8 ᠳ᠋ᠤᠭᠠᠷ ᠰᠠᠷ᠎ᠠ᠎ᠶᠢᠨ 4᠎ᠦ ᠡᠳᠦᠷ᠂ 《ᠬᠥᠮᠥᠨ᠎ᠦ ᠡᠷᠬᠡ᠎ᠶᠢᠨ ᠠᠵᠢᠯᠯᠠᠭᠠᠨ ᠳᠤᠮᠳᠠᠳᠤ ᠤᠯᠤᠰ᠎ᠢ ᠬᠠᠷᠠᠬᠣᠢ· 2025 》ᠳᠤᠮᠳᠠᠳᠤ ᠭᠠᠳᠠᠭᠠᠳᠤ᠎ᠶᠢᠨ ᠵᠠᠭᠤᠴᠢᠯᠠᠭᠤᠷ᠎ᠤᠨ ᠥᠪᠥᠷ ᠮᠣᠩᠭᠣᠯ᠎ᠳᠠᠬᠢ ᠠᠶᠠᠯᠠᠯ᠎ᠤᠨ ᠰᠣᠷᠪᠤᠯᠵᠢᠯᠠᠭ᠎ᠠ᠎ᠶᠢᠨ ᠠᠵᠢᠯᠯᠠᠭ᠎ᠠ ᠰᠢᠯᠢ᠎ᠶᠢᠨ ᠭᠣᠣᠯ ᠠᠢᠮᠠᠭ᠎ᠲᠤ ᠡᠬᠢᠯᠡᠪᠡ᠃ ᠲᠤᠰ ᠤᠳᠠᠭ᠎ᠠ᠎ᠶᠢᠨ ᠠᠵᠢᠯᠯᠠᠭ᠎ᠠ ᠨᠢ 《ᠪᠣᠬᠢᠷᠲᠤᠯ ᠦᠭᠡᠢ ᠬᠥᠭᠵᠢᠯᠲᠡ ᠡᠶ᠎ᠡ ᠵᠣᠬᠢᠴᠠᠯ᠎ᠲᠠᠢ ᠪᠠᠷ ᠬᠠᠮᠲᠤ ᠣᠷᠣᠱᠢᠬᠣᠢ 》 ᠭᠡᠰᠡᠨ᠎ᠢᠶᠡᠷ ᠭᠣᠣᠯ ᠰᠡᠳᠦᠪ ᠪᠣᠯᠭᠠᠵᠤ᠂ ᠠᠩᠭ᠌ᠯᠢ᠂ ᠭᠸᠷᠮᠡᠨ᠂ ᠹᠷᠠᠨᠼᠢ᠂ ᠢᠲ᠋ᠠᠯᠢ᠂ ᠢᠰᠫᠠᠨᠢ᠂ ᠰᠸᠢᠰ ᠵᠡᠷᠭᠡ 10 ᠤᠯᠤᠰ᠎ᠤᠨ ᠵᠠᠭᠤᠴᠢᠯᠠᠭᠤᠷ᠎ᠤᠨ ᠰᠣᠷᠪᠣᠯᠵᠢᠯᠠᠭ᠍ᠴᠢᠳ ᠵᠢᠴᠢ ᠨᠡᠢᠭᠡᠮ᠎ᠦᠨ ᠵᠠᠭᠤᠴᠢᠯᠠᠭᠤᠷ᠎ᠤᠨ ᠰᠦᠯᠵᠢᠶᠡᠨ᠎ᠦ ᠣᠳᠣᠳ᠂ ᠲᠤᠰᠬᠠᠢ ᠮᠡᠷᠭᠡᠵᠢᠯᠲᠡᠨ ᠡᠷᠳᠡᠮᠲᠡᠳ ᠪᠣᠯᠣᠨ ᠱᠢᠨᠬᠣᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠳᠤᠮᠳᠠᠳᠤ ᠤᠯᠤᠰ᠎ᠤᠨ ᠡᠳᠦᠷ᠎ᠦᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ ᠵᠡᠷᠭᠡ ᠲᠥᠪ᠎ᠦᠨ ᠵᠠᠭᠤᠴᠢᠯᠠᠭᠤᠷ᠎ᠤᠨ 40 ᠭᠠᠷᠤᠢ ᠬᠦᠮᠦᠰ ᠲᠤᠰ ᠤᠳᠠᠭ᠎ᠠ᠎ᠶᠢᠨ ᠠᠵᠢᠯᠯᠠᠭ᠎ᠠ᠎ᠳᠤ ᠣᠷᠣᠯᠴᠠᠪᠠ᠃
