠤᠨ᠎ᠤ X516 ᠰᠢᠶᠠᠨ᠎ᠤ ᠲᠡᠰ᠎ᠤᠨ ᠵᠠᠰᠠᠮᠠᠯ ᠵᠠᠮ᠎ᠤᠨ 158 ᠺᠢᠯᠣᠮᠧᠲᠷ᠎ᠡᠴᠡ 160 ᠺᠢᠯᠣᠮᠧᠲᠷ᠎ᠦᠨ ᠬᠣᠭᠣᠷᠣᠨᠳᠣᠭᠢ U ᠬᠡᠯᠪᠡᠷᠢᠲᠦ ᠵᠠᠮ᠎ᠤᠨ ᠬᠡᠰᠡᠭ᠎ᠲᠦ ᠰᠢᠨ᠎ᠡ ᠤᠭᠰᠠᠷᠠᠭᠰᠠᠨ ᠲᠡᠷᠭᠡ ᠵᠥᠷᠢᠬᠦ ᠶ᠋ᠢ ᠤᠷᠢᠳᠴᠢᠯᠠᠨ ᠰᠡᠷᠡᠮᠵᠢᠯᠡᠭᠦᠯᠭᠦ ᠰᠢᠰᠲᠧᠮ ᠨᠢ ᠡᠰᠡᠷᠭᠦ ᠡᠴᠡ ᠢᠷᠡᠬᠦ ᠲᠡᠷᠭᠡ᠎ᠶᠢ ᠴᠠᠭ ᠲᠤᠬᠠᠢ ᠳ᠋ᠤᠨᠢ ᠬᠢᠨᠠᠨ ᠬᠡᠮᠵᠢᠬᠦ ᠪᠥᠭᠡᠳ ᠬᠤᠷᠳᠤᠴᠠ᠎ᠶᠢ ᠪᠠᠭᠤᠷᠠᠭᠤᠯᠬᠤ ᠳᠣᠷᠭᠢᠯᠲᠠ ᠵᠢᠨ ᠱᠤᠭᠤᠮ᠎ᠢ ᠲᠣᠪ ᠲᠣᠳᠣᠷᠬᠠᠢ ᠵᠢᠷᠤᠵᠠᠢ᠃
ᠡᠨᠡ ᠪᠣᠯ ᠮᠠᠨ ᠤ᠋ ᠣᠷᠣᠨ᠎ᠤ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠭᠡᠮ ᠰᠣᠭᠣᠭ᠎ᠢ ᠵᠠᠰᠠᠬᠤ ᠬᠦᠴᠢᠷ ᠰᠡᠳᠦᠪ᠎ᠢ ᠰᠢᠢᠳᠪᠦᠷᠢᠯᠡᠵᠦ ᠪᠦᠬᠦᠢ ᠬᠤᠷᠢᠶᠠᠩᠭᠤᠢ ᠵᠢᠷᠤᠭᠯᠠᠯ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠵᠠᠮ ᠬᠠᠷᠢᠯᠴᠠᠭᠠᠨ᠎ᠤ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠎ᠶᠢᠨ ᠴᠢᠬᠤᠯᠠ ᠭᠠᠷᠳᠠᠴᠠ ᠪᠤᠯᠭᠠᠵᠤ᠂ 《ᠵᠢᠭ᠍ᠰᠠᠭᠠᠨ ᠪᠠᠢᠴᠠᠭᠠᠬᠤ — ᠳᠠᠩᠰᠠᠯᠠᠬᠤ — ᠦᠨᠡᠯᠡᠨ ᠵᠢᠱ᠌ᠢᠬᠦ — ᠵᠠᠰᠠᠬᠤ — ᠰᠢᠯᠭᠠᠨ ᠠᠪᠬᠤ》 ᠪᠦᠭᠦ ᠬᠡᠯᠬᠢᠶ᠎ᠡ᠎ᠶᠢᠨ ᠠᠵᠢᠯ᠎ᠤᠨ ᠲᠣᠭᠲᠠᠴᠠ᠎ᠶᠢ ᠪᠠᠢᠭᠤᠯᠵᠤ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢ 《ᠬᠡᠷᠡᠭ᠎ᠦᠨ ᠳᠠᠷᠠᠭ᠎ᠠ ᠰᠢᠢᠳᠪᠦᠷᠢᠯᠡᠵᠦ》 ᠪᠠᠢᠭᠰᠠᠨ᠎ᠢ 《ᠬᠡᠷᠡᠭ᠎ᠦᠨ ᠡᠮᠦᠨ᠎ᠡ ᠰᠡᠷᠭᠡᠢᠯᠡᠬᠦ᠂ ᠡᠬᠢ ᠡᠭᠦᠰᠦᠯ᠎ᠡᠴᠡ ᠨᠢ ᠵᠠᠰᠠᠬᠤ 》 ᠲᠡᠢᠰᠢ ᠬᠤᠪᠢᠷᠠᠭᠤᠯᠬᠤ᠎ᠶᠢ ᠠᠬᠢᠭᠤᠯᠪᠠ᠃
《 ᠡᠨᠡ ᠬᠦ᠌ ᠭᠦᠳᠦᠭᠦᠷ ᠬᠥᠲᠥᠯ᠎ᠳᠤ ᠯᠠᠪᠠᠷ ᠲᠠᠭᠠᠷᠠᠭᠤᠯᠵᠤ᠂ ᠲᠡᠷᠭᠡ ᠳᠠᠪᠠᠬᠤ᠎ᠶ᠋ᠢ ᠴᠠᠭᠠᠵᠠᠯᠠᠬᠤ ᠲᠡᠮᠳᠡᠭ ᠭᠠᠷᠭᠠᠨ᠂ ᠰᠢᠷ᠎ᠠ ᠥᠩᠭᠡ ᠵᠢᠨ ᠱᠤᠭᠤᠮ ᠵᠢᠷᠤᠵᠤ᠂ ᠦᠨᠡᠨ ᠬᠦ᠌ ᠰᠠᠢᠲᠤᠷ ᠰᠡᠷᠡᠮᠵᠢᠯᠡᠭᠦᠯᠭᠦ ᠬᠡᠷᠡᠭᠲᠡᠢ᠃》 8 ᠰᠠᠷ᠎ᠠ᠎ᠶᠢᠨ 6᠎ᠤ ᠡᠳᠦᠷ᠂ ᠠᠪᠠᠭ᠎ᠠ ᠬᠣᠰᠢᠭᠤᠨ᠎ᠤ X516 ᠰᠢᠶᠠᠨ᠎ᠤ ᠲᠡᠰ᠎ᠤᠨ ᠵᠠᠰᠠᠮᠠᠯ ᠵᠠᠮ᠎ᠤᠨ K233 + 940 ᠮᠧᠲᠷ᠎ᠦᠨ ᠭᠠᠵᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠠᠮ᠎ᠤᠨ ᠭᠡᠮ ᠰᠣᠭᠣᠭ᠎ᠢ ᠪᠠᠢᠴᠠᠭᠠᠨ ᠵᠠᠰᠠᠬᠤ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠴᠢᠨ ᠶᠤᠸᠠᠢ ᠬᠣᠶ ᠲᠤᠬᠠᠢ᠎ᠶᠢᠨ ᠲᠠᠯᠠᠪᠤᠷ᠎ᠲᠤ ᠴᠡᠭᠴᠡᠯᠡᠨ ᠵᠠᠰᠠᠬᠤ ᠠᠵᠢᠯ᠎ᠢ ᠵᠢᠯᠤᠭᠣᠳᠴᠤ ᠪᠠᠢᠯ᠎ᠠ᠃ ᠲᠣᠰ ᠵᠠᠮ᠎ᠤᠨ ᠬᠡᠰᠡᠭ᠎ᠦᠨ ᠴᠠᠭ᠎ᠤᠨ ᠬᠤᠷᠳᠤᠴᠠ ᠶ᠋ᠢ 40 ᠺᠢᠯᠣᠮᠧᠲᠷ ᠵᠢᠡᠷ ᠲᠣᠭᠲᠠᠭᠠᠭᠰᠠᠨ ᠪᠠᠢᠬᠤ ᠳ᠋ᠤ᠌ ᠪᠣᠳᠠᠲᠤ ᠪᠠᠢᠳᠠᠯ ᠳ᠋ᠤ᠌ ᠳᠤᠮᠳᠠᠴᠢ ᠬᠤᠷᠳᠤᠴᠠ ᠬᠠᠷᠢᠨ 80 ᠺᠢᠯᠣᠮᠧᠲᠷ᠎ᠲᠦ ᠬᠦᠷᠴᠦ᠂ ᠲᠡᠷᠭᠡ ᠳᠠᠪᠠᠬᠤ ᠦᠶ᠎ᠡ᠎ᠳᠦ ᠵᠢᠯᠣᠭᠣᠴᠢ᠎ᠶᠢᠨ ᠬᠠᠷᠠᠭ᠎ᠠ ᠬᠠᠷᠰᠢᠯᠠᠭᠳᠠᠨ ᠮᠠᠰᠢ ᠠᠮᠠᠷᠬᠠᠨ ᠡᠨᠳᠡᠯ ᠭᠠᠷᠳᠠᠭ ᠭᠡᠵᠦ ᠲᠡᠷᠡ ᠲᠠᠨᠢᠯᠴᠠᠭᠤᠯᠪᠠ᠃
ᠡᠢᠮᠦᠷᠬᠦᠦ ᠠᠶᠤᠯ ᠲᠦᠭᠰᠢᠭᠦᠷᠢ ᠶᠡᠬᠡᠲᠡᠢ ᠵᠠᠮ᠎ᠤᠨ ᠬᠡᠰᠡᠭ᠎ᠲᠦ ᠴᠢᠭᠯᠡᠭᠦᠯᠦᠨ ᠮᠠᠨ ᠤ᠋ ᠣᠷᠣᠨ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠤᠯᠠᠮᠵᠢᠯᠠᠯ》᠎ᠤ᠋ᠨ ᠬᠣᠣᠰ ᠬᠠᠮᠢᠶᠠᠷᠤᠯᠲᠠ ᠵᠠᠰᠠᠯᠲᠠ᠎ᠶᠢᠨ ᠵᠠᠭᠪᠤᠷ᠎ᠢ ᠠᠪᠴᠤ ᠪᠤᠶ᠄ ᠨᠢᠭᠡ ᠲᠠᠯ᠎ᠠ᠎ᠪᠠᠷ᠂ ᠮᠤᠷᠤᠢ ᠬᠥᠲᠥᠯ᠂ ᠤᠰᠤ ᠬᠠᠳᠠ ᠲᠠᠢ ᠨᠢᠭᠤᠷᠯᠠᠭᠰᠠᠨ ᠵᠠᠮ᠎ᠤᠨ ᠬᠡᠰᠡᠭ᠎ᠲᠦ ᠲᠡᠷᠭᠡ ᠵᠥᠷᠢᠬᠦ᠎ᠶ᠋ᠢ ᠤᠷᠢᠳᠴᠢᠯᠠᠨ ᠰᠡᠷᠡᠮᠵᠢᠯᠡᠭᠦᠯᠭᠦ ᠰᠢᠰᠲᠧᠮ᠂ ᠶᠠᠳᠠᠷᠠᠯ ᠵᠦᠳᠡᠷᠡᠯ᠎ᠢ ᠤᠷᠢᠳᠴᠢᠯᠠᠨ ᠰᠡᠷᠭᠡᠢᠯᠡᠬᠦ ᠤᠷᠢᠳᠴᠢᠯᠠᠨ ᠰᠡᠷᠡᠮᠵᠢᠯᠡᠭᠦᠯᠭᠦ ᠣᠶᠤᠨᠴᠢ ᠲᠥᠬᠦᠭᠡᠷᠦᠮᠵᠢ᠎ᠶᠢ ᠨᠡᠮᠡᠵᠦ ᠲᠣᠭᠢᠷᠠᠭᠤᠯᠪᠡ; ᠨᠥᠭᠦᠭᠡ ᠲᠠᠯ᠎ᠠ᠎ᠪᠠᠷ᠂ ᠬᠤᠷᠳᠤᠴᠠ ᠶ᠋ᠢ ᠪᠠᠭᠠᠰᠬᠠᠬᠤ ᠳᠣᠷᠭᠢᠯᠲᠠ᠎ᠶ᠋ᠢᠨ ᠲᠡᠮᠳᠡᠭ ᠵᠢᠷᠤᠭᠠᠰᠤ ᠵᠢᠷᠤᠬᠤ᠂ ᠰᠡᠷᠡᠮᠵᠢ᠎ᠶᠢᠨ ᠲᠡᠮᠳᠡᠭ ᠲᠠᠭᠠᠷᠠᠭᠤᠯᠬᠤ ᠵᠡᠷᠭᠡ ᠤᠯᠠᠮᠵᠢᠯᠠᠯᠲᠤ ᠠᠷᠭ᠎ᠠ ᠪᠠᠷᠢᠯ᠎ᠢᠶᠠᠷ ᠳᠠᠮᠵᠢᠭᠤᠯᠤᠨ ᠠᠮᠤᠷ ᠲᠦᠪᠰᠢᠨ᠎ᠦ ᠰᠡᠷᠭᠡᠢᠯᠡᠯᠲᠡ᠎ᠶᠢ ᠴᠢᠩᠭᠠᠳᠬᠠᠵᠤ ᠪᠤᠢ᠃ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠤᠯᠤᠰ᠎ᠤᠨ ᠲᠡᠰ᠎ᠤᠨ ᠵᠠᠰᠠᠮᠠᠯ ᠵᠠᠮ᠎ᠤᠨ 207 ᠵᠠᠮ ᠪᠣᠯᠣᠨ 306 ᠵᠠᠮ᠎ᠤᠨ ᠠᠭᠤᠯᠵᠠᠷ᠎ᠤᠨ ᠬᠠᠷᠠᠩᠭᠤᠢ ᠰᠥᠨᠢ᠎ᠶᠢᠨ ᠦᠵᠡᠭᠳᠡᠬᠦᠢᠴᠡ ᠬᠡᠮᠵᠢᠶ᠎ᠡ ᠮᠠᠰᠢ ᠳᠣᠣᠷ᠎ᠠ ᠪᠣᠯᠬᠣᠷ ᠲᠤᠢᠯ᠎ᠤᠨ ᠶᠡᠬᠡ ᠠᠮᠤᠷ ᠲᠦᠪᠰᠢᠨ᠎ᠦ ᠭᠡᠮ ᠰᠣᠭᠣᠭ ᠣᠷᠣᠰᠢᠵᠤ ᠪᠠᠢᠪᠠ᠂ ᠲᠣᠭᠣᠷᠢᠯ ᠵᠠᠮ᠎ᠤᠨ ᠷᠠᠳᠢᠦ᠋ᠰᠢ ᠪᠠᠭᠠᠰᠬᠠᠬᠤ᠂ ᠶᠠᠳᠠᠷᠠᠯ ᠵᠦᠳᠡᠷᠡᠯ᠎ᠢ ᠰᠡᠷᠭᠡᠢᠯᠡᠬᠦ ᠤᠷᠢᠳᠴᠢᠯᠠᠨ ᠰᠡᠷᠡᠮᠵᠢᠯᠡᠭᠦᠯᠭᠦ ᠲᠥᠬᠦᠭᠡᠷᠦᠮᠵᠢ ᠤᠭᠰᠠᠷᠠᠬᠤ ᠵᠡᠷᠭᠡ ᠵᠠᠰᠠᠯᠲᠠ᠎ᠶᠢᠨ ᠠᠷᠭ᠎ᠠ ᠬᠡᠮᠵᠢᠶ᠎ᠡ ᠠᠪᠴᠤ᠂ ᠡᠨᠳᠡᠯ ᠦᠯᠦ ᠭᠠᠷᠬᠤ᠎ᠶ᠋ᠢ ᠪᠠᠲᠤᠯᠠᠵᠤ᠂ ᠣᠯᠠᠨ ᠲᠦᠮᠡᠨ᠎ᠦ ᠠᠮᠤᠷ ᠲᠦᠪᠰᠢᠨ᠎ᠤ ᠲᠥᠷᠥᠭᠳᠡᠯ᠎ᠢ ᠢᠯᠡᠳᠲᠡ ᠳᠡᠭᠡᠭᠰᠢᠯᠡᠭᠦᠯᠦᠭᠰᠡᠨ ᠪᠠᠢᠨ᠎ᠠ᠃
