ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠶ᠋ᠢᠯᠠᠭᠠᠭᠰᠠᠨ᠎ᠢᠶᠠᠷ᠄ ᠣᠶ᠋ᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ (2024 ᠣᠨ) ᠲᠥᠪ᠎ᠦᠨ ᠡᠳ᠋᠎ᠦᠨ ᠵᠠᠰᠠᠭ᠎ᠤᠨ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ᠎ᠶᠢᠨ ᠨᠥᠬᠥᠪᠥᠷᠢ ᠮᠥᠩᠭᠥ᠌ ᠪᠠ ᠬᠣᠲᠠ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠱᠠᠩᠨᠠᠯ ᠮᠥᠩᠭᠥ 8 ᠳ᠋ᠦᠩᠰᠢᠭᠤᠷ ᠲᠥᠭᠥᠷᠢᠭ᠎ᠢ ᠪᠦᠬᠦᠨ᠎ᠢ ᠡᠯ᠎ᠡ ᠠᠶ᠋ᠢᠮᠠᠭ ᠬᠣᠲᠠ᠎ᠳᠤ ᠪᠠᠭᠤᠯᠭᠠᠵᠤ᠂ ᠬᠥᠳᠡᠭᠡ ᠲᠣᠰᠬᠣᠨ᠎ᠤ ᠠᠶᠠᠨᠴᠢᠳ ᠵᠦᠭᠡᠭᠡᠪᠦᠷᠢ ᠡᠵᠡᠩᠨᠡᠭᠴᠢ᠂ ᠲᠣᠭᠣᠷᠢᠨ ᠠᠶᠠᠯᠠᠬᠤ ᠲᠦᠷᠢᠶᠡᠰᠦᠨ ᠮᠠᠰᠢᠨ᠎ᠤ ᠵᠢᠯᠣᠭᠣᠴᠢ᠎ᠳᠤ ᠨᠥᠬᠥᠪᠥᠷᠢ ᠥᠭᠬᠦ᠌ ᠪᠠ ᠬᠥᠳᠡᠭᠡ ᠲᠣᠰᠬᠣᠨ᠎ᠤ ᠵᠠᠰᠠᠮᠠᠯ ᠵᠠᠮ ᠤᠰᠤᠨ ᠵᠠᠮ᠎ᠤᠨ ᠠᠶᠠᠨᠴᠢᠳ᠎ᠤᠨ ᠵᠦᠭᠡᠭᠡᠪᠦᠷᠢ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠡᠵᠡᠩᠨᠡᠯᠲᠡ ᠵᠡᠷᠭᠡ ᠲᠠᠯ᠎ᠠ᠎ᠶᠢ ᠨᠢᠭᠡᠳᠦᠯᠲᠡᠶ ᠲᠥᠯᠥᠪᠯᠡᠨ ᠳᠡᠮᠵᠢᠬᠦ᠌᠎ᠳᠦ ᠬᠡᠷᠡᠭᠯᠡᠵᠦ᠍᠂ ᠬᠣᠲᠠ ᠬᠥᠳᠡᠭᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢ ᠤᠯᠠᠮ ᠨᠢᠭᠡ ᠠᠯᠬᠤᠮ ᠳᠡᠮᠵᠢᠨ᠎ᠠ᠃
ᠨᠥᠬᠥᠪᠥᠷᠢ ᠭᠥᠷᠳᠡᠬᠦ᠌ ᠡᠲᠡᠭᠡᠳᠲᠦ᠍ ᠪᠠᠯᠠ ᠮᠥᠩᠭᠥ᠎ᠶᠢ ᠤᠨᠤᠴᠠᠳᠠᠢ ᠪᠥᠭᠡᠳ ᠲᠦᠷᠭᠡᠨ ᠠᠰᠢᠭ ᠬᠦᠷᠲᠡᠭᠡᠬᠦ᠌᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ᠎ᠶᠢᠨ ᠨᠥᠬᠥᠪᠥᠷᠢ ᠪᠠᠯᠠ ᠮᠥᠩᠭᠥ᠎ᠶᠢᠨ ᠳᠣᠲᠣᠷᠠᠬᠢ ᠰᠦᠢᠳᠬᠡᠯ᠎ᠢ ᠭᠠᠶ᠋ᠢᠯᠢ ᠪᠣᠯᠭᠠᠨ ᠥᠭᠡᠷᠡᠴᠢᠯᠡᠭᠰᠡᠨ ᠨᠥᠬᠥᠪᠥᠷᠢ ᠪᠠ ᠬᠣᠲᠠ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠱᠠᠩᠨᠠᠯ᠎ᠤᠨ ᠮᠥᠩᠭᠥ᠎ᠶᠢᠨ ᠳᠣᠲᠣᠷᠠᠬᠢ ᠰᠦᠢᠳᠬᠡᠯ᠎ᠢ ᠭᠠᠶ᠋ᠢᠯᠢ ᠪᠣᠯᠭᠠᠨ ᠥᠭᠡᠷᠡᠴᠢᠯᠡᠭᠰᠡᠨ ᠨᠥᠬᠥᠪᠥᠷᠢ᠎ᠶᠢ 《ᠪᠦᠷᠢᠨ ᠴᠢᠳᠠᠮᠵᠢᠳᠦ ᠺᠠᠷᠲ》᠎ᠲᠤ᠌ ᠣᠷᠣᠭᠤᠯᠬᠤ᠎ᠶᠢᠨ ᠬᠠᠮᠲᠤ᠌᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠠᠶᠠᠨᠴᠢᠳ᠎ᠤᠨ ᠵᠦᠭᠡᠭᠡᠪᠦᠷᠢ ᠡᠵᠡᠩᠨᠡᠭᠴᠢ᠂ ᠬᠥᠳᠡᠭᠡ ᠲᠣᠰᠬᠣᠨ᠎ᠤ ᠤᠰᠤᠨ ᠵᠠᠮ᠎ᠤᠨ ᠠᠶᠠᠨᠴᠢᠳ᠎ᠤᠨ ᠵᠦᠭᠡᠭᠡᠪᠦᠷᠢ ᠡᠵᠡᠩᠨᠡᠭᠴᠢ ᠪᠠ ᠲᠣᠭᠣᠷᠢᠨ ᠠᠶᠠᠯᠠᠬᠤ ᠲᠦᠷᠢᠶᠡᠰᠦᠨ ᠮᠠᠰᠢᠨ ᠲᠡᠷᠭᠡᠨ᠎ᠦ ᠵᠢᠯᠣᠭᠣᠴᠢ᠎ᠳᠤ ᠲᠣᠰ ᠲᠣᠰ ᠰᠢᠭᠤᠳ ᠣᠯᠭᠣᠨ᠎ᠠ᠃
ᠲᠠᠷᠠᠭᠠᠴᠢ᠎ᠶᠢᠨ ᠠᠯᠬᠤᠮ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠲᠡᠶ ᠬᠠᠮᠲᠤᠷᠠᠨ ᠨᠥᠬᠥᠪᠥᠷᠢ ᠪᠠᠯᠠ ᠮᠥᠩᠭᠥ᠎ᠶᠢᠨ ᠠᠮᠵᠢᠯᠲᠠ ᠪᠦᠲᠦᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠰᠠᠶ᠋ᠢᠲᠤᠷ ᠬᠢᠵᠦ᠍᠂ ᠡᠳ᠋᠎ᠦᠨ ᠵᠠᠰᠠᠭ᠎ᠤᠨ ᠪᠠᠯᠠ ᠮᠥᠩᠭᠥ᠎ᠶᠢᠨ ᠬᠥᠲᠥᠯᠦᠨ ᠵᠢᠯᠣᠭᠣᠳᠬᠤ ᠦᠢᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠂ ᠪᠥᠬᠥ᠌ ᠣᠷᠣᠨ᠎ᠤ ᠬᠣᠲᠠ ᠬᠥᠳᠡᠭᠡ᠎ᠶᠢᠨ ᠵᠠᠮ ᠬᠠᠷᠢᠯᠴᠠᠭᠠᠨ᠎ᠤ ᠡᠷᠡᠭᠦᠯ ᠪᠥᠭᠡᠳ ᠲᠣᠭᠲᠠᠭᠤᠨ᠎ᠢᠶᠠᠷ ᠬᠥᠭᠵᠢᠬᠦ᠌᠎ᠳᠦ ᠬᠦᠴᠦᠨ ᠨᠡᠮᠡᠷᠢᠯᠡᠬᠦ᠌ ᠪᠣᠯᠤᠨ᠎ᠠ᠃