ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠦᠷᠦᠭᠦᠦ ᠬᠠᠭᠠᠰ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠡᠴᠡ 25.1 ᠳ᠋ᠦᠩᠰᠢᠭᠤᠷ ᠲᠥᠭᠥᠷᠢᠭ ᠭᠠᠷᠭᠠᠵᠤ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠳᠡᠮᠵᠢᠪᠡ
ᠨᠡᠶ᠋ᠢᠲᠡᠯᠡᠭᠰᠡᠨ ᠴᠠᠭ᠄ 2025-08-07

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ᠄ ᠡᠨᠡ ᠵᠢᠯ᠎ᠦᠨ ᠲᠦᠷᠦᠭᠦᠸ᠋ ᠬᠠᠭᠠᠰ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ 25.1 ᠳ᠋ᠦᠩᠰᠢᠭᠤᠷ ᠲᠥᠭᠥᠷᠢᠭ᠎ᠦᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠰᠬᠠᠢ ᠪᠡᠯᠡ ᠮᠥᠩᠭᠥ ᠪᠠᠭᠤᠯᠭᠠᠵᠤ᠂ ᠡᠯ᠎ᠡ ᠲᠥᠷᠥᠯ᠎ᠦᠨ ᠰᠢᠨ᠎ᠡ᠎ᠶᠢ ᠡᠭᠦᠳᠬᠦ ᠪᠡᠶᠡᠴᠢ ᠴᠣᠭᠴᠠ᠎ᠶᠢᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ 《ᠰᠢᠪᠲᠤᠯᠤᠯᠲᠠ ᠭᠠᠷᠭᠠᠬᠤ》 ᠢᠨᠵᠧᠨᠧᠷᠢᠩ᠎ᠢ ᠬᠡᠷᠡᠭᠵᠢᠭᠦᠯᠬᠦ ᠪᠠ ᠰᠠᠭᠤᠷᠢ ᠰᠤᠳᠤᠯᠭᠠᠨ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ ᠵᠢᠴᠢ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠂ ᠰᠢᠨ᠎ᠡ᠎ᠶᠢ ᠡᠭᠦᠳᠬᠦ ᠲᠠᠪᠴᠠᠩ᠎ᠤᠨ ᠪᠠᠢᠭᠤᠯᠤᠯᠲᠠ ᠵᠡᠷᠭᠡ᠎ᠶᠢ ᠥᠷᠨᠢᠭᠦᠯᠬᠦ᠎ᠶᠢ ᠳᠡᠮᠵᠢᠵᠦ᠂ ᠰᠢᠨ᠎ᠡ᠎ᠶᠢ ᠡᠭᠦᠳᠬᠦ ᠪᠡᠶᠡᠴᠢ ᠴᠣᠭᠴᠠ᠎ᠶᠢᠨ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠪᠡ᠃ 

ᠣᠢᠯᠠᠭᠠᠭᠰᠠᠨ᠎ᠢᠶᠠᠷ᠂ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠰᠬᠠᠢ ᠪᠡᠯᠡ ᠮᠥᠩᠭᠥ᠎ᠶᠢ ᠨᠠᠢ᠍ᠮᠠᠨ ᠪᠦᠯᠦᠭ ᠬᠤᠪᠢᠶᠠᠨ ᠪᠠᠭᠤᠯᠭᠠᠪᠠ᠃ 《ᠡᠳ᠋᠎ᠦᠨ ᠬᠦᠴᠦᠨ᠎ᠢ ᠲᠥᠪᠯᠡᠷᠡᠭᠦᠯᠬᠦ᠂ ᠭᠣᠣᠯᠳᠠᠯᠭ᠎ᠠ᠎ᠶᠢ ᠳᠣᠪᠣᠶ᠋ᠢᠯᠭᠠᠬᠤ᠂ ᠲᠥᠷᠥᠯ ᠬᠤᠪᠢᠶᠠᠨ ᠳᠡᠮᠵᠢᠬᠦ᠂ ᠠᠵᠢᠯ᠎ᠤᠨ ᠦᠷ᠎ᠡ ᠪᠦᠲᠦᠮᠵᠢ᠎ᠶᠢ ᠴᠢᠬᠤᠯᠠᠴᠢᠯᠠᠬᠤ》 ᠵᠠᠷᠴᠢᠮ᠎ᠢ ᠵᠢᠷᠤᠮᠯᠠᠨ᠂ ᠲᠤᠰᠬᠠᠢ ᠵᠦᠢᠯ᠎ᠦᠨ ᠪᠡᠯᠡ ᠮᠥᠩᠭᠥ᠎ᠶᠢ ᠪᠠᠭᠤᠯᠭᠠᠭᠰᠠᠨ ᠨᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠥᠯᠥᠭᠡ ᠶᠤᠮ᠃ ᠳᠤᠷᠠᠳᠤᠭᠤᠰᠢᠲᠠᠢ ᠨᠢᠭᠡ ᠵᠦᠢᠯ ᠭᠡᠪᠡᠯ᠂ ᠳᠣᠯᠣᠳᠤᠭᠠᠷ ᠪᠦᠯᠦᠭ᠎ᠦᠨ ᠲᠣᠰ ᠱᠠᠲᠤᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠰᠬᠠᠢ ᠪᠡᠯᠡ ᠮᠥᠩᠭᠥ ᠨᠢ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠡᠭᠦᠷᠭᠡ᠎ᠶᠢᠨ ᠲᠣᠭᠣᠷᠢᠨ᠎ᠳᠤ᠂ 2025 ᠣᠨ᠎ᠤ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠲᠤᠯᠭᠠᠭᠤᠷᠢᠯᠠᠬᠤ ᠲᠥᠷᠥᠯ ᠵᠦᠢᠯ᠎ᠢ ᠪᠦᠲᠦᠭᠡᠨ ᠪᠠᠶ᠋ᠢᠭᠤᠯᠬᠤ᠎ᠶᠢ ᠨᠢ ᠭᠣᠣᠯᠳᠠᠯᠭ᠎ᠠ᠎ᠲᠠᠢ ᠳᠡᠮᠵᠢᠵᠦ᠂ ᠲᠣᠰ ᠲᠣᠭᠣᠷᠢᠭ᠋᠎ᠤᠨ ᠰᠢᠨ᠎ᠡ᠎ᠶᠢ ᠡᠭᠦᠳᠬᠦ ᠴᠢᠳᠠᠪᠤᠷᠢ᠎ᠶᠢᠨ ᠳᠡᠭᠡᠭᠰᠢᠯᠡᠯᠲᠡ᠎ᠶᠢ ᠠᠬᠢᠭᠤᠯᠤᠨ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠠᠮᠢ ᠠᠬᠤᠢ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ; ᠨᠠᠢ᠍ᠮᠠᠳᠤᠭᠠᠷ ᠪᠦᠯᠦᠭ᠎ᠦᠨ ᠲᠣᠰ ᠱᠠᠲᠤᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠰᠬᠠᠢ ᠪᠡᠯᠡ ᠮᠥᠩᠭᠥ᠎ᠪᠡᠷ ᠤᠯᠤᠰ᠎ᠤᠨ ᠳᠣᠲᠣᠭᠠᠳᠤ ᠭᠠᠳᠠᠭᠠᠳᠤ᠎ᠶᠢᠨ ᠰᠢᠨᠵᠢᠯᠡᠬᠦ ᠤᠬᠠᠭᠠᠨ᠎ᠤ ᠰᠤᠳᠤᠯᠤᠯ᠎ᠤᠨ ᠪᠠᠢᠭᠤᠯᠤᠮᠵᠢ ᠯᠤᠭ᠎ᠠ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠬᠠᠮᠲᠤᠷᠠᠯᠴᠠᠭ᠎ᠠ ᠥᠷᠨᠢᠭᠦᠯᠬᠦ 66 ᠲᠥᠷᠥᠯ ᠵᠦᠢᠯ᠎ᠢ ᠭᠣᠣᠯᠳᠠᠯᠭ᠎ᠠ᠎ᠲᠠᠢ ᠳᠡᠮᠵᠢᠵᠦ᠂ ᠵᠠᠩᠭᠢᠯᠠᠭ᠎ᠠ᠎ᠶᠢᠨ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠣᠣᠯ ᠴᠣᠭᠴᠠ᠎ᠶᠢ ᠳᠠᠶ᠋ᠢᠴᠢᠯᠠᠨ ᠰᠢᠨᠵᠢᠯᠡᠬᠦ ᠤᠬᠠᠭᠠᠨ᠎ᠤ ᠰᠤᠳᠤᠯᠤᠯ᠎ᠤᠨ ᠴᠢᠳᠠᠪᠤᠷᠢ᠂ ᠰᠢᠨ᠎ᠡ᠎ᠶᠢ ᠡᠭᠦᠳᠬᠦ ᠴᠢᠳᠠᠪᠤᠷᠢ᠎ᠶᠢ ᠨᠢ ᠳᠡᠭᠡᠭᠰᠢᠯᠡᠭᠦᠯᠦᠨ᠎ᠡ᠃ ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠳᠠᠬᠢ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ 《ᠰᠢᠪᠲᠤᠯᠤᠯᠲᠠ ᠭᠠᠷᠭᠠᠬᠤ》 ᠢᠨᠵᠧᠨᠧᠷᠢᠩ᠎ᠦᠨ ᠲᠥᠷᠥᠯ ᠵᠦᠢᠯ᠎ᠢ ᠬᠡᠷᠡᠭᠵᠢᠭᠦᠯᠬᠦ᠎ᠶᠢ ᠪᠠᠲᠤᠯᠠᠵᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ ᠪᠠ ᠰᠢᠨ᠎ᠡ᠎ᠶᠢ ᠡᠭᠦᠳᠬᠦ ᠬᠡᠯᠪᠡᠷᠢ᠎ᠶᠢᠨ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠳᠤ ᠡᠳ᠋᠎ᠦᠨ ᠵᠠᠰᠠᠭ᠎ᠤᠨ ᠪᠠᠲᠤᠯᠠᠭ᠎ᠠ ᠬᠠᠩᠭᠠᠨ᠎ᠠ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map