ᠪᠦᠭᠦ ᠤᠯᠤᠰ᠎ᠤᠨ ᠵᠠᠰᠠᠮᠠᠯ ᠵᠠᠮ᠎ᠤᠨ ᠠᠮᠤᠷ ᠲᠦᠪᠰᠢᠨ᠎ᠦ ᠲᠥᠬᠦᠭᠡᠷᠦᠮᠵᠢ ᠪᠠ ᠵᠠᠮ ᠬᠠᠷᠢᠯᠴᠠᠭᠠᠨ᠎ᠤ ᠡᠮᠬᠢ ᠳᠢᠭ᠌ᠯᠢᠮ᠎ᠦᠨ ᠬᠠᠮᠢᠶᠠᠷᠤᠯᠲᠠ᠎ᠶᠢ ᠨᠠᠷᠢᠯᠢᠭ᠍ᠵᠢᠭᠤᠯᠤᠨ ᠳᠡᠭᠡᠭᠰᠢᠯᠡᠭᠦᠯᠭᠦ ᠠᠵᠢᠯᠯᠠᠭ᠎ᠠ᠎ᠶᠢᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ 2025 ᠣᠨ᠎ᠤ ᠵᠠᠰᠠᠮᠠᠯ ᠵᠠᠮ᠎ᠤᠨ ᠠᠮᠤᠷ ᠲᠦᠪᠰᠢᠨ᠎ᠦ ᠭᠡᠮ ᠰᠣᠭᠣᠭ ᠲᠣᠪᠣᠢᠮ᠎ᠠ ᠴᠡᠭ ᠬᠡᠰᠡᠭ᠎ᠢ ᠵᠠᠰᠠᠬᠤ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠂ ᠡᠨᠳᠡᠯ ᠣᠯᠠᠨ ᠭᠠᠷᠳᠠᠭ ᠡᠩ᠎ᠦᠨ ᠵᠠᠰᠠᠮᠠᠯ ᠵᠠᠮ᠎ᠤᠨ ᠠᠭᠤᠯᠵᠠᠷ᠂ ᠤᠰᠤ ᠬᠠᠳᠠ ᠲᠠᠢ ᠨᠢᠭᠤᠷᠯᠠᠭᠰᠠᠨ ᠵᠠᠮ᠂ ᠮᠤᠷᠤᠢ ᠬᠥᠲᠥᠯ᠂ ᠤᠷᠤᠭᠤ ᠵᠠᠮ᠂ ᠲᠦᠷᠭᠡᠨ᠎ᠤ ᠵᠠᠮ᠎ᠤᠨ ᠭᠠᠷᠤᠴᠠ ᠵᠡᠷᠭᠡ 《ᠲᠠᠪᠤᠨ ᠲᠥᠷᠥᠯ᠎ᠦᠨ ᠴᠡᠭ ᠬᠡᠰᠡᠭ 》᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠫᠠᠢᠰᠠ ᠡᠯᠭᠦᠨ ᠱᠠᠯᠠᠪᠳᠠᠭᠤᠯᠤᠨ ᠭᠦᠢᠴᠡᠳᠬᠡᠬᠦ᠎ᠶᠢ ᠬᠡᠷᠡᠭᠵᠢᠭᠦᠯᠦᠨ᠂ ᠮᠡᠷᠭᠡᠵᠢᠯ᠎ᠦᠨ ᠵᠢᠯᠣᠭᠣᠳᠤᠯᠭ᠎ᠠ ᠬᠢᠵᠦ᠂ 《ᠨᠢᠭᠡ ᠴᠡᠭ ᠨᠢᠭᠡ ᠲᠥᠰᠥᠯ》᠂ 《ᠨᠢᠭᠡ ᠵᠠᠮ ᠨᠢᠭᠡ ᠲᠥᠯᠥᠪᠯᠡᠭᠡ》 ᠲᠣᠭᠲᠠᠭᠠᠵᠤ ᠤᠨᠤᠪᠴᠢᠲᠠᠢ ᠪᠠᠢᠬᠤ᠎ᠶᠢ ᠪᠠᠲᠤᠯᠠᠪᠠ᠃ ᠣᠳᠣᠬᠠᠨ᠎ᠳᠤ᠂ 99 ᠶᠠᠮᠤᠨ ᠮᠤᠵᠢ ᠬᠣᠶᠠᠷ ᠱᠠᠲᠤᠨ᠎ᠤ ᠱᠠᠯᠠᠪᠳᠠᠭᠤᠯᠤᠨ ᠭᠦᠢᠴᠡᠳᠬᠡᠬᠦ ᠭᠡᠮ ᠰᠣᠭᠣᠭ᠎ᠲᠠᠢ ᠵᠠᠮ᠎ᠤᠨ ᠬᠡᠰᠡᠭ᠎ᠲᠦ ᠪᠦᠭᠦᠨ᠎ᠢ ᠳᠡᠩᠰᠡᠯᠡᠨ ᠺᠠᠷᠲᠯᠠᠵᠤ᠂《ᠡᠭᠦᠷᠭᠡ᠎ᠶᠢᠨ ᠬᠠᠭᠤᠳᠠᠰᠤ᠂ ᠴᠠᠭ᠎ᠤᠨ ᠬᠦᠰᠦᠨᠦᠭᠲᠦ᠂ ᠵᠠᠮ᠎ᠤᠨ ᠵᠢᠷᠤᠭ》᠎ᠢ ᠡᠯᠭᠦᠨ᠂ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠪᠠ᠃ ᠡᠭᠦᠨ᠎ᠡᠴᠡ ᠭᠠᠳᠠᠨ᠎ᠠ᠂ ᠪᠦᠭᠦ ᠣᠷᠣᠨ᠎ᠤ 138 ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠲᠤᠰᠬᠠᠢ ᠮᠡᠷᠭᠡᠵᠢᠯᠲᠡᠨ᠎ᠦ ᠪᠣᠯᠪᠠᠰᠤᠷᠠᠯ᠎ᠢ ᠬᠦᠯᠢᠶᠡᠵᠦ᠂ ᠲᠤᠰᠬᠠᠢ ᠮᠡᠷᠭᠡᠵᠢᠯ᠎ᠤᠨ ᠵᠠᠰᠠᠯᠲᠠ᠎ᠶᠢᠨ ᠴᠢᠳᠠᠪᠤᠷᠢ᠎ᠪᠠᠨ ᠪᠦᠭᠦ ᠲᠠᠯ᠎ᠠ᠎ᠪᠠᠷ ᠳᠡᠭᠡᠭᠰᠢᠯᠡᠭᠦᠯᠪᠡ᠃
ᠠᠮᠤᠷ ᠲᠦᠪᠰᠢᠨ᠎ᠳᠦ ᠪᠠᠭ᠎ᠠ ᠶᠠᠪᠤᠳᠠᠯ ᠭᠡᠵᠦ ᠠᠯᠠᠭ᠎ᠠ᠂ ᠬᠠᠷᠢᠭᠤᠴᠠᠯᠭ᠎ᠠ ᠠᠭᠤᠯᠠ ᠮᠡᠲᠦ ᠬᠦᠨᠳᠦ ᠶᠤᠮ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ 《ᠲᠤᠰᠬᠠᠢ ᠮᠡᠷᠭᠡᠵᠢᠯ + ᠲᠣᠭᠲᠠᠴᠠ+ ᠲᠣᠮᠣ᠌ ᠳ᠋ᠠᠢᠲ᠋ᠠ》᠎ᠶᠢᠨ ᠰᠢᠨ᠎ᠡ ᠭᠡᠯᠪᠡᠷᠢ᠎ᠶᠢᠨ ᠴᠠᠭᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭᠪᠤᠷ᠎ᠢᠶᠠᠷ ᠵᠢᠯᠣᠭᠣᠳᠤᠮᠵᠢ ᠪᠤᠯᠭᠠᠬᠤ᠎ᠶᠢ ᠪᠠᠷᠢᠮᠲᠠᠯᠠᠵᠤ᠂ ᠡᠬᠢ ᠡᠭᠦᠰᠦᠯ᠎ᠡᠴᠡ ᠨᠢ ᠵᠠᠰᠠᠬᠤ᠂ ᠰᠢᠰᠲᠧᠮ᠎ᠲᠠᠢ ᠵᠠᠰᠠᠬᠤ᠂ ᠶᠡᠷᠦᠩᠬᠡᠢᠯᠡᠨ ᠵᠠᠰᠠᠬᠤ᠎ᠶᠢ ᠭᠦᠨᠵᠡᠭᠡᠢᠷᠡᠭᠦᠯᠵᠦ᠂ ᠪᠦᠭᠦ ᠲᠠᠯ᠎ᠠ᠎ᠶᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠣᠣᠷ᠎ᠢ ᠪᠠᠢᠭᠤᠯᠪᠠ᠃ 2025 ᠣᠨ᠎ᠤ 1 ᠰᠠᠷ᠎ᠠ᠎ᠠᠴᠠ 7 ᠰᠠᠷ᠎ᠠ ᠪᠤᠯᠲᠠᠯ᠎ᠠ᠂ ᠪᠦᠭᠦ ᠣᠷᠣᠨ᠎ᠤ ᠡᠨᠳᠡᠯ ᠭᠠᠷᠤᠭᠰᠠᠨ ᠲᠣᠭ᠎ᠠ ᠠᠳᠠᠯᠢ ᠬᠤᠭᠤᠴᠠᠭᠠᠨ᠎ᠤ ᠭᠢ᠎ᠡᠴᠡ 7%᠎ᠪᠠᠷ ᠪᠠᠭᠤᠷᠠᠵᠤ᠂ ᠡᠨᠳᠡᠭᠰᠡᠨ ᠬᠥᠮᠥᠨ᠎ᠦ ᠲᠣᠭ᠎ᠠ ᠠᠳᠠᠯᠢ ᠬᠤᠭᠤᠴᠠᠭᠠᠨ᠎ᠤ ᠭᠢ ᠡᠴᠡ 24%᠎ᠪᠠᠷ ᠪᠠᠭᠤᠷᠠᠵᠤ᠂ ᠰᠢᠷᠬᠠᠲᠤᠭᠰᠠᠳ᠎ᠤᠨ ᠲᠣᠭ᠎ᠠ ᠠᠳᠠᠯᠢ ᠬᠤᠭᠤᠴᠠᠭᠠᠨ᠎ᠤ ᠭᠢ᠎ᠡᠴᠡ 11%᠎ᠪᠠᠷ ᠪᠠᠭᠤᠷᠠᠵᠤ᠂ ᠡᠳ᠋ ᠬᠥᠷᠥᠩᠭᠡ᠎ᠶᠢᠨ ᠬᠣᠬᠢᠷᠠᠯ ᠨᠢ ᠠᠳᠠᠯᠢ ᠬᠤᠭᠤᠴᠠᠭᠠᠨ᠎ᠤ ᠭᠢ᠎ᠡᠴᠡ 18%᠎ᠪᠠᠷ ᠪᠠᠭᠤᠷᠠᠪᠠ᠃
《〈ᠠᠶᠤᠯ ᠲᠦᠭᠰᠢᠭᠦᠷᠢ᠎ᠶᠢ ᠡᠷᠲᠡᠬᠡᠨ᠎ᠡᠴᠡ ᠨᠢ ᠰᠡᠷᠭᠡᠢᠯᠡᠵᠦ᠂ ᠭᠡᠮ ᠰᠣᠭᠣᠭ᠎ᠢ ᠡᠨᠳᠡᠯ ᠭᠠᠷᠬᠤ ᠡᠴᠡ ᠨᠢ ᠡᠮᠦᠨ᠎ᠡ ᠤᠷᠢᠳᠴᠢᠯᠠᠨ ᠵᠠᠰᠠᠬᠤ〉 ᠪᠣᠯ ᠰᠠᠶᠢ ᠠᠮᠤᠷ ᠲᠦᠪᠰᠢᠨ᠎ᠦ ᠵᠠᠰᠠᠯᠲᠠ᠎ᠶᠢᠨ ᠠᠵᠢᠯ᠎ᠤᠨ ᠳᠡᠭᠡᠳᠦ ᠠᠷᠭ᠎ᠠ ᠪᠣᠳᠣᠯᠭ᠎ᠠ ᠪᠣᠯᠣᠨ᠎ᠠ᠃ ᠮᠠᠨ᠎ᠤ ᠲᠣᠪᠴᠢᠶ᠎ᠠ ᠵᠢᠨ ᠭᠢᠠ ᠵᠠᠮ᠎ᠤᠨ ᠠᠮᠤᠷ ᠲᠦᠪᠰᠢᠨ᠎ᠦ ᠭᠡᠮ ᠰᠣᠭᠣᠭ᠎ᠢ ᠵᠠᠰᠠᠭᠰᠠᠨ ᠦᠷ᠎ᠡ ᠪᠦᠲᠦᠮᠵᠢ᠎ᠶᠢ ᠡᠯ᠎ᠡ ᠠᠢᠮᠠᠭ ᠬᠣᠲᠠ᠎ᠶᠢᠨ ᠣᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠬᠢᠨᠠᠨ ᠰᠢᠯᠭᠠᠬᠤ ᠰᠢᠰᠲᠧᠮ᠎ᠳᠦ ᠣᠷᠣᠭᠤᠯᠬᠤ᠎ᠶᠢ ᠠᠬᠢᠭᠤᠯᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠪᠡ᠃ ᠲᠡᠷᠡ᠂ ᠲᠠᠷᠠᠭᠠᠴᠢ᠎ᠶᠢᠨ ᠠᠯᠬᠤᠮ᠎ᠳᠤ᠂ ᠪᠦᠭᠦ ᠣᠷᠣᠨ᠎ᠤ ᠪᠤᠶ ᠪᠦᠬᠦᠢ ᠭᠣᠣᠯᠳᠠᠯᠭ᠎ᠠ᠎ᠲᠠᠢ ᠭᠡᠮ ᠰᠣᠭᠣᠭ᠎ᠲᠠᠢ ᠵᠠᠮ᠎ᠤᠨ ᠠᠭᠤᠯᠵᠠᠷ ᠲᠸ᠋ ᠵᠠᠮ ᠬᠠᠷᠢᠯᠴᠠᠭᠠᠨ᠎ᠤ ᠪᠠᠢᠳᠠᠯ᠎ᠢ ᠬᠢᠨᠠᠨ ᠬᠡᠮᠵᠢᠬᠦ ᠦᠢᠯᠡᠴᠢᠯᠡᠭᠡᠨ᠎ᠦ ᠰᠢᠰᠲᠧᠮ ᠤᠭᠰᠠᠷᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ 《ᠪᠦᠭᠦ ᠣᠷᠣᠨ ᠨᠢᠭᠡ ᠵᠢᠷᠤᠭ》᠎ᠤᠨ ᠦᠵᠡᠭᠳᠡᠯᠲᠦ ᠬᠠᠮᠢᠶᠠᠷᠤᠯᠲᠠ᠎ᠶᠢ ᠪᠡᠶᠡᠯᠡᠭᠦᠯᠵᠦ᠂ ᠪᠠᠴᠢᠮ ᠪᠠᠢᠳᠠᠯ᠎ᠢ ᠠᠷᠭᠠᠴᠠᠬᠤ ᠠᠵᠢᠯᠯᠠᠭ᠎ᠠ ᠪᠠ ᠠᠶᠤᠯ ᠲᠦᠭᠰᠢᠭᠦᠷᠢ᠎ᠶᠢ ᠤᠷᠢᠳᠴᠢᠯᠠᠨ ᠮᠠᠭᠠᠳᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠦᠨᠡᠨ ᠬᠦ᠌ ᠪᠡᠬᠢᠵᠢᠭᠦᠯᠦᠨ᠎ᠡ ᠭᠡᠵᠡᠢ᠃