ᠲᠠᠪᠤᠳᠤᠭᠠᠷ ᠬᠤᠭᠤᠴᠠᠭᠠᠨ᠎ᠤ ᠳᠤᠮᠳᠠᠳᠤ ᠪᠠ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ ᠡᠬᠢᠯᠡᠲᠡᠯ᠎ᠡ ᠬᠣᠷᠢᠭᠠᠳ ᠬᠣᠨᠣᠭ ᠪᠠᠢᠨ᠎ᠠ᠂ 8 ᠳ᠋ᠤᠭᠠᠷ ᠰᠠᠷ᠎ᠠ᠎ᠶᠢᠨ 25 ᠤ ᠡᠳᠦᠷ᠎ᠡᠴᠡ 29 ᠤ ᠡᠳᠦᠷ ᠪᠣᠯᠲᠠᠯ᠎ᠠ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭᠳᠠᠬᠤ ᠭᠡᠵᠦ᠍ ᠪᠠᠢᠭ᠎ᠠ ᠡᠨᠡ ᠤᠳᠠᠭᠠᠨ᠎ᠤ ᠤᠯᠤᠰ ᠠᠯᠤᠰᠯᠠᠭᠰᠠᠨ ᠦᠪᠡᠳᠡᠭᠰᠢ ᠴᠤᠭᠯᠠᠭᠠᠨ᠎ᠤ ᠪᠡᠯᠡᠳᠬᠡᠯ ᠠᠵᠢᠯ ᠰᠢᠪᠲᠤᠯᠤᠯᠲᠠ᠎ᠶᠢᠨ ᠱᠠᠲᠤᠨ᠎ᠳᠤ ᠣᠷᠣᠪᠠ᠃ 8 ᠳ᠋ᠤᠭᠠᠷ ᠰᠠᠷ᠎ᠠ᠎ᠶᠢᠨ 5᠎ᠤ ᠡᠳᠦᠷ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠪᠠ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ ᠪᠣᠭᠣᠮᠲᠠ᠎ᠶ᠋ᠢᠨ ᠶᠠᠪᠤᠳᠠᠯ᠎ᠤᠨ ᠬᠡᠯᠲᠡᠰ ᠦᠵᠡᠰᠬᠦᠯᠡᠩ᠎ᠦᠨ ᠭᠣᠣᠯ ᠦᠵᠡᠭᠦᠯᠭᠡ᠎ᠶᠢᠨ ᠭᠣᠭ᠍ᠴᠣᠭᠠᠨᠤ ᠵᠦᠢᠯᠡᠰ᠎ᠢ ᠤᠷᠢᠳᠴᠢᠯᠠᠨ ᠨᠡᠢᠲᠡᠯᠡᠵᠡᠢ᠂ ᠲᠡᠭᠦᠨ᠎ᠳᠦ᠎ᠪᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠠᠮᠲᠠᠲᠤ ᠢᠳᠡᠭᠡᠨ᠂ ᠬᠢᠯᠢ ᠠᠯᠤᠰᠯᠠᠭᠰᠠᠨ ᠰᠠᠢᠨ ᠪᠠᠷᠠᠭ᠎ᠠ ᠵᠡᠷᠭᠡ ᠣᠯᠠᠨ ᠡᠰᠢᠲᠦ ᠠᠭᠤᠯᠭ᠎ᠠ᠎ᠶᠢ ᠬᠠᠮᠤᠷᠴᠤ᠂ 《ᠱᠢᠨᠵᠢᠯᠡᠭᠡ ᠮᠡᠷᠭᠡᠵᠢᠯ᠎ᠦᠨ ᠠᠭᠤᠯᠭ᠎ᠠ ᠰᠢᠨᠵᠢ ᠲᠠᠢ᠂ ᠠᠵᠤ ᠠᠮᠢᠳᠤᠷᠠᠯ᠎ᠤᠨ ᠦᠨᠦᠷ ᠠᠮᠲᠠ ᠲᠠᠢ᠂ ᠣᠯᠠᠨ ᠤᠯᠤᠰ᠎ᠤᠨ ᠬᠡᠪ ᠨᠠᠮᠪᠠ ᠲᠠᠢ》 ᠪᠠᠢᠬᠤ᠎ᠶ᠋ᠢ ᠨᠢᠭᠡ ᠴᠣᠭᠴᠠᠵᠢᠭᠤᠯᠤᠭᠰᠠᠨ ᠨᠢᠭᠡ ᠤᠳᠠᠭᠠᠨ᠎ᠤ ᠤᠯᠤᠰ ᠠᠯᠤᠰᠯᠠᠭᠰᠠᠨ ᠠᠵᠢᠯᠯᠠᠭ᠎ᠠ ᠤᠳᠠᠯ ᠦᠭᠡᠢ ᠡᠬᠢᠯᠡᠬᠦ ᠭᠡᠵᠦ ᠪᠠᠢᠨ᠎ᠠ᠃
ᠥᠪᠥᠷ ᠮᠣᠩᠭᠣᠯ᠎ᠤᠨ ᠳᠦᠷᠢ ᠲᠥᠷᠬᠦ᠎ᠶᠢᠨ ᠣᠷᠳᠣᠨ — ᠤᠮᠠᠷᠠᠲᠤ ᠬᠢᠵᠠᠭᠠᠷ᠎ᠤᠨ ᠰᠢᠨ᠎ᠡ ᠠᠮᠢᠵᠢᠷᠠᠯ᠎ᠤᠨ ᠬᠦᠴᠦᠨ᠎ᠢ ᠤᠯᠠᠨ ᠲᠠᠯ᠎ᠠ᠎ᠪᠠᠷ ᠢᠯᠡᠷᠡᠭᠦᠯᠦᠨ᠎ᠡ᠃ ᠥᠪᠥᠷ ᠮᠣᠩᠭᠣᠯ᠎ᠤᠨ ᠳᠦᠷᠢ ᠲᠥᠷᠬᠦ᠎ᠶᠢᠨ ᠣᠷᠳᠣᠨ ᠨᠢ ᠲᠦᠷᠪᠡᠨ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠢᠶᠠᠷ ᠳᠠᠮᠵᠢᠭᠤᠯᠤᠨ ᠬᠥᠭᠵᠢᠯᠲᠡ᠎ᠶᠢᠨ ᠦᠷ᠎ᠡ ᠪᠦᠲᠦᠭᠡᠯ᠎ᠢᠶᠡᠨ ᠳᠡᠯᠭᠡᠨ ᠦᠵᠡᠭᠦᠯᠦᠨ᠎ᠡ᠃ 《ᠬᠥᠭᠵᠢᠯᠲᠡ ᠲᠠᠢ ᠥᠪᠥᠷ ᠮᠣᠩᠭᠣᠯ》 ᠬᠡᠰᠡᠭ᠎ᠲᠤ᠂ ᠣᠶᠤᠨᠴᠢ ᠪᠣᠳᠣᠯᠲᠠ᠎ᠶᠢᠨ ᠦᠵᠦᠭᠦᠷ᠂ ᠬᠢᠯᠢ ᠠᠯᠤᠰᠯᠠᠭᠰᠠᠨ ᠴᠠᠬᠢᠯᠭᠠᠨ ᠬᠦᠴᠦᠨ᠎ᠦ ᠳᠠᠮᠵᠢᠭᠤᠯᠭ᠎ᠠ᠎ᠶᠢᠨ ᠳ᠋ᠢᠭᠢᠲ᠋ᠴᠢᠯᠡᠭᠰᠡᠨ ᠬᠠᠮᠢᠶᠠᠷᠤᠨ ᠡᠵᠡᠮᠳᠡᠬᠦ ᠲᠠᠪᠴᠠᠩ ᠵᠡᠷᠭᠡ ᠪᠣᠳᠠᠲᠤ ᠵᠠᠭᠪᠤᠷ᠎ᠢᠶᠠᠷ ᠰᠢᠨ᠎ᠡ ᠡᠨᠧᠷᠭᠢ᠎ᠶᠢᠨ ᠠᠵᠤ ᠦᠢᠯᠡᠰ᠎ᠦᠨ 《ᠣᠶᠤᠨᠲᠤ ᠶᠡᠬᠡ ᠲᠠᠷᠢᠬᠢ》᠎ᠶᠢ ᠬᠥᠳᠡᠯᠦᠩᠭᠦᠢ ᠦᠵᠡᠭᠦᠯᠦᠨ᠎ᠡ; 《ᠨᠡᠭᠡᠭᠡᠯᠲᠡ ᠲᠠᠢ ᠥᠪᠥᠷ ᠮᠣᠩᠭᠣᠯ》 ᠬᠡᠰᠡᠭ᠎ᠲᠦ ᠴᠢᠳᠠᠪᠬᠢ ᠰᠠᠢᠲᠠᠢ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠳᠡᠭᠡᠳᠦ ᠲᠠᠰ᠎ᠤᠨ ᠴᠠᠭᠠᠨ ᠢᠳᠡᠭᠡ ᠵᠢᠴᠢ ᠢᠮᠠᠭᠠᠨ ᠨᠣᠣᠯᠣᠭᠤᠷ᠎ᠤᠨ ᠪᠦᠲᠦᠭᠡᠭᠳᠡᠬᠦᠨ᠎ᠦ ᠪᠥᠬᠥ ᠠᠵᠤ ᠦᠢᠯᠡᠰ᠎ᠦᠨ ᠬᠡᠯᠬᠢᠶᠡᠵᠢᠭᠰᠡᠨ ᠦᠵᠡᠭᠦᠯᠭᠡ᠎ᠶᠢᠨ ᠡᠳ᠋᠎ᠢ ᠳᠡᠯᠭᠡᠨ ᠦᠵᠡᠭᠦᠯᠵᠦ᠂ ᠠᠵᠤ ᠦᠢᠯᠡᠰ᠎ᠦᠨ ᠥᠷᠢᠰᠦᠯᠳᠦᠬᠦ ᠬᠦᠴᠦᠨ᠎ᠢᠶᠡᠨ ᠬᠠᠷᠠᠭᠤᠯᠤᠨ᠎ᠠ; 《ᠪᠣᠬᠢᠷᠲᠤᠯ ᠦᠭᠡᠢ ᠥᠪᠥᠷ ᠮᠣᠩᠭᠣᠯ》᠎ᠦᠨ ᠬᠡᠰᠡᠭ᠎ᠲᠤ ᠣᠶᠤᠨᠴᠢ ᠤᠰᠤᠯᠠᠯᠲᠠ᠎ᠶᠢᠨ ᠲᠥᠬᠦᠭᠡᠷᠦᠮᠵᠢ᠂ ᠴᠢᠴᠠᠷᠭᠠᠨ᠎ᠠ᠎ᠶᠢᠨ ᠭᠦᠨ ᠡᠳ᠋ᠰᠢᠭᠦᠯᠦᠭᠰᠡᠨ ᠪᠦᠲᠦᠭᠡᠭ᠌ᠳᠡᠬᠦᠨ ᠵᠡᠷᠭᠡ᠎ᠪᠡᠷ ᠠᠮᠢ ᠠᠬᠤᠢ᠎ᠶᠢᠨ ᠥᠷᠲᠡᠭ᠎ᠤᠨ ᠤᠯᠠᠷᠢᠭᠤᠯᠤᠯᠲᠠ᠎ᠶ᠋ᠢᠨ ᠠᠷᠭ᠎ᠠ ᠵᠠᠮ᠎ᠢ ᠲᠠᠢᠯᠪᠤᠷᠢᠯᠠᠵᠤ᠂ ᠣᠷᠭᠠᠨᠢᠭ᠋ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠢ ᠠᠮᠰᠠᠬᠤ ᠠᠵᠢᠯᠯᠠᠭ᠎ᠠ ᠲᠣᠬᠢᠷᠠᠭᠤᠯᠤᠨ᠎ᠠ; 《ᠰᠣᠶᠣᠯ᠎ᠤᠨ ᠥᠪᠥᠷ ᠮᠣᠩᠭᠣᠯ》 ᠬᠡᠰᠡᠭ᠎ᠲᠦ ᠱᠢᠨ᠎ᠡ ᠬᠢᠴᠡᠲᠡᠢ ᠲᠡᠷᠯᠢᠭ᠂ ᠥᠪᠡᠷᠮᠢᠴᠡ ᠵᠠᠬᠢᠶᠠᠯᠠᠭ᠎ᠠ ᠲᠠᠢ ᠵᠢᠭᠤᠯᠴᠢᠯᠠᠯ᠎ᠤᠨ ᠵᠠᠮ ᠱᠤᠭᠤᠮ ᠵᠡᠷᠭᠡ᠎ᠶᠢ ᠳᠡᠯᠭᠡᠨ ᠦᠵᠡᠭᠦᠯᠵᠦ᠂ ᠤᠯᠠᠮᠵᠢᠯᠠᠯᠲᠤ ᠬᠢᠭᠡᠳ ᠴᠠᠭ᠎ᠤᠨ ᠤᠷᠤᠰᠬᠠᠯ᠎ᠤᠨ ᠠᠭᠤᠰᠤᠯᠴᠠᠯ᠎ᠢ ᠢᠯᠡᠷᠡᠭᠦᠯᠦᠨ᠎ᠡ᠃
ᠠᠢᠮᠠᠭ ᠬᠣᠲᠠ ᠬᠢᠭᠡᠳ ᠠᠵᠢᠯ ᠲᠥᠷᠥᠯ᠎ᠦᠨ ᠦᠵᠡᠭᠦᠯᠭᠡ᠎ᠶ᠋ᠢᠨ ᠲᠣᠭᠣᠷᠢᠭ᠋ — ᠭᠠᠵᠠᠷ ᠣᠷᠣᠨ᠎ᠤ ᠣᠨᠴᠠᠯᠢᠭ᠋ ᠬᠢᠭᠡᠳ ᠱᠢᠨᠵᠢᠯᠡᠭᠡ ᠮᠡᠷᠭᠡᠵᠢᠯ᠎ᠦᠨ ᠡᠷᠴᠢᠮᠵᠢᠯ᠎ᠦᠨ ᠦᠢᠯᠡᠳᠦᠯᠴᠡᠯ᠃ 12 ᠠᠢᠮᠠᠭ ᠬᠤᠳᠠ᠎ᠶᠢᠨ ᠣᠨᠴᠠᠯᠢᠭ᠍ᠲᠤ ᠦᠵᠡᠭᠦᠯᠭᠡ᠎ᠳᠦ᠂ ᠬᠥᠯᠥᠨ ᠪᠤᠢ᠍ᠢᠷ᠎ᠤᠨ ᠣᠷᠭᠠᠨᠢᠭ᠋ ᠦᠬᠡᠷ ᠬᠤᠨᠢᠨ ᠮᠢᠬ᠎ᠠ᠂ ᠲᠦᠩᠯᠢᠶᠣᠣ᠎ᠶᠢᠨ ᠮᠠᠩᠬᠠᠨ᠎ᠤ ᠦᠵᠦᠮ᠂ ᠦᠬᠠᠢ᠎ᠶᠢᠨ ᠦᠵᠦᠮ᠎ᠦᠨ ᠠᠷᠢᠬᠢ᠂ ᠠᠯᠠᠱᠠ᠎ᠶᠢᠨ ᠬᠠᠴᠢᠨ ᠴᠢᠯᠠᠭᠤᠨ ᠰᠣᠶᠣᠯ᠎ᠤᠨ ᠪᠦᠲᠦᠭᠡᠭ᠌ᠳᠡᠬᠦᠨ ᠵᠡᠷᠭᠡ ᠭᠠᠵᠠᠷ ᠣᠷᠣᠨ᠎ᠤ ᠰᠣᠳᠣᠨ ᠲᠠᠸᠠᠷ᠎ᠢᠶᠠᠨ ᠨᠢᠭᠡ ᠦᠷᠲᠡᠭᠡᠴᠢᠯᠡᠭ᠌ᠰᠡᠨ ᠬᠡᠯᠪᠡᠷᠢ᠎ᠪᠡᠷ ᠳᠡᠯᠭᠡᠨ ᠦᠵᠡᠭᠦᠯᠬᠦ ᠪᠣᠯᠣᠨ᠎ᠠ᠃ ᠠᠵᠢᠯ ᠲᠦᠷᠦᠯ᠎ᠦᠨ ᠦᠵᠡᠭᠦᠯᠭᠡ᠎ᠶ᠋ᠢᠨ ᠲᠣᠭᠣᠷᠢᠭ᠋ ᠨᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠬᠢᠭᠡᠳ ᠠᠮᠢᠳᠤᠷᠠᠯ᠎ᠤᠨ ᠠᠭᠤᠰᠤᠯᠴᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠮᠠᠰᠢᠨ ᠨᠣᠬᠠᠢ ᠠᠬᠤᠢ ᠲᠠᠯᠠᠪᠠᠢ᠎ᠳᠤ ᠪᠡᠷᠬᠡ ᠪᠤᠳᠤᠯᠢᠶᠠᠨᠲᠠᠢ ᠭᠠᠵᠠᠷ᠎ᠤᠨ ᠪᠠᠢᠴᠠ᠎ᠪᠠᠷ ᠰᠦᠯᠵᠢᠯᠳᠦᠵᠦ᠂ ᠮᠠᠰᠢᠨ ᠭᠠᠷ᠎ᠢᠶᠠᠷ 《ᠢᠷᠡᠭᠡᠳᠦᠢ᠎ᠶᠢᠨ ᠦᠢᠯᠡᠳᠪᠦᠷᠢ》᠎ᠳᠤ ᠳᠠᠭᠤᠷᠢᠶᠠᠨ ᠠᠵᠢᠯᠯᠠᠬᠤ᠎ᠶᠢ ᠦᠵᠡᠭᠦᠯᠦᠨ᠎ᠡ; ᠭᠡᠷᠡᠯᠴᠢ ᠴᠡᠨᠡᠭ ᠰᠠᠯᠬᠢᠨ ᠬᠦᠴᠦᠨ᠎ᠦ ᠴᠠᠬᠢᠯᠭᠠᠨ᠎ᠤ ᠲᠥᠬᠦᠭᠡᠷᠦᠮᠵᠢ᠎ᠶᠢ ᠪᠣᠳᠣᠯᠲᠠ᠎ᠶ᠋ᠢᠨ ᠬᠦᠴᠦᠨ᠎ᠦ ᠲᠣᠬᠢᠷᠠᠭᠤᠯᠤᠯᠲᠠ᠎ᠶᠢᠨ ᠴᠤᠪᠤᠷᠠᠯ ᠵᠢᠷᠤᠭ ᠯᠤᠭ᠎ᠠ ᠤᠶᠠᠯᠳᠤᠭᠤᠯᠵᠤ᠂ ᠴᠡᠪᠡᠷ ᠡᠨᠧᠷᠭᠢ᠎ᠪᠡᠷ ᠳ᠋ᠢᠭᠢᠲᠴᠢᠯᠡᠭ᠌ᠰᠡᠨ ᠠᠵᠤ ᠠᠬᠤᠢ᠎ᠶᠢ ᠲᠤᠯᠭᠠᠭᠤᠷᠢᠯᠠᠬᠤ ᠮᠡᠷᠭᠡᠵᠢᠯ᠎ᠦᠨ ᠯᠣᠭᠢᠭ᠋᠎ᠢ ᠲᠣᠳᠣᠷᠬᠠᠢᠯᠠᠨ ᠲᠠᠢᠯᠪᠤᠷᠢᠯᠠᠨ᠎ᠠ; ᠵᠣᠬᠢᠶᠠᠮᠠᠯ ᠣᠶᠣᠯᠢᠭᠤᠨ ᠰᠣᠯᠢᠯᠴᠠᠭᠠᠨ᠎ᠤ ᠦᠵᠦᠭᠦᠷ ᠨᠢ ᠲᠣᠭᠣᠷᠢᠨ ᠦᠵᠡᠭᠴᠢᠳ᠎ᠲᠦ ᠣᠶᠤᠨᠲᠤ ᠵᠠᠮ ᠬᠠᠷᠢᠯᠴᠠᠭ᠎ᠠ᠂ ᠡᠮᠴᠢᠯᠡᠭᠡ ᠵᠡᠷᠭᠡ ᠲᠠᠯᠠᠪᠤᠷ᠎ᠲᠠᠬᠢ ᠬᠡᠷᠡᠭᠯᠡᠯᠲᠡ᠎ᠶᠢ ᠣᠢᠯᠠᠭᠠᠭᠤᠯᠵᠤ᠂ ᠬᠢᠯᠢ ᠠᠯᠤᠰᠯᠠᠭᠰᠠᠨ ᠴᠠᠬᠢᠯᠭᠠᠨ ᠬᠦᠴᠦᠨ᠎ᠦ ᠰᠢᠰᠲᠧᠮ ᠬᠢᠭᠡᠳ ᠣᠶᠣᠨᠴᠢ ᠴᠠᠬᠢᠯᠭᠠᠨ ᠬᠦᠴᠦᠨ᠎ᠦ ᠲᠣᠣᠷ᠎ᠤᠨ ᠲᠥᠬᠦᠭᠡᠷᠦᠮᠵᠢ ᠨᠢ ᠡᠨᠧᠷᠭᠢ᠎ᠶᠢᠨ ᠬᠦᠷᠢᠶᠡᠨ᠎ᠳᠡᠬᠢ 《ᠳᠤᠮᠳᠠᠳᠤ ᠤᠯᠤᠰ᠎ᠤᠨ ᠤᠶᠤᠨ ᠤᠬᠠᠭᠠᠨ》᠎ᠢ ᠬᠠᠷᠠᠭᠤᠯᠤᠨ᠎ᠠ᠃
ᠬᠡᠷᠡᠭ᠌ᠯᠡᠭᠡ᠎ᠶ᠋ᠢᠨ ᠬᠥᠭ᠌ᠵᠢᠶᠡᠨ ᠪᠠ ᠤᠯᠠᠨ ᠤᠯᠤᠰ᠎ᠤᠨ ᠦᠵᠡᠭᠦᠯᠭᠡ᠎ᠶ᠋ᠢᠨ ᠲᠣᠭᠣᠷᠢᠭ᠋ — ᠠᠮᠲᠠᠲᠤ ᠢᠳᠡᠭᠡᠨ ᠪᠠ ᠪᠦᠬᠦ ᠪᠥᠮᠪᠥᠷᠴᠡᠭ᠎ᠦᠨ ᠰᠠᠢᠨ ᠲᠠᠸᠠᠷ᠎ᠢ ᠴᠤᠭ᠍ᠯᠠᠷᠠᠭᠤᠯᠤᠨᠠ᠃ ᠬᠡᠷᠡᠭ᠌ᠯᠡᠭᠡ᠎ᠶ᠋ᠢᠨ ᠬᠥᠭ᠌ᠵᠢᠶᠡᠨᠦ ᠲᠣᠭᠣᠷᠢᠭ᠋᠎ᠲᠤ ᠣᠯᠠᠨ ᠰᠣᠨᠢᠨ ᠦᠵᠡᠮᠦᠷᠢ ᠪᠣᠶ᠄ ᠰᠠᠭᠠᠯᠢ᠎ᠶ᠋ᠢᠨ ᠦᠢᠯᠡᠰ᠎ᠦᠨ ᠵᠠᠷᠯᠠᠯ᠎ᠲᠤ ᠤᠷᠤᠯᠳᠤᠭᠠᠨ ᠨᠢ ᠣᠷᠣᠨ᠎ᠤ ᠳᠣᠲᠣᠷᠠᠬᠢ ᠰᠦ ᠰᠠᠭᠠᠯᠢ᠎ᠶᠢᠨ ᠠᠵᠤ ᠠᠬᠤᠢᠯᠠᠯ᠎ᠤᠨ ᠰᠢᠨ᠎ᠡ ᠪᠦᠲᠦᠭᠡᠭ᠌ᠳᠡᠬᠦᠨ᠎ᠢ ᠬᠤᠷᠠᠭᠤᠯᠵᠤ᠂ ᠰᠦ ᠰᠠᠭᠠᠯᠢ᠎ᠶᠢᠨ ᠦᠢᠯᠡᠰ᠎ᠦᠨ 《ᠲᠡᠮᠡᠴᠡᠭᠡᠨ》᠎ᠢ ᠬᠠᠷᠠᠭᠤᠯᠤᠨ᠎ᠠ; 12 ᠮᠤᠵᠢ ᠬᠤᠳᠠ᠎ᠶᠢᠨ ᠥᠪᠡᠷᠮᠢᠴᠡ ᠣᠨᠴᠠᠯᠢᠭ᠍ᠲᠤ ᠰᠢᠯᠢᠳᠡᠭ ᠪᠠᠷᠠᠭ᠎ᠠ᠎ᠶᠢ ᠳᠡᠯᠭᠡᠨ ᠦᠵᠡᠭᠦᠯᠵᠦ᠂ ᠶᠦᠨᠨᠠᠨ᠎ᠤ ᠬᠡᠭᠡᠷ᠎ᠡ᠎ᠶᠢᠨ ᠮᠦᠬᠦ᠎ᠶᠢᠨ ᠵᠢᠶᠠᠩ᠎ᠠᠴᠠ ᠵᠧᠵᠢᠶᠠᠩ᠎ᠤᠨ ᠤᠶᠤᠨᠴᠢ ᠭᠡᠷ᠎ᠦᠨ ᠴᠠᠬᠢᠯᠭᠠᠨ ᠬᠡᠷᠡᠭᠰᠡᠯ᠎ᠢ ᠨᠢᠭᠡ ᠯᠡ ᠤᠳᠠᠭ᠎ᠠ᠎ᠳᠤ ᠪᠦᠷᠢᠨ ᠬᠤᠳᠠᠯᠳᠤᠨ ᠠᠪᠴᠤ᠌ ᠪᠣᠯᠣᠨ᠎ᠠ; ᠣᠬᠢ ᠱᠢᠯᠢᠳᠡᠭ ᠱᠣᠣᠮᠠᠢ ᠶᠢᠨ ᠨᠠᠢᠷ᠎ᠲᠤ 12 ᠠᠢᠮᠠᠭ ᠬᠤᠲᠠ᠎ᠶᠢᠨ ᠲᠣᠭᠣᠭᠠᠴᠢ ᠨᠠᠷ᠎ᠢ ᠴᠤᠭ᠍ᠯᠠᠭᠤᠯᠵᠤ ᠱᠢᠨ᠎ᠡ ᠰᠡᠪᠡᠭᠦᠨ ᠠᠮᠲᠠᠲᠤ ᠢᠳᠡᠭᠡᠨ᠎ᠢ ᠨᠢ ᠱᠢᠯᠭᠠᠷᠠᠭᠤᠯᠤᠨ᠎ᠠ᠃ ᠡᠯᠧᠺᠲᠷᠣᠨ ᠬᠤᠳᠠᠯᠳᠤᠭᠠᠨ᠎ᠤ ᠦᠵᠡᠭᠦᠯᠭᠡ᠎ᠶ᠋ᠢᠨ ᠲᠣᠭᠣᠷᠢᠭ᠋᠎ᠲᠤ᠂ ᠲᠢᠶᠠᠨ ᠮᠣᠣ᠂ ᠵᠢᠩ ᠳ᠋ᠦᠩ᠂ ᠪᠤᠱᠢᠭᠤ ᠭᠠᠷ ᠭᠤᠷᠪᠠᠨ ᠲᠣᠮᠣ᠌ ᠲᠠᠪᠴᠠᠩ ᠨᠢ ᠵᠠᠭᠤᠨ ᠲᠦᠮᠡᠨ ᠹᠠᠨᠰ ᠲᠠᠢ ᠰᠦᠯᠵᠢᠶᠡᠨ ᠣᠳᠣᠳ ᠯᠤᠭ᠎ᠠ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠵᠤ᠂ ᠨᠠᠷᠠᠲᠤ ᠲᠡᠮᠳᠡᠭ᠎ᠦᠨ ᠦᠨ᠎ᠡ ᠬᠠᠩᠰᠢ᠎ᠶ᠋ᠢ ᠨᠢ ᠪᠠᠭᠤᠷᠠᠭᠤᠯᠬᠤ᠂ ᠲᠤᠰᠬᠠᠢ ᠨᠡᠮᠡᠭᠦᠷᠢ ᠥᠭᠬᠦ ᠵᠡᠷᠭᠡ ᠬᠠᠷᠠᠭᠠᠯᠵᠠᠯ ᠬᠦᠷᠲᠡᠭᠡᠨ᠎ᠡ᠃ ᠣᠯᠠᠨ ᠤᠯᠤᠰ᠎ᠤᠨ ᠦᠵᠡᠭᠦᠯᠭᠡ᠎ᠶ᠋ᠢᠨ ᠲᠣᠭᠣᠷᠢᠭ᠋᠎ᠲᠤ 《ᠨᠢᠭᠡ ᠪᠦᠰᠡ ᠨᠢᠭᠡ ᠵᠠᠮ》 ᠳᠠᠭᠠᠤ᠎ᠶ᠋ᠢᠨ ᠰᠠᠢᠨ ᠪᠠᠷᠠᠭ᠎ᠠ ᠪᠤᠢ᠂ ᠰᠢᠨ᠎ᠡ ᠽᠧᠯᠡᠨᠳ᠋᠎ᠦᠨ ᠰᠦᠨ ᠲᠠᠯᠬ᠎ᠠ᠂ ᠰᠸᠷᠪᠢᠶ᠎ᠠ᠎ᠶᠢᠨ ᠵᠢᠮᠢᠰ᠎ᠦᠨ ᠠᠷᠢᠬᠢ᠂ ᠢᠲ᠋ᠠᠯᠢ᠎ᠶᠢᠨ ᠦᠵᠦᠮ᠎ᠦᠨ ᠠᠷᠢᠬᠢ᠂ ᠢᠷᠠᠨ᠎ᠤ ᠭᠦᠷᠭᠦᠮ ᠵᠡᠷᠭᠡ ᠪᠥᠬᠥ ᠳᠡᠯᠡᠬᠡᠢ᠎ᠶᠢᠨ ᠰᠢᠯᠢᠳᠡᠭ ᠡᠳ᠋ ᠪᠠᠷᠠᠭ᠎ᠠ᠎ᠶ᠋ᠢ ᠬᠡᠷᠡᠭᠯᠡᠭᠴᠢᠳ᠎ᠲᠤ ᠰᠣᠨᠢᠷᠬᠠᠭᠤᠯᠤᠨ᠎ᠠ᠃
ᠲᠣᠰ ᠬᠤᠭᠤᠴᠠᠭᠠᠨ᠎ᠤ ᠳᠤᠮᠳᠠᠳᠤ ᠪᠠ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠢᠶᠠᠷ ᠱᠢᠨᠵᠢᠯᠡᠭᠡ ᠮᠡᠷᠭᠡᠵᠢᠯ᠂ ᠠᠮᠲᠠᠲᠤ ᠢᠳᠡᠭᠡᠨ᠂ ᠪᠠᠷᠠᠭ᠎ᠠ ᠬᠤᠳᠠᠯᠳᠤᠨ ᠠᠪᠬᠤ᠂ ᠰᠣᠶᠣᠯ ᠵᠡᠷᠭᠡ ᠣᠯᠠᠨ ᠵᠦᠢᠯᠡᠰ᠎ᠢ ᠪᠡᠶᠡᠴᠢᠯᠡᠨ ᠣᠢᠯᠠᠭᠠᠵᠤ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠪᠠᠬᠠᠲᠤᠳ᠂ ᠠᠮᠲᠠᠲᠤ ᠢᠳᠡᠭᠡᠨ᠎ᠳᠦ ᠰᠣᠨᠢᠷᠬᠠᠯᠲᠠᠢ ᠬᠥᠮᠥᠰ ᠪᠠ ᠰᠣᠶᠣᠯ᠎ᠤᠨ ᠰᠦᠪᠡᠭᠴᠢᠯᠡᠭᠴᠢᠳᠦᠨ ᠠᠯᠢ ᠨᠢ ᠴᠦ᠍ ᠭᠡᠰᠡᠨ ᠴᠥᠮ ᠥᠪᠡᠷ ᠥᠪᠡᠷ᠎ᠦᠨ᠎ᠢᠶᠡᠨ ᠰᠠᠨᠠᠭᠠᠨ᠎ᠳᠤ ᠲᠠᠭᠠᠷᠠᠭ᠍ᠰᠠᠨ ᠰᠣᠩᠭᠤᠯᠲᠠ᠎ᠪᠠᠨ ᠣᠯᠵᠤ ᠪᠣᠯᠣᠨ᠎ᠠ᠂ ᠨᠠᠩ ᠣᠯᠠᠨ ᠪᠠᠶᠠᠷ ᠪᠠᠬᠠᠳᠤᠯ ᠲᠠᠢ ᠵᠦᠢᠯᠡᠰ᠎ᠢ 8 ᠳ᠋ᠤᠭᠠᠷ ᠰᠠᠷ᠎ᠠ᠎ᠶᠢᠨ 25᠎ᠤ ᠡᠳᠦᠷ ᠵᠢᠩᠬᠢᠨᠢ᠎ᠪᠡᠷ ᠡᠬᠢᠯᠡᠵᠦ᠍ ᠦᠵᠡᠭᠦᠯᠬᠦ᠌ ᠪᠣᠯᠣᠨ᠎ᠠ᠃