7 ᠳ᠋ᠤᠭᠠᠷ ᠰᠠᠷ᠎ᠠ᠎ᠶᠢᠨ 25᠎ᠤ ᠦᠳᠡ᠎ᠶᠢᠨ ᠬᠣᠢᠨᠠᠬᠢ 5 ᠴᠠᠭ᠎ᠤᠨ ᠦᠶ᠎ᠡ᠎ᠪᠡᠷ᠂ ᠬᠥᠬᠡᠬᠣᠲᠠ᠎ᠶᠢᠨ ᠦᠴᠤᠸᠠᠨ ᠰᠢᠶᠠᠨ᠎ᠤ ᠳᠧ ᠱᠧᠩ ᠭᠧᠦ ᠰᠢᠶᠠᠩ᠎ᠤᠨ ᠳ᠋ᠦᠩ ᠫᠦᠸᠧ ᠲᠣᠰᠬᠣᠨ᠎ᠤ ᠠᠷᠠᠳ᠎ᠤᠳ 《ᠬᠤᠷᠳᠤᠬᠠᠨ ᠭᠠᠳᠠᠭᠰᠢ᠎ᠪᠠᠨ ᠶᠠᠪᠤ! ᠦᠶᠡᠷ᠎ᠦᠨ ᠤᠰᠤ ᠴᠢᠳᠬᠤᠨ ᠣᠷᠣᠵᠤ ᠢᠷᠡᠯ᠎ᠡ᠂ ᠪᠤᠰᠢᠭᠤᠯᠠ!》 ᠭᠡᠰᠡᠨ ᠪᠠᠴᠢᠮ ᠳᠠᠪᠴᠢᠭᠤᠬᠠᠰᠬᠢᠷᠬᠤ ᠳᠠᠭᠤᠨ᠎ᠢ ᠰᠣᠨᠣᠰᠤᠯ᠎ᠠ᠃
ᠶᠠᠭᠤ ᠪᠣᠯᠣᠭ᠍ᠰᠠᠨ ᠪᠤᠢ ᠭᠡᠪᠡᠯ? ᠤᠤᠯ ᠨᠢ᠂ ᠲᠤᠰ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠰᠢᠦᠢ ᠷᠦᠢ ᠭᠣᠣᠯ᠎ᠢ ᠴᠠᠭ᠍ᠳᠠᠨ ᠪᠠᠢᠴᠠᠭᠠᠬᠤ ᠶᠠᠪᠤᠴᠠ᠎ᠳᠤ᠎ᠪᠠᠨ ᠦᠶᠡᠷ᠎ᠦᠨ ᠤᠰᠤ ᠲᠣᠰᠬᠣᠨ᠎ᠳᠤ ᠣᠷᠣᠵᠤ ᠢᠷᠡᠭᠰᠡᠨ᠎ᠢ ᠣᠯᠵᠤ ᠮᠡᠳᠡᠭᠡᠳ᠂ ᠲᠡᠷᠡ ᠳᠣᠣᠷ᠎ᠠ ᠨᠢ ᠬᠠᠮᠲᠤ ᠠᠵᠢᠯᠯᠠᠭᠰᠠᠳ᠎ᠲᠠᠢ᠎ᠪᠠᠨ ᠬᠠᠮᠲᠤ ᠡᠷᠦᠭᠡ ᠳᠠᠷᠠᠭᠠᠯᠠᠨ ᠡᠭᠦᠳᠡ ᠲᠣᠭᠰᠢᠵᠤ ᠣᠯᠠᠨ ᠲᠦᠮᠡᠨ᠎ᠢ ᠵᠠᠢᠯᠠᠭᠤᠯᠤᠨ ᠭᠠᠷᠭᠠᠬᠤ᠎ᠪᠠᠷ ᠮᠡᠳᠡᠭᠳᠡᠵᠦ ᠪᠠᠢᠭ᠎ᠠ ᠨᠢ ᠡᠨᠡ ᠠᠵᠢ᠃
ᠤᠳᠠᠯ ᠦᠭᠡᠢ᠂ ᠲᠣᠰᠬᠣᠨ᠎ᠤ 17 ᠡᠷᠦᠬᠡ᠎ᠶᠢᠨ 32 ᠬᠥᠮᠥᠨ ᠴᠥᠮ ᠠᠮᠤᠷ ᠲᠦᠪᠰᠢᠨ ᠭᠠᠵᠠᠷ᠎ᠲᠤ ᠵᠠᠢᠯᠠᠨ ᠣᠴᠢᠪᠠ ᠁
ᠱᠢᠤᠢ ᠷᠦᠢ ᠣᠯᠠᠨ ᠲᠦᠮᠡᠨ᠎ᠢ ᠵᠠᠢᠯᠠᠭᠤᠯᠤᠨ ᠱᠢᠯᠵᠢᠭᠦᠯᠵᠦ᠍ ᠪᠠᠢᠭ᠎ᠠ ᠨᠢ᠃
