8 ᠳ᠋ᠤᠭᠠᠷ ᠰᠠᠷ᠎ᠠ᠎ᠶᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠣᠲᠠ᠂ ᠪᠤᠭᠤᠲᠤ ᠬᠣᠲᠠ᠎ᠳᠤ ᠦᠶᠡᠷ᠎ᠢ ᠰᠡᠷᠭᠡᠢᠯᠡᠵᠦ ᠭᠠᠮᠰᠢᠭ᠋᠎ᠠᠴᠠ ᠠᠪᠤᠷᠠᠬᠤ ᠠᠵᠢᠯ᠎ᠳᠤ ᠪᠠᠢᠴᠠᠭᠠᠨ ᠰᠤᠳᠤᠯᠤᠯᠲᠠ ᠬᠢᠪᠡ᠃
ᠬᠤᠸᠠᠩ ᡁᠢ ᠴᠢᠶᠠᠩ ᠬᠠᠷᠠᠤᠰᠤᠶᠢᠨ ᠤᠰᠤᠨ ᠴᠥᠭᠥᠷᠥᠮ᠂ ᠲᠦᠮᠡᠳ ᠪᠠᠷᠠᠭᠤᠨ ᠬᠣᠰᠢᠭᠤᠨ᠎ᠤ ᠪᠠᠭ᠎ᠠ ᠳᠠᠯᠢ᠎ᠪᠠᠷ ᠲᠣᠰᠬᠣᠨ᠂ ᠶᠡᠬᠡ ᠲᠦᠷᠭᠡᠨ ᠭᠣᠣᠯ᠎ᠤᠨ ᠬᠠᠳᠤᠨ ᠭᠣᠣᠯ᠎ᠳᠡᠬᠢ ᠤᠰᠤ ᠲᠠᠲᠠᠬᠤ ᠬᠠᠭᠠᠯᠲᠠ᠂ ᠮᠠ ᠳᠢ ᠬᠤᠤ᠎ᠳᠠᠬᠢ ᠦᠶᠡᠷ᠎ᠢ ᠰᠠᠯᠭᠠᠬᠤ ᠭᠠᠵᠠᠷ ᠵᠡᠷᠭᠡ ᠭᠠᠵᠠᠷ᠎ᠤᠳ᠎ᠲᠤ ᠬᠦᠷᠴᠦ᠂ ᠣᠢᠷ᠎ᠠ᠎ᠶᠢᠨ ᠬᠤᠭᠤᠴᠠᠭᠠᠨ᠎ᠳᠠᠬᠢ ᠤᠰᠤᠨ ᠲᠦᠪᠰᠢᠨ᠎ᠦ ᠬᠤᠪᠢᠷᠠᠯᠲᠠ᠂ ᠦᠶᠡᠷ᠎ᠢ ᠰᠡᠷᠭᠡᠢᠯᠡᠬᠦ ᠪᠠᠢᠳᠠᠯ᠎ᠢ ᠨᠠᠷᠢᠨ ᠠᠰᠠᠭᠤᠨ ᠯᠠᠪᠯᠠᠵᠤ᠂ ᠤᠰᠤᠨ ᠴᠥᠭᠥᠷᠥᠮ᠎ᠦᠨ ᠦᠶᠡᠷ᠎ᠢ ᠰᠡᠷᠭᠡᠢᠯᠡᠬᠦ ᠲᠣᠬᠢᠷᠠᠭᠤᠯᠤᠯᠲᠠ᠂ ᠭᠣᠣᠯᠳᠠᠯᠭ᠎ᠠ ᠪᠣᠯᠬᠤ ᠲᠥᠬᠦᠭᠡᠷᠦᠮᠵᠢ᠎ᠶᠢᠨ ᠪᠠᠲᠤᠯᠠᠭ᠎ᠠ᠂ ᠭᠠᠮᠰᠢᠭ᠍ᠳᠠᠭᠰᠠᠨ ᠤᠯᠠᠨ ᠲᠦᠮᠡᠨ᠎ᠢ ᠰᠢᠯᠵᠢᠭᠦᠯᠦᠭᠰᠡᠨ ᠵᠡᠷᠭᠡ ᠪᠠᠢᠳᠠᠯ᠎ᠢ ᠲᠤᠬᠠᠢ᠎ᠶᠢᠨ ᠭᠠᠵᠠᠷ᠎ᠲᠤ ᠨᠢ ᠪᠠᠢᠴᠠᠭᠠᠨ ᠦᠵᠡᠪᠡ᠃ ᠲᠡᠷᠡ ᠬᠡᠯᠡᠬᠦ᠎ᠳᠦ᠎ᠪᠡᠨ᠂ ᠣᠳᠣᠬᠠᠨ ᠶᠠᠭ《 ᠳᠣᠯᠣᠭ᠎ᠠ ᠨᠠᠢ᠍ᠮᠠᠳᠤᠭᠠᠷ ᠰᠠᠷ᠎ᠠ᠎ᠶᠢᠨ ᠠᠭᠤᠯᠵᠠᠷ》᠎ᠤᠨ ᠦᠶᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠭᠠᠳ ᠪᠠᠢᠨ᠎ᠠ᠂ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠰᠡᠭᠦᠯᠴᠢ᠎ᠶᠢᠨ ᠬᠤᠭᠤᠴᠠᠭᠠᠨ᠎ᠤ ᠦᠶᠡᠷ᠎ᠦᠨ ᠪᠠᠢᠳᠠᠯ ᠬᠠᠨᠳᠤᠰᠢ᠎ᠶᠢ ᠱᠠᠯᠠᠪᠳᠠᠨ ᠰᠤᠳᠤᠯᠤᠨ ᠮᠠᠭᠠᠳᠯᠠᠵᠤ᠂ ᠪᠠᠭᠤᠷᠠᠢ ᠭᠣᠭᠴᠣᠭ᠎ᠠ ᠪᠠ ᠭᠣᠣᠯᠳᠠᠯᠭ᠎ᠠ᠎ᠲᠠᠢ ᠬᠡᠰᠡᠭ᠎ᠢ ᠴᠢᠩᠭ᠎ᠠ ᠠᠩᠬᠠᠷᠴᠤ᠂ 《ᠨᠢᠭᠡ ᠭᠣᠣᠯ᠎ᠳᠤ ᠨᠢᠭᠡ ᠠᠷᠭ᠎ᠠ ᠪᠣᠳᠣᠯᠭ᠎ᠠ》 ᠂ 《ᠨᠢᠭᠡ ᠴᠥᠬᠦᠷᠦᠮ᠎ᠳᠤ ᠨᠢᠭᠡ ᠠᠷᠭ᠎ᠠ ᠪᠣᠳᠣᠯᠭ᠎ᠠ》᠎ᠪᠠᠷ ᠦᠶᠡᠷ᠎ᠢ ᠰᠡᠷᠭᠡᠢᠯᠡᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠦᠶᠡᠷ᠎ᠢ ᠠᠶᠤᠯ ᠦᠭᠡᠢ᠎ᠪᠠᠷ ᠥᠩᠭᠡᠷᠡᠭᠦᠯᠬᠦ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ᠃ ᠤᠯᠠᠨ ᠲᠦᠮᠡᠨ᠎ᠦ ᠠᠮᠢ ᠨᠠᠰᠤᠨ᠎ᠤ ᠠᠮᠤᠷ ᠲᠦᠪᠰᠢᠨ᠎ᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠠᠶᠤᠯ ᠲᠦᠭᠰᠢᠭᠦᠷᠢ ᠡᠭᠦᠰᠬᠦ᠎ᠳᠦ ᠬᠥᠷᠪᠡᠯ ᠡᠷᠬᠡᠪᠰᠢ ᠠᠶᠤᠯ ᠲᠦᠭᠰᠢᠭᠦᠷᠢ᠎ᠳᠦ ᠲᠤᠯᠭᠠᠷᠠᠭᠰᠠᠨ ᠤᠯᠠᠨ ᠲᠦᠮᠡᠨ᠎ᠢ ᠡᠷᠡᠰ ᠰᠢᠭᠤᠷᠬᠠᠢ᠎ᠪᠠᠷ ᠰᠢᠯᠵᠢᠭᠦᠯᠵᠦ᠂ ᠭᠠᠮᠰᠢᠭ᠍ᠳᠠᠭᠰᠠᠨ ᠤᠯᠠᠨ ᠲᠦᠮᠡᠨ᠎ᠦ ᠠᠮᠢᠳᠤᠷᠠᠯ᠎ᠢ ᠲᠣᠬᠢᠲᠠᠢ ᠲᠥᠪᠬᠢᠨᠡᠭᠦᠯᠵᠦ᠂ ᠭᠠᠮᠰᠢᠭ᠋᠎ᠤᠨ ᠳᠠᠷᠠᠭᠠᠬᠢ ᠲᠠᠬᠢᠨ ᠪᠦᠲᠦᠭᠡᠨ ᠪᠠᠢᠭᠤᠯᠤᠯᠲᠠ ᠪᠠ ᠦᠢᠯᠡᠳᠪᠦᠷᠢᠯᠡᠯ᠎ᠢᠶᠡᠷ ᠥᠪᠡᠷ᠎ᠢ᠎ᠪᠡᠨ ᠲᠡᠩᠬᠡᠷᠡᠭᠦᠯᠬᠦ ᠠᠵᠢᠯ᠎ᠢ ᠴᠠᠭ ᠲᠤᠬᠠᠢ᠎ᠳᠦ ᠨᠢ ᠵᠣᠬᠢᠶᠠᠨ ᠪᠠᠢᠭᠤᠯᠵᠤ ᠥᠷᠨᠢᠭᠦᠯᠬᠦ ᠬᠡᠷᠡᠭᠲᠡᠢ ᠭᠡᠪᠡ᠃