ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠵᠤᠨ᠎ᠤ ᠵᠥᠭᠡᠭᠡᠪᠦᠷᠢ᠎ᠶᠢᠨ ᠠᠵᠢᠯ ᠳᠤᠮᠳᠠᠯᠠᠪᠠ ᠲᠠᠯ᠎ᠠ ᠨᠤᠲᠤᠭ᠎ᠤᠨ ᠲᠡᠮᠦᠷ ᠵᠠᠮ ᠎ᠤᠨ ᠠᠶᠠᠨᠴᠢᠳ ᠎ᠤᠨ ᠲᠣᠭ᠎ᠠ 441.7 ᠲᠦᠮᠡᠨ ᠬᠥᠮᠥᠨ ᠤᠳᠠᠭ᠎ᠠ ᠎ᠳᠤ ᠬᠦᠷᠪᠡ
ᠨᠡᠶ᠋ᠢᠲᠡᠯᠡᠭᠰᠡᠨ ᠴᠠᠭ᠄ 2025-08-07

 

8 ᠳ᠋ᠤᠭᠠᠷ ᠰᠠᠷ᠎ᠠ᠎ᠶᠢᠨ 3᠎ᠤ ᠡᠳᠦᠷ ᠂ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶᠠᠨ᠎ᠤ ᠪᠦᠯᠦᠭᠯᠡᠯ᠎ᠤᠨ ᠬᠢᠵᠠᠭᠠᠷᠲᠤ ᠺᠣᠮᠫᠠᠨᠢ (ᠳᠣᠷᠣᠭ᠍ᠰᠢ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠭᠡᠵᠦ ᠲᠣᠪᠴᠢᠯᠠᠨ᠎ᠠ)᠎ᠠᠴᠠ ᠣᠢᠯᠠᠭᠠᠭᠰᠠᠨ᠎ᠢᠶᠠᠷ ᠂ 7 ᠳ᠋ᠤᠭᠠᠷ ᠰᠠᠷ᠎ᠠ᠎ᠶᠢᠨ 31᠎ᠤ ᠡᠳᠦᠷ ᠪᠣᠯᠲᠠᠯ᠎ᠠ ᠂ 62 ᠡᠳᠦᠷ᠎ᠤᠨ ᠬᠤᠭᠤᠴᠠᠭ᠎ᠠ ᠪᠦᠬᠦᠢ ᠵᠤᠨ᠎ᠤ ᠠᠮᠠᠷᠠᠯᠲᠠ᠎ᠶᠢᠨ ᠵᠥᠭᠡᠭᠡᠪᠦᠷᠢ᠎ᠶᠢᠨ ᠠᠵᠢᠯ ᠳᠤᠮᠳᠠᠯᠠᠵᠤ᠂ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶᠠᠨ ᠎ᠤ ᠠᠶᠠᠨᠴᠢᠳ ᠵᠥᠭᠡᠭᠡᠪᠦᠷᠢᠯᠡᠭ᠌ᠰᠡᠨ ᠲᠣᠭ᠎ᠠ ᠨᠡᠢᠲᠡ 441.7 ᠲᠦᠮᠡᠨ ᠬᠥᠮᠦᠨ ᠤᠳᠠᠭ᠎ᠠ ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 1.5 %᠎ᠪᠠᠷ ᠨᠡᠮᠡᠭᠳᠡᠪᠡ ᠃