7 ᠳ᠋ᠤᠭᠠᠷ ᠰᠠᠷ᠎ᠠ᠎ᠶᠢᠨ 23 ᠤ ᠡᠳᠦᠷ᠎ᠡᠴᠡ 25 ᠤ ᠡᠳᠦᠷ ᠪᠣᠯᠲᠠᠯ᠎ᠠ᠂ ᠨᠢᠭᠡ ᠤᠳᠠᠭᠠᠨ᠎ᠤ ᠬᠣᠪᠣᠷ ᠲᠣᠬᠢᠶᠠᠯᠳᠤᠬᠤ ᠰᠢᠷᠦᠭᠦᠨ ᠪᠣᠷᠣᠭᠠᠨ ᠣᠷᠣᠭᠰᠠᠨ᠎ᠢᠶᠠᠷ ᠦᠴᠤᠸᠠᠨ ᠰᠢᠶᠠᠨ᠎ᠤ ᠭᠣᠣᠯ ᠮᠥᠷᠡᠨ᠎ᠦ ᠤᠰᠤᠨ ᠲᠦᠪᠰᠢᠨ ᠲᠦᠷᠭᠡᠨ ᠳᠡᠭᠡᠭᠰᠢᠯᠡᠵᠦ᠂ ᠬᠡᠰᠡᠭ ᠰᠢᠶᠠᠩ ᠪᠠᠯᠭᠠᠰᠤᠨ᠎ᠳᠤ ᠠᠭᠤᠯᠠᠨ ᠦᠶᠡᠷ᠂ ᠤᠰᠤᠲᠤᠯ ᠵᠡᠷᠭᠡ ᠲᠦᠭᠰᠢᠭᠦᠷᠢᠲᠦ ᠪᠠᠢᠳᠠᠯ ᠭᠠᠷᠴᠤ᠂ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠰᠦᠷᠳᠡᠭᠦᠯᠦᠯ᠎ᠳᠦ ᠤᠴᠠᠷᠠᠪᠠ᠃
ᠭᠡᠨᠡᠳᠲᠡ ᠡᠭᠦᠰᠦᠭ᠌ᠰᠡᠨ ᠦᠶᠡᠷ ᠤᠰᠤᠳᠤᠯ᠎ᠤᠨ ᠡᠮᠦᠨ᠎ᠡ᠂ ᠦᠴᠤᠸᠠᠨ ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠵᠠᠰᠠᠭ᠎ᠤᠨ ᠣᠷᠳᠣᠨ 《ᠦᠶᠡᠷ》 ᠭᠡᠬᠦ᠌ ᠴᠢᠮᠡᠭᠡ᠎ᠶᠢ ᠰᠣᠨᠣᠰᠤᠮᠠᠭᠴᠠ ᠲᠡᠷᠡ ᠳᠠᠷᠤᠢ᠎ᠳᠤ ᠨᠢ ᠬᠥᠳᠡᠯᠦᠯᠴᠡᠵᠦ᠂ ᠪᠦᠬᠦ ᠰᠢᠶᠠᠨ᠎ᠤ ᠨᠠᠮ᠎ᠤᠨ ᠭᠡᠰᠢᠭᠦᠨ ᠺᠠᠳ᠋ᠷ᠂ ᠳᠣᠲᠣᠭᠠᠳᠤ᠎ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠨ᠂ ᠰᠠᠢᠨ ᠳᠤᠷᠠᠴᠤᠳ ᠪᠠ ᠥᠷᠭᠡᠨ ᠤᠯᠠᠨ ᠲᠦᠮᠡᠨ ᠰᠠᠯᠬᠢ ᠪᠣᠷᠣᠭᠠᠨ᠎ᠤ ᠳᠤᠮᠳᠠ ᠬᠠᠷᠢᠭᠤᠴᠠᠯᠭ᠎ᠠ ᠪᠠ ᠡᠭᠦᠷᠭᠡᠯᠡᠯ᠎ᠢᠶᠡᠷ᠎ᠢᠶᠡᠨ ᠨᠢᠭᠡᠨ ᠡᠪᠳᠡᠷᠡᠰᠢ ᠦᠭᠡᠢ ᠪᠠᠲᠤ ᠪᠡᠬᠢ 《ᠦᠶᠡᠷ᠎ᠢ ᠰᠡᠷᠭᠡᠢᠯᠡᠬᠦ ᠠᠮᠤᠷ ᠲᠦᠪᠰᠢᠨ᠎ᠦ ᠬᠠᠰᠢᠯᠭ᠎ᠠ》᠎ᠶᠢ ᠪᠣᠰᠬᠠᠵᠠᠢ᠃
ᠠᠶᠤᠯ ᠪᠡᠷᠬᠡ᠎ᠶ᠋ᠢ ᠰᠥᠷᠦᠨ ᠤᠷᠤᠭᠰᠢᠯᠠᠵᠤ᠂ ᠳ᠋ᠦᠩ ᠫᠦᠸᠧ ᠲᠣᠰᠬᠣᠨ᠎ᠤ ᠨᠠᠮ᠎ᠤᠨ ᠡᠭᠦᠷ᠎ᠦᠨ ᠱᠦᠵᠢ ᠲᠣᠰᠬᠣᠨ᠎ᠤ ᠠᠷᠠᠳ᠎ᠢᠶᠠᠨ ᠳᠠᠭᠠᠭᠤᠯᠤᠨ ᠪᠦᠰᠡᠯᠡᠯᠲᠡ᠎ᠶᠢ ᠰᠢᠪᠲᠤᠯᠪᠠ