7 ᠡᠳᠦᠷ᠎ᠦᠨ ᠳᠣᠲᠣᠷ᠎ᠠ᠂ ᠰᠤᠷᠪᠤᠯᠵᠢᠯᠠᠬᠤ ᠪᠦᠯᠬᠦᠮ᠎ᠦᠨ ᠬᠢᠨ ᠨᠢ ᠰᠢᠯᠢ᠎ᠶᠢᠨ ᠭᠣᠣᠯ ᠠᠢᠮᠠᠭ ᠪᠣᠯᠣᠨ ᠬᠢᠩᠭᠠᠨ ᠠᠢᠮᠠᠭ᠎ᠲᠤ ᠬᠦᠷᠴᠦ᠂ ᠥᠪᠥᠷ ᠮᠣᠩᠭᠣᠯ᠎ᠤᠨ ᠠᠮᠢ ᠠᠬᠤᠢ᠎ᠶ᠋ᠢ ᠣᠷᠢᠳ᠎ᠢᠶᠠᠷ ᠪᠣᠳᠣᠯᠬᠢᠯᠠᠭ᠍ᠰᠠᠨ᠂ ᠪᠣᠬᠢᠷᠲᠤᠯ ᠦᠭᠡᠢ ᠬᠥᠭᠵᠢᠯᠲᠡ᠎ᠶ᠋ᠢ ᠪᠠᠷᠢᠮᠲᠠᠯᠠᠵᠤ᠂ ᠬᠥᠮᠥᠨ ᠬᠢᠭᠡᠳ ᠪᠠᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ᠎ᠶᠢ ᠠᠬᠢᠭᠤᠯᠤᠭᠰᠠᠨ ᠬᠥᠮᠥᠨ᠎ᠦ ᠡᠷᠬᠡ᠎ᠶᠢᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶ᠋ᠢᠨ ᠲᠣᠭᠣᠷᠢᠨ᠎ᠳᠤ ᠲᠤᠬᠠᠢ᠎ᠶᠢᠨ ᠭᠠᠵᠠᠷ᠎ᠲᠤ ᠨᠢ ᠬᠦᠷᠴᠦ᠍ ᠰᠤᠷᠪᠤᠯᠵᠢᠯᠠᠵᠤ᠂ ᠳᠡᠷᠭᠡᠲᠡ ᠨᠢ ᠬᠦᠷᠴᠦ᠍ ᠰᠣᠷᠪᠣᠯᠵᠢᠯᠠᠬᠣ ᠮᠠᠶᠢᠭ᠋᠎ᠤᠨ᠂ ᠪᠡᠶᠡᠴᠢᠯᠡᠨ ᠣᠢᠯᠠᠭᠠᠬᠤ ᠮᠠᠶᠢᠭ᠋᠎ᠤᠨ ᠤᠬᠠᠭᠤᠯᠭ᠎ᠠ ᠮᠡᠳᠡᠭᠡᠯᠡᠯ᠎ᠢᠶᠡᠷ ᠳᠠᠮᠵᠢᠭᠤᠯᠤᠨ᠂ ᠥᠪᠥᠷ ᠮᠣᠩᠭᠣᠯ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠠᠬᠢᠭᠣᠯᠣᠭ᠍ᠰᠠᠨ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠣᠯᠣᠭ᠍ᠰᠠᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠣᠯᠣᠭ᠍ᠰᠠᠨ ᠵᠡᠷᠭᠡ ᠲᠠᠯ᠎ᠠ᠎ᠪᠠᠷ ᠬᠢ ᠲᠦᠷᠦ᠎ᠶᠢᠨ ᠪᠣᠳᠣᠯᠭ᠎ᠠ᠎ᠶᠢᠨ ᠳᠠᠪᠠᠭᠤᠯᠢᠭ᠋᠂ ᠬᠥᠭᠵᠢᠯᠲᠡ᠎ᠶᠢᠨ ᠦᠷ᠎ᠡ ᠪᠦᠲᠦᠭᠡᠯ᠎ᠢ ᠤᠬᠠᠭᠤᠯᠤᠨ ᠲᠠᠨᠢᠯᠴᠠᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠬᠥᠮᠥᠨ᠎ᠦ ᠡᠷᠬᠡ᠎ᠶᠢᠨ ᠥᠪᠥᠷ ᠮᠣᠩᠭᠣᠯ᠎ᠳᠠᠬᠢ ᠦᠯᠢᠭᠡᠷ᠎ᠢ ᠶᠠᠷᠢᠭᠣᠯᠬᠣ ᠪᠣᠯᠣᠨ᠎ᠠ᠃