ᠵᠣᠨ᠎ᠤ ᠵᠥᠭᠡᠭᠡᠪᠦᠷᠢ ᠨᠢ ᠥᠪᠥᠷ ᠮᠣᠩᠭᠤᠯ᠎ᠤᠨ ᠵᠢᠭᠤᠯᠴᠢᠯᠠᠯ᠎ᠤᠨ ᠬᠥᠭᠵᠢᠶᠡᠨᠲᠦ ᠤᠯᠠᠷᠢᠯ ᠯᠤᠭ᠎ᠠ ᠳᠣᠬᠢᠶᠠᠯᠳᠤᠵᠤ ᠂ ᠲᠡᠮᠦᠷ ᠵᠠᠮ᠎ᠤᠨ ᠠᠶᠠᠨᠴᠢᠳ ᠨᠢ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ ᠪᠠ ᠪᠡᠭᠡᠵᠢᠩ᠎ᠤᠨ ᠬᠤᠭᠤᠷᠣᠨᠳᠤ ᠂ ᠬᠥᠬᠡᠬᠤᠲᠠ ᠂ ᠪᠤᠭᠤᠲᠤ ᠂ ᠣᠷᠳᠣᠰ ᠂ ᠤᠯᠠᠭᠠᠨᠴᠠᠪ ᠵᠡᠷᠭᠡ ᠬᠣᠲᠠᠳ᠎ᠤᠨ ᠬᠤᠭᠤᠷᠣᠨᠳᠣᠬᠢ ᠣᠶ᠋ᠢᠷ᠎ᠠ ᠵᠠᠮ᠎ᠤᠨ ᠵᠢᠭᠤᠯᠴᠢᠯᠠᠯ ᠎ᠢᠶᠠᠷ ᠨᠡᠯᠢᠶᠡᠳ ᠲᠥᠪᠯᠡᠷᠡᠭ᠌ᠰᠡᠨ ᠪᠠᠢᠨ᠎ᠠ ᠃ ᠡᠨᠡ ᠵᠢᠯ᠎ᠤᠨ ᠵᠤᠨ᠎ᠤ ᠵᠥᠭᠡᠭᠡᠪᠦᠷᠢ᠎ᠶᠢᠨ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠬᠥᠬᠡᠬᠣᠲᠠ᠎ᠶᠢᠨ ᠵᠡᠭᠦᠨ ᠥᠷᠲᠡᠭᠡ᠎ᠠᠴᠠ ᠬᠠᠨᠺᠸᠦ ᠬᠦᠷᠬᠦ ᠂ ᠬᠥᠬᠡᠬᠣᠲᠠ᠎ᠶᠢᠨ ᠵᠡᠭᠦᠨ ᠥᠷᠲᠡᠭᠡ᠎ᠠᠴᠠ ᠶᠠᠩᠵᠧᠦ ᠬᠦᠷᠬᠦ ᠬᠣᠶᠠᠷ ᠬᠣᠣᠰ ᠲᠦᠷᠭᠡᠨ᠎ᠦ ᠲᠡᠮᠦᠷ ᠵᠠᠮ ᠎ᠤᠨ ᠭᠠᠯᠲᠤ ᠲᠡᠷᠭᠡ ᠪᠠ ᠬᠥᠳᠡᠯᠭᠡᠭᠦᠷᠲᠦ ᠭᠠᠯᠲᠤ ᠲᠡᠷᠭᠡ᠎ᠶᠢ ᠰᠢᠨ᠎ᠡ᠎ᠪᠡᠷ ᠡᠬᠢᠯᠡᠭᠦᠯᠵᠦ ᠂ ᠲᠡᠷᠭᠡ ᠨᠡᠪᠲᠡᠷᠡᠭᠰᠡᠨ᠎ᠠᠴᠠ ᠨᠠᠭᠠᠰᠢ ᠲᠡᠷᠭᠡᠨ᠎ᠳᠦ ᠰᠠᠭᠤᠭᠰᠠᠨ ᠳᠤᠮᠳᠠᠴᠢ ᠨᠣᠷᠮ᠎ᠠ᠎ᠨᠢ ᠲᠤᠰ ᠲᠤᠰ 90% ᠪᠠ 110%᠎ᠳᠤ ᠬᠦᠷᠴᠡᠢ ᠃