《7 ᠳ᠋ᠤᠭᠠᠷ ᠰᠠᠷ᠎ᠠ᠎ᠶᠢᠨ 25 ᠤ ᠡᠳᠦᠷ᠎ᠦᠨ ᠦᠳᠡ᠎ᠶᠢᠨ ᠬᠣᠢᠨ᠎ᠠ᠂ ᠪᠢ ᠲᠣᠰᠬᠣᠨ᠎ᠤ ᠪᠠᠷᠠᠭᠤᠨ ᠵᠠᠬ᠎ᠠ᠎ᠶᠢᠨ ᠬᠠᠰᠢᠯᠭ᠎ᠠ ᠰᠡᠲᠡᠷᠡᠬᠦ ᠠᠶᠤᠯ ᠲᠠᠢ ᠪᠠᠢᠵᠤ᠂ ᠬᠣᠲᠣᠭᠣᠷ ᠭᠠᠵᠠᠷ᠎ᠤᠨ ᠪᠠᠢᠰᠢᠩ᠎ᠳᠤ ᠨᠢᠭᠡᠨᠲᠡ ᠤᠰᠤ ᠣᠷᠣᠭᠰᠠᠨ᠎ᠢ ᠣᠯᠵᠤ ᠬᠠᠷᠠᠪᠠ》᠃ 7 ᠳ᠋ᠤᠭᠠᠷ ᠰᠠᠷ᠎ᠠ᠎ᠶᠢᠨ 31᠎ᠤ ᠡᠳᠦᠷ᠂ ᠰᠢᠦᠢ ᠷᠦᠢ ᠨᠢᠭᠡᠨᠲᠡ ᠴᠡᠪᠡᠷᠯᠡᠭᠰᠡᠨ ᠭᠣᠣᠯ᠎ᠤᠨ ᠵᠠᠮ᠎ᠤᠨ ᠬᠠᠵᠠᠭᠤ᠎ᠳᠤ ᠵᠣᠭᠰᠣᠵᠤ᠂ ᠬᠡᠳᠦᠨ ᠡᠳᠦᠷ᠎ᠦᠨ ᠡᠮᠦᠨᠡᠬᠢ ᠲᠦᠭᠰᠢᠭᠦᠷᠢᠲᠦ ᠪᠠᠢᠳᠠᠯ᠎ᠢᠶᠠᠨ ᠡᠷᠭᠢᠴᠡᠭᠦᠯᠦᠨ᠎ᠡ᠃
2021 ᠣᠨ᠎ᠳᠤ᠂ ᠰᠢᠦᠢ ᠷᠦᠢ ᠳ᠋ᠦᠩ ᠫᠦᠸᠧ ᠲᠣᠰᠬᠣᠨ᠎ᠤ ᠨᠠᠮ᠎ᠤᠨ ᠡᠭᠦᠷ᠎ᠦᠨ ᠱᠦᠵᠢ᠎ᠶᠢᠨ ᠲᠤᠰᠢᠶᠠᠯ᠎ᠢ ᠬᠠᠷᠢᠭᠤᠴᠠᠭᠰᠠᠨ᠎ᠠᠴᠠ ᠨᠠᠭᠠᠰᠢ᠂ ᠵᠢᠯ ᠪᠦᠷᠢ᠎ᠶᠢᠨ ᠦᠶᠡᠷ᠎ᠦᠨ ᠬᠤᠭᠤᠴᠠᠭ᠎ᠠ ᠬᠦᠷᠴᠦ ᠢᠷᠡᠬᠦ᠎ᠡᠴᠡ ᠡᠮᠦᠨ᠎ᠡ᠂ ᠲᠤᠰᠬᠠᠢ ᠰᠡᠳᠦᠪ᠎ᠢᠶᠡᠷ ᠦᠶᠡᠷ᠎ᠢ ᠰᠡᠷᠭᠡᠢᠯᠡᠬᠦ ᠠᠵᠢᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠦᠶᠡᠷ᠎ᠢ ᠰᠡᠷᠭᠡᠢᠯᠡᠬᠦ ᠪᠠᠢᠯᠳᠤᠭᠠᠨ᠎ᠤ ᠨᠠᠷᠢᠯᠢᠭ᠋ ᠵᠢᠷᠤᠭ᠎ᠢ ᠰᠤᠳᠤᠯᠤᠨ ᠲᠣᠭᠲᠠᠭᠠᠵᠤ᠂ ᠪᠦᠬᠦ ᠲᠣᠰᠬᠣᠨ᠎ᠢ ᠬᠠᠷᠢᠭᠤᠴᠠᠯᠭ᠎ᠠ᠎ᠶᠢᠨ ᠬᠡᠰᠡᠭ ᠲᠣᠭᠣᠷᠢᠭ᠋᠎ᠤᠳ ᠪᠣᠯᠭᠠᠨ ᠬᠤᠪᠢᠶᠠᠵᠤ᠂ ᠲᠣᠰᠬᠣᠨ᠎ᠤ ᠺᠠᠳ᠋ᠷ᠂ ᠨᠠᠮ᠎ᠤᠨ ᠭᠡᠰᠢᠭᠦᠨ᠂ ᠳᠤᠭᠤᠢᠯᠠᠩ᠎ᠤᠨ ᠳᠠᠷᠤᠭ᠎ᠠ ᠨᠢᠭᠡ ᠪᠦᠷᠢ᠎ᠶᠢᠨ ᠪᠣᠳᠠᠲᠠᠢ ᠡᠭᠦᠷᠭᠡ ᠬᠠᠷᠢᠭᠤᠴᠠᠯᠭ᠎ᠠ ᠪᠠ ᠳᠠᠭᠠᠭᠠᠴᠢᠯᠠᠨ ᠪᠠᠲᠤᠯᠠᠬᠤ ᠣᠷᠣᠨ ᠪᠦᠰᠡ᠎ᠶᠢ ᠲᠣᠳᠣᠷᠬᠠᠢᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠠᠲᠤᠯᠠᠬᠤ᠎ᠶᠢ ᠲᠡᠷᠢᠭᠦᠨ ᠴᠢᠬᠤᠯᠠ ᠶᠠᠪᠤᠳᠠᠯ᠎ᠢᠶᠠᠨ ᠪᠣᠯᠭᠠᠪᠠ᠃
ᠡᠭᠦᠨ᠎ᠦ ᠬᠠᠮᠲᠤ᠂ 24 ᠴᠠᠭ᠎ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ᠎ᠢ ᠪᠠᠢᠭᠤᠯᠵᠤ᠂ ᠵᠠᠷᠯᠢᠭ᠋ ᠵᠢᠭᠠᠪᠤᠷᠢ᠎ᠶᠢᠨ ᠰᠠᠭᠠᠳ ᠦᠭᠡᠢ ᠨᠡᠪᠲᠡᠷᠡᠬᠦ᠂ ᠲᠤᠰᠬᠠᠯ ᠳᠠᠷᠤᠢ ᠲᠦᠷᠭᠡᠨ ᠪᠠᠢᠬᠤ᠎ᠶᠢ ᠦᠨᠡᠨ ᠬᠦ᠌ ᠪᠠᠲᠤᠯᠠᠵᠠᠢ᠃
ᠲᠡᠷᠡ᠎ᠪᠠᠷ ᠦᠶᠡᠷ᠎ᠢ ᠰᠡᠷᠭᠡᠢᠯᠡᠬᠦ ᠠᠵᠢᠯᠲᠠᠨ ᠪᠣᠯᠭᠠᠨ᠎ᠢ ᠡᠷᠬᠡᠪᠰᠢ ᠪᠡᠯᠡᠳᠬᠡᠯ ᠲᠥᠰᠥᠯ᠂ ᠭᠠᠵᠠᠷ᠎ᠤᠨ ᠪᠠᠢᠴᠠ᠂ ᠣᠯᠠᠨ ᠲᠦᠮᠡᠨ᠎ᠢ ᠰᠠᠢᠨ ᠣᠢᠯᠠᠭᠠᠵᠤ᠂ ᠵᠢᠯᠣᠭᠣᠳᠤᠨ ᠲᠣᠬᠢᠷᠠᠭᠤᠯᠬᠤ ᠠᠵᠢᠯ᠎ᠢ ᠣᠨᠣᠴᠠᠲᠠᠢ ᠴᠡᠭ᠎ᠲᠦ ᠨᠢ ᠬᠦᠷᠭᠡᠬᠦ᠌᠂ ᠬᠠᠷᠢᠭᠤᠴᠠᠯᠭ᠎ᠠ᠎ᠶᠢ ᠬᠥᠮᠥᠨ᠎ᠳᠦ ᠨᠢ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃
ᠳ᠋ᠦᠩ ᠫᠦᠸᠧ ᠲᠣᠰᠬᠣᠨ ᠪᠣᠷᠣᠭᠠᠨ᠎ᠤ ᠤᠯᠠᠷᠢᠯ ᠪᠣᠯᠣᠭ᠍ᠰᠠᠭᠠᠷ ᠠᠭᠤᠯᠠᠨ ᠦᠶᠡᠷ ᠠᠮᠠᠷᠬᠠᠨ ᠡᠭᠦᠰᠳᠡᠭ ᠪᠣᠯᠬᠣᠷ᠂ ᠰᠢᠦᠢ ᠷᠦᠢ ᠴᠠᠭ ᠠᠭᠤᠷ᠎ᠤᠨ ᠮᠡᠳᠡᠭᠡ ᠵᠠᠩᠭᠢ᠎ᠶᠢ ᠨᠢᠭ᠍ᠲᠠ ᠠᠩᠬᠠᠷᠴᠤ᠂ ᠳᠡᠭᠡᠳᠦ ᠱᠠᠲᠤᠨ᠎ᠤ ᠦᠶᠡᠷ᠎ᠢ ᠰᠡᠷᠭᠡᠢᠯᠡᠬᠦ ᠰᠠᠯᠠᠭ᠎ᠠ ᠮᠥᠴᠢᠷ ᠯᠣᠭᠡ ᠨᠢᠭ᠍ᠲᠠ ᠬᠠᠷᠢᠯᠴᠠᠬᠤ᠎ᠪᠠᠨ ᠪᠠᠲᠤᠯᠠᠳᠠᠭ᠃ ᠰᠢᠷᠦᠭᠦᠨ ᠪᠣᠷᠣᠭᠠᠨ ᠪᠤᠶᠤ ᠠᠭᠤᠯᠠᠨ ᠦᠶᠡᠷ᠎ᠦᠨ ᠰᠡᠷᠡᠮᠵᠢ᠎ᠶᠢᠨ ᠳᠣᠬᠢᠶ᠎ᠠ᠎ᠶᠢ ᠣᠯᠣᠮᠠᠭᠴᠠ᠂ ᠲᠡᠷᠡ ᠳᠠᠷᠤᠢ᠎ᠳᠤ ᠨᠢ ᠲᠣᠰᠬᠣᠨ᠎ᠤ ᠷᠠᠳᠢᠣ᠋ ᠨᠡᠪᠲᠡᠷᠡᠭᠦᠯᠭᠡ᠂ ᠸᠢᠴᠠᠲ᠎ᠤᠨ ᠴᠤᠭᠯᠠᠷᠠᠯ᠂ ᠤᠲᠠᠰᠤ᠂ ᠡᠭᠦᠳᠡ ᠲᠣᠭᠰᠢᠨ ᠡᠷᠦᠬᠡ᠎ᠳᠦ ᠬᠦᠷᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠰᠡᠷᠡᠮᠵᠢᠯᠡᠭᠦᠯᠬᠦ ᠮᠡᠳᠡᠭᠡ ᠵᠠᠩᠭᠢ ᠪᠠ ᠠᠶᠤᠯ᠎ᠠᠴᠠ ᠵᠠᠢᠯᠠᠬᠤ ᠱᠠᠭᠠᠷᠳᠠᠯᠭ᠎ᠠ᠎ᠶᠢ ᠡᠷᠦᠬᠡ ᠪᠣᠯᠭᠠᠨ᠎ᠳᠤ ᠳᠠᠮᠵᠢᠭᠤᠯᠵᠤ᠂ ᠨᠢᠭᠡ ᠡᠷᠦᠬᠡ᠎ᠶᠢ ᠴᠦ᠍ ᠣᠷᠬᠢᠭ᠍ᠳᠠᠭᠤᠯᠬᠤ ᠦᠭᠡᠢ᠂ ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ ᠪᠠᠢᠬᠤ᠎ᠪᠡᠷ ᠱᠠᠭᠠᠷᠳᠠᠳᠠᠭ᠃
7 ᠳ᠋ᠤᠭᠠᠷ ᠰᠠᠷ᠎ᠠ᠎ᠶᠢᠨ 25 ᠤ ᠡᠳᠦᠷ᠎ᠤᠨ ᠭᠡᠨᠡᠳᠲᠡ᠎ᠶᠢᠨ ᠰᠢᠷᠦᠭᠦᠨ ᠪᠣᠷᠣᠭᠠᠨ᠎ᠳᠦ᠂ ᠳ᠋ᠦᠩ ᠫᠦᠸᠧ ᠲᠣᠰᠬᠣᠨ 《ᠥᠨᠥᠴᠢᠨ ᠠᠷᠠᠯ》 ᠮᠡᠲᠦ ᠪᠣᠯᠵᠤ᠂ ᠵᠠᠮ ᠡᠪᠳᠡᠭᠳᠡᠨ᠂ ᠴᠠᠬᠢᠯᠭᠠᠨ ᠬᠦᠴᠦ᠂ ᠴᠢᠮᠡᠭᠡ ᠬᠣᠯᠪᠣᠭᠠᠨ᠎ᠤ ᠰᠢᠰᠲᠧᠮ ᠪᠦᠬᠦᠨ᠎ᠢᠶᠡᠷ᠎ᠢᠶᠡᠨ ᠲᠠᠮᠪᠠᠷᠠᠵᠤ᠂ ᠣᠯᠠᠨ ᠲᠦᠮᠡᠨ ᠦᠶᠡᠷ᠎ᠲᠦ ᠬᠠᠰᠢᠭ᠍ᠳᠠᠵᠠᠢ᠃
ᠰᠢᠦᠢ ᠷᠦᠢ ᠥᠪᠡᠷ᠎ᠦᠨ ᠠᠮᠤᠷ ᠲᠦᠪᠰᠢᠨ᠎ᠢᠶᠠᠨ ᠬᠠᠢᠬᠤᠷᠤᠯ ᠦᠭᠡᠢ᠎ᠪᠡᠷ ᠤᠯᠠᠨ ᠤᠳᠠᠭ᠎ᠠ ᠦᠶᠡᠷ᠎ᠢ ᠲᠤᠭᠤᠯᠵᠤ᠂ ᠲᠣᠰᠬᠣᠨ᠎ᠤ ᠠᠷᠠᠳ ᠨᠢᠭᠡ ᠪᠦᠷᠢ᠎ᠶᠢᠨ ᠡᠷᠦᠬᠡ᠎ᠳᠦ ᠬᠦᠷᠴᠦ ᠰᠠᠨᠠᠭᠤᠯᠪᠠ᠃
《ᠨᠢᠭᠡ᠎ᠶᠢ ᠴᠦ᠍ ᠣᠷᠬᠢᠭ᠍ᠳᠠᠭᠤᠯᠵᠤ ᠪᠣᠯᠬᠤ ᠦᠭᠡᠢ!》᠃ ᠲᠡᠭᠦᠨ᠎ᠳᠦ 《ᠬᠥᠮᠥᠰ᠎ᠢ ᠡᠷᠬᠡᠪᠰᠢ ᠴᠥᠮ ᠠᠮᠤᠷ ᠲᠦᠪᠰᠢᠨ ᠭᠠᠵᠠᠷ ᠵᠠᠢᠯᠠᠭᠤᠯᠬᠤ ᠬᠡᠷᠡᠭᠲᠡᠢ》 ᠭᠡᠰᠡᠨ ᠭᠠᠭᠴᠠᠬᠠᠨ ᠪᠣᠳᠣᠯ ᠲᠠᠢ᠃