ᠵᠤᠨ᠎ᠤ ᠵᠥᠭᠡᠭᠡᠪᠦᠷᠢ ᠡᠬᠢᠯᠡᠭᠰᠡᠨ᠎ᠡᠴᠡ ᠨᠠᠭᠠᠰᠢ ᠂ ᠲᠡᠮᠦᠷ ᠵᠠᠮ᠎ᠤᠨ ᠰᠠᠯᠠᠭ᠎ᠠ ᠮᠥᠴᠢᠷ᠎ᠤᠨ ᠬᠢᠨ ᠭᠠᠯᠲᠤ ᠲᠡᠷᠭᠡ ᠠᠶᠠᠯᠠᠭᠤᠯᠬᠤ ᠲᠥᠰᠦᠯ᠎ᠢ ᠨᠠᠷᠢᠨ ᠨᠢᠮᠪᠠᠢ ᠲᠣᠭᠲᠠᠭᠠᠵᠤ ᠂ ᠬᠠᠯᠠᠮᠰᠢᠯᠲᠤ ᠴᠢᠭᠯᠡᠯ ᠎ᠲᠡᠢ ᠠᠶᠠᠯᠠᠯ ᠎ᠤᠨ ᠵᠥᠭᠡᠭᠡᠪᠦᠷᠢᠯᠡᠬᠦ ᠬᠦᠴᠦᠨ᠎ᠢ ᠨᠡᠮᠡᠭᠳᠡᠭᠦᠯᠪᠡ ᠂  ᠡᠳᠦᠷ ᠠᠯᠤᠰᠯᠠᠨ ᠠᠶᠠᠯᠠᠬᠤ ᠠᠶᠠᠨᠴᠢᠳ᠎ᠤᠨ ᠭᠠᠯᠲᠤ ᠲᠡᠷᠭᠡ᠎ᠶᠢ ᠬᠠᠮᠤᠭ ᠣᠯᠠᠨ᠎ᠳᠤ᠎ᠪᠠᠨ 144.5 ᠬᠣᠣᠰ ᠠᠶᠠᠯᠠᠭᠤᠯᠵᠤ ᠂ ᠡᠭᠦᠨ᠎ᠳᠤ ᠪᠡᠭᠡᠵᠢᠩ ᠤᠷᠤᠭᠤ ᠠᠶᠠᠯᠠᠭᠤᠯᠤᠭᠰᠠᠨ ᠲᠦᠷᠭᠡᠨ᠎ᠤ ᠲᠡᠮᠦᠷ ᠵᠠᠮ ᠎ᠤᠨ ᠭᠠᠯᠲᠤ ᠲᠡᠷᠭᠡ ᠪᠠ ᠬᠥᠳᠡᠯᠭᠡᠭᠦᠷᠲᠦ ᠭᠠᠯᠲᠤ ᠲᠡᠷᠭᠡ 43 ᠬᠣᠣᠰ ᠂ ᠬᠣᠲᠠᠳ᠎ᠤᠨ ᠬᠣᠭᠣᠷᠣᠨᠳᠣᠬᠢ ᠬᠥᠳᠡᠯᠭᠡᠭᠦᠷᠲᠦ ᠭᠠᠯᠲᠤ ᠲᠡᠷᠭᠡ ᠂ ᠬᠣᠲᠠᠳ᠎ᠤᠨ ᠬᠣᠭᠣᠷᠣᠨᠳᠣᠬᠢ ᠭᠠᠯᠲᠤ ᠲᠡᠷᠭᠡ ᠪᠠ ᠡᠩ᠎ᠤᠨ ᠬᠤᠷᠳᠤᠴᠠᠲᠤ ᠭᠠᠯᠲᠤ ᠲᠡᠷᠭᠡ 40.5 ᠬᠣᠣᠰ ᠪᠠᠢᠪᠠ᠂ ᠸᠸᠨᠵᠸᠦ ᠂ ᠴᠦᠩᠴᠢᠩ ᠂ ᠰᠢ ᠠᠨ ᠂ ᠴᠠᠩᠴᠦ᠋ᠨ ᠵᠡᠷᠭᠡ ᠬᠠᠯᠠᠮᠰᠢᠯᠲᠤ ᠴᠢᠭᠯᠡᠯ ᠎ᠲᠡᠢ ᠠᠶᠠᠯᠠᠯ ᠎ᠤᠨ ᠠᠶᠠᠨᠴᠢᠳ᠎ᠤᠨ ᠲᠦᠷ ᠴᠠᠭ᠎ᠤᠨ ᠭᠠᠯᠲᠤ ᠲᠡᠷᠭᠡ᠎ᠶᠢ ᠨᠡᠮᠡᠵᠦ᠂ ᠠᠶᠠᠨᠴᠢᠳ᠎ᠤᠨ ᠵᠤᠨ᠎ᠤ ᠠᠮᠠᠷᠠᠯᠲᠠ᠎ᠶᠢᠨ ᠬᠤᠭᠤᠴᠠᠭᠠᠨ ᠎ᠳᠠᠬᠢ ᠶᠠᠪᠤᠵᠤ ᠰᠠᠭᠤᠬᠤ ᠬᠡᠷᠡᠭᠴᠡᠭᠡ᠎ᠶᠢ ᠬᠠᠮᠤᠭ ᠎ᠤᠨ ᠶᠡᠬᠡ ᠬᠡᠮᠵᠢᠶ᠎ᠡ᠎ᠪᠠᠷ ᠬᠠᠩᠭᠠᠭᠰᠠᠨ ᠪᠠᠢᠨ᠎ᠠ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠲᠠᠰᠤᠷᠠᠯᠲᠠ ᠥᠬᠡᠶ ᠭᠦᠨᠵᠡᠭᠡᠶ᠋ᠢᠷᠡᠬᠦ᠎ᠶᠢ ᠳᠠᠭᠠᠯᠳᠤᠨ ᠂ ᠲᠡᠮᠦᠷ ᠵᠠᠮ᠎ᠤᠨ ᠰᠠᠯᠠᠭ᠎ᠠ ᠮᠥᠴᠢᠷ᠎ᠤᠳ 《ᠲᠡᠮᠦᠷ ᠵᠠᠮ + ᠰᠣᠶᠣᠯ ᠵᠢᠭᠤᠯᠴᠢᠯᠠᠯ》᠎ᠤᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ ᠂ ᠠᠶᠠᠨᠴᠢᠳ᠎ᠤᠨ ᠵᠥᠭᠡᠭᠡᠪᠦᠷᠢ᠎ᠶᠢᠨ ᠦᠢᠯᠡᠴᠢᠯᠡᠭᠡᠨ ᠎ᠳᠤ ᠰᠢᠨ᠎ᠡ᠎ᠶᠢ ᠡᠭᠦᠳᠴᠦ ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠴᠢᠭᠯᠡᠭᠦᠯᠦᠨ ᠤᠨᠴᠠᠯᠢᠬ᠍ᠳᠤ ᠲᠤᠰᠬᠠᠶ ᠭᠠᠯᠲᠤ ᠲᠡᠷᠭᠡ᠎ᠶᠢ ᠡᠬᠢᠯᠡᠵᠦ ᠠᠶᠠᠯᠠᠭᠤᠯᠪᠠ ᠃ ᠳᠠᠭᠤᠤ ᠬᠥᠭᠵᠢᠮ᠎ᠦᠨ ᠦᠳᠡᠰᠢᠯᠡᠭᠡ᠎ᠶᠢ ᠰᠣᠨᠢᠷᠬᠠᠬᠤ᠎ᠪᠠᠷ ᠢᠷᠡᠭᠰᠡᠨ ᠠᠶᠠᠨᠴᠢᠳ᠎ᠤᠨ ᠪᠤᠴᠠᠬᠤ ᠠᠶᠠᠯᠠᠯ ᠎ᠳᠤ ᠦᠢᠯᠡᠴᠢᠯᠡᠬᠦ᠎ᠶᠢᠨ ᠲᠥᠯᠥᠭᠡ ᠂ 《ᠳᠠᠭᠤᠨ᠎ᠤ ᠪᠠᠬᠠᠲᠠᠳ ᠎ᠤᠨ ᠲᠤᠰᠬᠠᠢ ᠴᠤᠪᠤᠭ᠎ᠠ ᠲᠡᠷᠭᠡ》 ᠎ᠶ᠋ᠢᠨ ᠬᠥᠳᠡᠯᠭᠡᠭᠦᠷᠲᠦ ᠭᠠᠯᠲᠤ ᠲᠡᠷᠭᠡ᠎ᠶᠢ ᠬᠣᠶᠠᠷ ᠴᠤᠪᠤᠭ᠎ᠠ ᠨᠡᠮᠡᠵᠦ ᠠᠶᠠᠯᠠᠭᠤᠯᠪᠠ ᠃