ᠦᠴᠤᠸᠠᠨ ᠱᠢᠶᠠᠨ᠎ᠤ ᠳ᠋ᠧ ᠱᠧᠩ ᠭᠧᠦ ᠱᠢᠶᠠᠩ᠎ᠤᠨ ᠳ᠋ᠦᠩ ᠫᠦᠸᠧ ᠲᠣᠰᠬᠣᠨ᠎ᠳᠤ ᠦᠶᠡᠷ ᠪᠠᠭᠤᠭ᠍ᠰᠠᠨ᠃
7 ᠳ᠋ᠤᠭᠠᠷ ᠰᠠᠷ᠎ᠠ᠎ᠶᠢᠨ 25 ᠤ ᠡᠳᠦᠷ᠎ᠦᠨ ᠦᠳᠡᠰᠢ᠂ ᠪᠣᠷᠣᠭᠠᠨ ᠠᠭᠠᠵᠢᠮ᠎ᠢᠶᠠᠷ ᠨᠠᠮᠳᠠᠪᠠ᠃ ᠲᠣᠰᠬᠣᠨ᠎ᠤ ᠬᠥᠮᠥᠰ᠎ᠢ ᠲᠦᠷ ᠴᠠᠭ᠎ᠤᠨ ᠲᠥᠪᠬᠢᠨᠡᠭᠦᠯᠬᠦ ᠭᠠᠵᠠᠷ᠎ᠲᠤ ᠨᠢᠭᠡ ᠨᠢᠭᠡ᠎ᠪᠡᠷ ᠲᠥᠪᠬᠢᠨᠡᠭᠦᠯᠦᠭᠰᠡᠨᠦ ᠲᠠᠷᠠᠭ᠎ᠠ᠂ ᠰᠢᠦᠢ ᠷᠦᠢ ᠠᠮᠢᠰᠬᠤᠭ᠎ᠠ ᠠᠪᠬᠤ ᠵᠠᠢ ᠦᠭᠡᠢ᠂ ᠲᠡᠷᠡ ᠳᠠᠷᠤᠢ᠎ᠳᠤ ᠨᠢ ᠲᠣᠰᠬᠣᠨ᠎ᠤ ᠺᠠᠳ᠋ᠷ ᠪᠣᠯᠣᠨ ᠨᠠᠮ᠎ᠤᠨ ᠭᠡᠰᠢᠭᠦᠨ ᠰᠠᠢᠨ ᠳᠤᠷᠠᠴᠤᠳ᠎ᠢ ᠳᠠᠭᠠᠭᠤᠯᠤᠨ ᠵᠢᠭᠰᠠᠭᠠᠨ ᠪᠠᠢᠴᠠᠭᠠᠵᠤ᠂ ᠡᠷᠦᠭᠡ ᠳᠠᠷᠠᠭᠠᠯᠠᠨ ᠭᠡᠷ ᠪᠠᠢᠰᠢᠩ᠂ ᠬᠠᠰᠢᠯᠭ᠎ᠠ ᠡᠪᠳᠡᠭᠳᠡᠭᠰᠡᠨ ᠵᠡᠷᠭᠡ ᠪᠠᠢᠳᠠᠯ᠎ᠢ ᠪᠠᠢᠴᠠᠭᠠᠨ ᠦᠵᠡᠪᠡ᠃
ᠦᠴᠤᠸᠠᠨ ᠱᠢᠶᠠᠨ᠎ᠤ ᠳ᠋ᠧ ᠱᠧᠩ ᠭᠧᠦ ᠱᠢᠶᠠᠩ᠎ᠤᠨ ᠳ᠋ᠦᠩ ᠫᠦᠸᠧ ᠲᠣᠰᠬᠣᠨ᠎ᠤ ᠠᠷᠠᠳ ᠨᠢ ᠠᠶᠤᠯ᠎ᠠᠴᠠ ᠮᠣᠯᠳᠣᠷᠠᠭ᠍ᠰᠠᠨ᠃
ᠰᠡᠳᠬᠢᠯ᠎ᠢᠶᠠᠨ ᠨᠢᠭᠡᠳᠭᠡᠨ ᠬᠦᠴᠦ᠎ᠪᠡᠨ ᠬᠠᠮᠲᠤᠳᠬᠠᠵᠤ᠂ ᠪᠥᠬᠥ ᠰᠢᠶᠠᠨ᠎ᠤ ᠳᠡᠭᠡᠳᠦ ᠳᠣᠣᠷᠠᠳᠤ ᠱᠠᠲᠤ᠎ᠪᠠᠷ᠎ᠢᠶᠠᠨ ᠦᠶᠡᠷ᠎ᠢ ᠰᠡᠷᠭᠡᠢᠯᠡᠵᠦ ᠭᠠᠮᠰᠢᠭ᠎ᠡᠴᠡ ᠠᠪᠤᠷᠠᠬᠤ ᠠᠤᠭ᠎ᠠ ᠬᠦᠴᠦᠨ᠎ᠢ ᠨᠢᠭ᠍ᠲᠠᠷᠠᠭᠤᠯᠪᠠ
ᠳᠧ ᠱᠧᠩ ᠭᠧᠦ ᠰᠢᠶᠠᠩ᠎ᠤᠨ ᠳ᠋ᠦᠩ ᠫᠦᠸᠧ ᠲᠣᠰᠬᠣᠨ᠎ᠤ ᠠᠶᠤᠯ ᠭᠠᠮᠰᠢᠭ᠋᠎ᠡᠴᠡ ᠠᠪᠤᠷᠠᠬᠤ ᠠᠵᠢᠯ ᠪᠣᠯ ᠦᠴᠤᠸᠠᠨ ᠰᠢᠶᠠᠨ᠎ᠤ ᠦᠶᠡᠷ᠎ᠢ ᠰᠡᠷᠭᠡᠢᠯᠡᠬᠦ ᠠᠵᠢᠯ᠎ᠤᠨ ᠨᠢᠭᠡᠨ ᠬᠤᠷᠢᠶᠠᠩᠭᠤᠢ ᠳᠦᠷᠰᠦ ᠪᠣᠯᠬᠤ ᠶᠤᠮ᠃