《Y》 ᠦᠰᠦᠭᠲᠦ ᠠᠶᠠᠨᠴᠢᠳ᠎ᠤᠨ ᠲᠦᠷ ᠴᠠᠭ᠎ᠤᠨ ᠭᠠᠯᠲᠤ ᠲᠡᠷᠭᠡ᠎ᠶᠢ 12 ᠴᠤᠪᠤᠭ᠎ᠠ ᠨᠡᠮᠡᠵᠦ ᠠᠶᠠᠯᠠᠭᠤᠯᠤᠨ ᠂ ᠠᠶᠠᠨᠴᠢᠳ᠎ᠤᠨ ᠰᠢᠯᠢ᠎ᠶᠢᠨ ᠭᠣᠣᠯ ᠠᠢᠮᠠᠭ᠎ᠲᠤ ᠬᠦᠷᠴᠦ 《ᠨᠠᠭᠠᠳᠤᠮ》᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠳᠤ ᠣᠷᠣᠯᠴᠠᠬᠤ᠎ᠳᠤ ᠨᠢ ᠳᠥᠭᠥᠮ ᠦᠵᠡᠭᠦᠯᠪᠡ ᠃ ᠵᠤᠨ᠎ᠤ ᠠᠮᠠᠷᠠᠯᠲᠠ᠎ᠶᠢᠨ ᠵᠢᠭᠤᠯᠴᠢᠯᠠᠯ ᠂ ᠭᠡᠷ ᠪᠦᠯᠢ᠎ᠶᠢᠨ ᠵᠢᠭᠤᠯᠴᠢᠯᠠᠯ ᠂ ᠪᠤᠭᠤᠷᠤᠯᠴᠤᠳ᠎ᠤᠨ ᠵᠢᠭᠤᠯᠴᠢᠯᠠᠯ ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠠᠳᠠᠯᠢ ᠪᠤᠰᠤ ᠬᠥᠮᠦᠰ᠎ᠤᠨ ᠵᠢᠭᠤᠯᠴᠢᠯᠠᠯ ᠎ᠢᠶᠠᠷ ᠶᠠᠪᠤᠵᠤ ᠰᠠᠭᠤᠬᠤ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ ᠂ ᠵᠤᠨ᠎ᠤ ᠠᠮᠠᠷᠠᠯᠲᠠ᠎ᠶᠢᠨ ᠵᠥᠭᠡᠭᠡᠪᠦᠷᠢ ᠡᠬᠢᠯᠡᠭᠰᠡᠨ᠎ᠡᠴᠡ ᠨᠠᠭᠠᠰᠢ ᠂ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠪᠠᠰᠠ ᠵᠡᠭᠦᠨ ᠬᠣᠢᠲᠤ ᠣᠷᠣᠨ ᠂ ᠰᠢᠨᠵᠢᠶᠠᠩ᠎ᠳᠤ ᠬᠦᠷᠬᠦ ᠵᠢᠭᠤᠯᠴᠢᠯᠠᠯ᠎ᠤᠨ ᠲᠤᠰᠬᠠᠢ ᠴᠤᠪᠤᠭ᠎ᠠ ᠭᠠᠯᠲᠤ ᠲᠡᠷᠭᠡ᠎ᠶᠢ 4 ᠴᠤᠪᠤᠭ᠎ᠠ ᠠᠶᠠᠯᠠᠭᠤᠯᠵᠤ ᠂ ᠥᠷᠭᠡᠨ ᠣᠯᠠᠨ ᠲᠦᠮᠡᠨ᠎ᠤ ᠵᠤᠨ᠎ᠤ ᠠᠮᠠᠷᠠᠯᠲᠠ᠎ᠶᠢᠨ ᠬᠤᠭᠤᠴᠠᠭᠠᠨ᠎ᠳᠠᠬᠢ ᠵᠢᠭᠤᠯᠴᠢᠯᠠᠯ᠎ᠳᠤ ᠨᠡᠩ ᠣᠯᠠᠨ ᠰᠣᠩᠭᠣᠯᠲᠠ ᠬᠠᠩᠭᠠᠭᠰᠠᠨ ᠪᠠᠢᠨ᠎ᠠ ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map