ᠭᠡᠨᠡᠳᠲᠡ ᠡᠭᠦᠰᠦᠭ᠌ᠰᠡᠨ ᠦᠶᠡᠷ ᠤᠰᠤᠳᠤᠯ᠎ᠤᠨ ᠡᠮᠦᠨ᠎ᠡ᠂ ᠦᠴᠤᠸᠠᠨ ᠰᠢᠶᠠᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠮᠠᠰᠢ ᠲᠦᠷᠭᠡᠨ᠎ᠢᠶᠡᠷ 《ᠪᠠᠢᠯᠳᠤᠭᠠᠨ᠎ᠤ ᠪᠠᠢᠳᠠᠯ》᠎ᠳᠤ ᠣᠷᠣᠪᠠ᠃ ᠰᠢᠶᠠᠨ ᠰᠢᠶᠠᠩ᠎ᠤᠨ ᠬᠣᠶᠠᠷ ᠱᠠᠲᠤᠨ᠎ᠤ ᠬᠢᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ᠎ᠢ ᠭᠦᠢᠴᠡᠳ ᠪᠡᠯᠡᠳᠬᠡᠵᠦ᠂ ᠴᠢᠶᠢᠦ ᠲᠣᠰᠣ ᠬᠡᠷᠡᠭ᠌ᠯᠡᠬᠦ᠌ ᠤᠰᠤ ᠲᠠᠲᠠᠬᠤ ᠬᠥᠭᠡᠷᠭᠡ᠎ᠶ᠋ᠢ 121 ᠢᠵᠢ ᠵᠢᠴᠢ ᠴᠤᠪᠠ᠂ ᠤᠰᠤᠨ ᠭᠤᠲᠤᠯ᠂ ᠠᠪᠤᠷᠠᠯᠳᠠ᠎ᠶᠢᠨ ᠳᠡᠭᠡᠰᠦ᠂ ᠠᠪᠤᠷᠠᠯᠳᠠ᠎ᠶᠢᠨ ᠬᠤᠪᠴᠠᠰᠤ ᠵᠡᠷᠭᠡ ᠡᠳ᠋ ᠪᠣᠳᠠᠰ᠎ᠢ ᠨᠥᠭᠡᠴᠡᠯᠡᠵᠡᠢ᠃ ᠨᠠᠮ ᠬᠣᠲᠣᠭᠤᠷ ᠭᠠᠵᠠᠷ᠎ᠲᠤ ᠰᠠᠭᠤᠭ᠎ᠠ ᠭᠠᠴᠠᠭᠠᠨ᠎ᠤ ᠠᠷᠠᠳ᠎ᠢ ᠡᠷᠡᠰ ᠰᠢᠭᠤᠷᠬᠠᠢ᠎ᠪᠠᠷ ᠰᠢᠯᠵᠢᠭᠦᠯᠵᠦ᠂ ᠪᠦᠬᠦ ᠰᠢᠶᠠᠨ᠎ᠢᠶᠠᠷ᠎ᠢᠶᠠᠨ 159 ᠲᠠᠷᠢᠶᠠᠴᠢᠨ ᠡᠷᠦᠬᠡ᠂ 279 ᠬᠥᠮᠥᠨ᠎ᠢ ᠰᠢᠯᠵᠢᠭᠦᠯᠪᠡ᠃
7 ᠳ᠋ᠤᠭᠠᠷ ᠰᠠᠷ᠎ᠠ᠎ᠶᠢᠨ 31᠎ᠦ ᠡᠳᠦᠷ᠎ᠦᠨ ᠦᠴᠤᠸᠠᠨ᠎ᠳᠦ ᠪᠠᠷᠠᠭᠠᠨ ᠡᠭᠦᠯᠡ ᠰᠠᠷᠨᠢᠵᠤ᠂ ᠲᠡᠭ᠌ᠷᠢ ᠴᠡᠯᠮᠡᠭᠰᠢᠪᠡ᠃
ᠡᠨᠡ ᠤᠳᠠᠭᠠᠨ᠎ᠤ ᠦᠶᠡᠷ ᠲᠠᠢ ᠲᠡᠮᠡᠴᠡᠬᠦ᠌ ᠶᠠᠪᠤᠴᠠ᠎ᠳᠤ᠂ ᠬᠤᠳᠠ᠎ᠠᠴᠠ ᠬᠥᠳᠡᠭᠡ ᠲᠣᠰᠬᠣᠨ ᠬᠦᠷᠲᠡᠯ᠎ᠡ᠂ ᠪᠠᠴᠢᠮ ᠪᠠᠢᠳᠠᠯ᠎ᠢ ᠠᠷᠭᠠᠴᠠᠭᠠᠨ ᠵᠢᠯᠤᠭᠣᠳᠬᠤ ᠲᠥᠪ᠎ᠡᠴᠡ ᠠᠪᠤᠷᠠᠨ ᠲᠤᠰᠠᠯᠠᠬᠤ ᠡᠮᠦᠨ᠎ᠡ ᠹᠷᠣᠨᠲ ᠬᠦᠷᠲᠡᠯ᠎ᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠬᠣᠰᠢᠭᠤᠴᠢ ᠵᠢᠱ᠌ᠢᠶᠡᠴᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠬᠠᠮᠤᠭ᠎ᠤᠨ ᠠᠶᠤᠯᠲᠠᠢ ᠭᠠᠵᠠᠷ᠎ᠲᠤ᠂ ᠬᠠᠮᠤᠭ᠎ᠤᠨ ᠵᠠᠩᠭᠢᠯᠠᠭ᠎ᠠ᠎ᠶᠢᠨ ᠴᠠᠭ ᠮᠥᠴᠡ᠎ᠳᠦ ᠭᠠᠪᠱᠢᠭᠠᠢᠯᠠᠪᠠ᠃
ᠱᠢᠤᠢ ᠷᠦᠢ ᠰᠤᠷᠪᠤᠯᠵᠢᠯᠠᠭ᠍ᠴᠢ᠎ᠶ᠋ᠢᠨ ᠰᠣᠷᠪᠣᠯᠵᠢᠯᠠᠭ᠎ᠠ᠎ᠶ᠋ᠢ ᠬᠦᠯᠢᠶᠡᠵᠦ᠍ ᠪᠠᠢᠭ᠎ᠠ ᠨᠢ᠃
ᠳᠡᠳᠡ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ᠎ᠤᠨ ᠰᠡᠳᠬᠢᠬᠦᠢ᠎ᠪᠠᠨ ᠪᠠᠲᠤ ᠪᠤᠢ ᠪᠣᠯᠭᠠᠵᠤ᠂ ᠭᠡᠨᠡᠳᠲᠡ᠎ᠶᠢᠨ ᠪᠠᠴᠢᠮ ᠪᠠᠢᠳᠠᠯ ᠡᠭᠦᠰᠦᠭᠰᠡᠨᠦ ᠳᠠᠷᠠᠭ᠎ᠠ ᠲᠡᠷᠡ ᠳᠠᠷᠤᠢ᠎ᠳᠤ ᠨᠢ ᠬᠦᠳᠡᠯᠦᠯᠴᠡᠵᠦ᠍᠂ ᠲᠡᠷᠡ ᠳᠠᠷᠤᠢ᠎ᠳᠦ ᠨᠢ ᠰᠢᠢᠳᠪᠦᠷᠢᠯᠡᠬᠦ᠎ᠶᠢ ᠪᠠᠲᠤᠯᠠᠵᠤ᠂ ᠠᠷᠠᠳ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠦᠬᠦ ᠬᠦᠴᠦᠨ᠎ᠢᠶᠡᠷ᠎ᠢᠶᠡᠨ ᠪᠠᠲᠤᠯᠠᠪᠠ᠃
ᠲᠡᠳᠡ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠷ᠎ᠢᠶᠠᠨ 《ᠠᠷᠠᠳ ᠲᠦᠮᠡᠨ᠎ᠢ ᠳᠡᠭᠡᠳᠦᠯᠡᠵᠦ᠂ ᠠᠮᠢ ᠨᠠᠰᠤ᠎ᠶᠢ ᠳᠡᠭᠡᠳᠦᠯᠡᠬᠦ》 ᠣᠨᠣᠯᠵᠢᠬᠤᠨ᠎ᠢ ᠦᠢᠯᠡᠳᠦᠯᠭᠡᠵᠢᠭᠦᠯᠵᠦ᠂ ᠤᠯᠠᠨ ᠲᠦᠮᠡᠨ᠎ᠦ ᠠᠶᠤᠯ ᠲᠦᠭᠰᠢᠭᠦᠷᠢ᠎ᠲᠠᠢ ᠴᠠᠭ ᠮᠥᠴᠡ᠎ᠳᠡᠬᠢ ᠪᠠᠲᠤ ᠪᠡᠬᠢ ᠲᠦᠰᠢᠭ ᠲᠤᠯᠭᠠᠭᠤᠷᠢ ᠪᠣᠯᠤᠭᠰᠠᠨ ᠪᠠᠢᠨ᠎ᠠ᠃