8 ᠰᠠᠷ᠎ᠠ᠎ᠶᠢᠨ 4᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠸᠢᠳᠢᠤ᠋ ᠬᠤᠷᠠᠯ ᠬᠤᠷᠠᠯᠳᠤᠭᠤᠯᠵᠤ᠂ ᠪᠦᠭᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠦ ᠠᠵᠢᠯ᠎ᠳᠤ ᠲᠠᠭᠢᠨ ᠲᠣᠬᠢᠷᠠᠭᠤᠯᠤᠯᠲᠠ ᠬᠢᠵᠦ ᠲᠠᠭᠢᠨ ᠪᠠᠢᠷᠢᠯᠠᠭᠤᠯᠪᠠ᠃
ᠬᠤᠷᠠᠯ᠎ᠠᠴᠠ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠭᠢᠨ ᠵᠠᠩᠭᠢᠯᠠᠭ᠎ᠠ᠎ᠶᠢ ᠴᠢᠩᠭ᠎ᠠ ᠠᠩᠬᠠᠷᠴᠤ᠂ ᠲᠥᠷᠥᠯ ᠬᠤᠪᠢᠶᠠᠨ ᠵᠠᠰᠠᠵᠤ᠂ ᠡᠯ᠎ᠡ ᠵᠦᠢᠯ᠎ᠦᠨ ᠠᠮᠤᠷ ᠲᠦᠪᠰᠢᠨ᠎ᠦ ᠠᠵᠢᠯ᠎ᠢ ᠰᠠᠢᠲᠤᠷ ᠬᠢᠬᠦ ᠬᠡᠷᠡᠭᠲᠡᠢ; ᠪᠦᠭᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠠᠮᠤᠷ ᠲᠦᠪᠰᠢᠨ᠎ᠦ ᠭᠡᠮ ᠰᠣᠭᠣᠭ᠎ᠢ ᠶᠡᠬᠡᠪᠡᠷ ᠵᠢᠭ᠍ᠰᠠᠭᠠᠨ ᠪᠠᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ᠎ᠢ ᠪᠦᠭᠦ ᠲᠠᠯ᠎ᠠ᠎ᠪᠠᠷ ᠥᠷᠨᠢᠭᠦᠯᠵᠦ᠂ ᠭᠠᠯ ᠰᠡᠷᠭᠡᠢᠯᠡᠵᠦ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ᠎ᠶᠢᠨ ᠪᠣᠳᠠᠰ᠂ ᠰᠤᠷᠭᠠᠭᠤᠯᠢ᠎ᠶᠢᠨ ᠪᠠᠢᠷᠢ᠎ᠶᠢᠨ ᠲᠥᠬᠦᠭᠡᠷᠦᠮᠵᠢ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠶᠢ ᠴᠢᠩᠭ᠎ᠠ ᠠᠩᠬᠠᠷᠴᠤ᠂ ᠵᠠᠩᠭᠢᠯᠠᠭ᠎ᠠ᠎ᠶᠢᠨ ᠭᠣᠭᠴᠣᠭᠠᠨᠤ ᠠᠶᠤᠯ ᠲᠦᠭᠰᠢᠭᠦᠷᠢ ᠭᠡᠮ ᠰᠣᠭᠣᠭ᠎ᠢ ᠪᠦᠭᠦ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠡᠨᠳᠡᠯ᠎ᠦᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠡᠬᠡ ᠲᠠᠩᠰᠠ᠎ᠶᠢ ᠪᠠᠢᠭᠤᠯᠤᠨ ᠪᠦᠷᠢᠨᠰᠢᠭᠦᠯᠵᠦ᠂ ᠪᠢᠲᠡᠭᠦᠮᠵᠢᠯᠡᠨ ᠬᠠᠮᠢᠶᠠᠷᠴᠤ ᠰᠢᠢᠳᠪᠦᠷᠢᠯᠡᠬᠦ ᠬᠡᠷᠡᠭᠲᠡᠢ; ᠶᠡᠬᠡ ᠳᠡᠭᠡᠳᠦ ᠰᠤᠷᠭᠠᠭᠤᠯᠢ᠎ᠶᠢᠨ ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢᠨ ᠬᠠᠮᠢᠶᠠᠷᠤᠯᠲᠠ᠎ᠶᠢ ᠴᠢᠩᠭ᠎ᠠ ᠠᠳᠬᠤᠵᠤ᠂ ᠶᠡᠬᠡ ᠳᠡᠭᠡᠳᠦ ᠰᠤᠷᠭᠠᠭᠤᠯᠢ᠂ ᠳᠠᠳᠤᠯᠭ᠎ᠠ᠎ᠶᠢᠨ ᠨᠢᠭᠡᠴᠢ᠎ᠶᠢᠨ ᠳᠠᠪᠬᠤᠷ ᠠᠮᠤᠷ ᠲᠦᠪᠰᠢᠨ᠎ᠦ ᠵᠢᠯᠤᠭᠣᠳᠬᠤ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠳᠠᠳᠤᠯᠭ᠎ᠠ᠎ᠶᠢᠨ ᠰᠠᠭᠤᠷᠢᠨ᠎ᠤ ᠠᠮᠤᠷ ᠲᠦᠪᠰᠢᠨ᠎ᠦ ᠵᠥᠪᠰᠢᠶᠡᠷᠡᠯ᠎ᠢ ᠴᠢᠩᠭᠠᠳᠬᠠᠵᠤ᠂ ᠰᠤᠷᠤᠬ᠍ᠴᠢᠳ᠎ᠤᠨ ᠳᠠᠳᠤᠯᠭ᠎ᠠ ᠦᠢᠯᠡᠳᠦᠯᠭᠡ᠎ᠶᠢᠨ ᠠᠮᠤᠷ ᠲᠦᠪᠰᠢᠨ᠎ᠦ ᠪᠣᠯᠪᠠᠰᠤᠷᠠᠯ ᠵᠡᠷᠭᠡ᠎ᠶᠢ ᠥᠷᠨᠢᠭᠦᠯᠬᠦ ᠬᠡᠷᠡᠭᠲᠡᠢ;《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》᠎ᠶᠢᠨ ᠲᠤᠰᠬᠠᠢ ᠴᠡᠭᠴᠡᠯᠡᠨ ᠵᠠᠰᠠᠯᠲᠠ᠎ᠶᠢ ᠪᠣᠳᠠᠲᠠᠢ ᠠᠳᠬᠤᠵᠤ᠂ 3 ᠰᠠᠷ᠎ᠠ᠎ᠶᠢᠨ ᠬᠤᠭᠤᠴᠠᠭ᠎ᠠ᠎ᠲᠠᠢ ᠠᠷᠠᠳ᠎ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ (ᠬᠡᠦᠬᠡᠳ᠎ᠦᠨ ᠴᠡᠴᠡᠷᠯᠢᠭ)᠎ᠶᠢᠨ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ ᠪᠠ ᠬᠣᠭᠣᠯᠠᠨ ᠵᠠᠷᠤᠳᠠᠯ᠎ᠤᠨ ᠬᠠᠮᠢᠶᠠᠷᠤᠯᠲᠠ᠎ᠶᠢᠨ ᠲᠤᠰᠬᠠᠢ ᠴᠡᠭᠴᠡᠯᠡᠨ ᠵᠠᠰᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠢᠳᠡᠭᠡᠨ᠎ᠦ ᠮᠠᠲᠧᠷᠢᠶᠠᠯ ᠬᠤᠳᠠᠯᠳᠤᠨ ᠠᠪᠬᠤ᠎ᠶᠢ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠂ ᠡᠳ᠋ᠰᠢᠭᠦᠯᠵᠦ ᠦᠢᠯᠡᠳᠬᠦ ᠶᠠᠪᠤᠴᠠ᠎ᠶᠢ ᠬᠢᠨᠠᠨ ᠬᠠᠮᠢᠶᠠᠷᠬᠤ᠎ᠶᠢ ᠭᠣᠣᠯᠳᠠᠯᠭ᠎ᠠ᠎ᠲᠠᠢ ᠴᠢᠩᠭᠠᠳᠬᠠᠵᠤ᠂ ᠢᠳᠡᠭᠡᠨ᠎ᠦ ᠨᠡᠮᠡᠯᠲᠡ ᠡᠳ᠋᠎ᠦᠨ ᠬᠡᠷᠡᠭᠯᠡᠯᠲᠡ᠎ᠶᠢ ᠬᠢᠨᠠᠨ ᠡᠵᠡᠮᠳᠡᠬᠦ ᠬᠡᠷᠡᠭᠲᠡᠢ;ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠢ ᠬᠠᠮᠵᠢᠯᠴᠠᠨ ᠰᠠᠢᠲᠤᠷ ᠠᠳᠬᠤᠵᠤ᠂ 《ᠬᠠᠷᠢᠶ᠎ᠠ ᠣᠷᠣᠨ᠎ᠳᠤ ᠨᠢ ᠬᠠᠮᠢᠶᠠᠷᠤᠭᠤᠯᠵᠤ᠂ ᠱᠠᠲᠤ ᠬᠤᠪᠢᠶᠠᠨ ᠬᠠᠷᠢᠭᠤᠴᠠᠬᠤ》 ᠪᠠ 《ᠬᠡᠨ ᠭᠣᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ》ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠤᠷᠤᠬ᠍ᠴᠢᠳ᠎ᠤᠨ ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠤᠨ ᠲᠣᠭᠲᠠᠴᠠ᠎ᠶᠢ ᠭᠦᠢᠴᠡᠳ ᠪᠠᠳᠠᠷᠠᠭᠤᠯᠤᠨ᠂ ᠬᠠᠷᠢᠶ᠎ᠠ ᠣᠷᠣᠨ᠎ᠤ ᠤᠰᠤᠨ᠎ᠤ ᠠᠮᠤᠷ ᠲᠦᠪᠰᠢᠨ᠎ᠦ ᠳᠠᠯᠳᠠ ᠭᠡᠮ᠎ᠳᠦ ᠵᠢᠭ᠍ᠰᠠᠭᠠᠨ ᠪᠠᠢᠴᠠᠭᠠᠯᠲᠠ ᠥᠷᠨᠢᠭᠦᠯᠵᠦ᠂ ᠭᠣᠣᠯᠳᠠᠯᠭ᠎ᠠ᠎ᠲᠠᠢ ᠤᠰᠤᠨ ᠣᠷᠣᠨ᠎ᠳᠤ 《ᠲᠣᠭᠣᠷᠢᠨ ᠪᠠᠢᠴᠠᠭᠠᠬᠤ ᠬᠥᠮᠥᠨ᠎ᠲᠠᠢ᠂ ᠬᠠᠮᠢᠶᠠᠷᠬᠤ ᠬᠥᠮᠥᠨ᠎ᠲᠠᠢ᠂ ᠰᠡᠷᠭᠡᠢᠯᠡᠬᠦ ᠬᠥᠮᠥᠨ᠎ᠲᠠᠢ》 ᠪᠠᠢᠬᠤ᠎ᠶᠢ ᠦᠨᠡᠨᠬᠦ ᠪᠠᠲᠤᠯᠠᠬᠤ ᠬᠡᠷᠡᠭᠲᠡᠢ; ᠭᠡᠷ ᠰᠤᠷᠭᠠᠭᠤᠯᠢ ᠨᠡᠢᠭᠡᠮ᠎ᠦᠨ ᠭᠢᠨ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠥᠮᠦᠵᠢᠯ᠎ᠢ ᠬᠠᠮᠵᠢᠯᠴᠠᠨ ᠥᠷᠨᠢᠭᠦᠯᠵᠦ᠂ ᠭᠡᠷ᠎ᠦᠨ ᠠᠬᠠᠮᠠᠳ᠎ᠤᠨ ᠨᠠᠰᠤᠨ᠎ᠳᠤ ᠥᠯᠥ ᠭᠦᠷᠦᠭᠰᠡᠳ᠎ᠦᠨ ᠲᠣᠭᠲᠠᠭᠠᠯ᠎ᠠᠴᠠ ᠵᠥᠷᠢᠴᠡᠨ ᠳᠤᠭᠤᠢ ᠤᠨᠤᠬᠤ᠂ ᠳᠤᠷ᠎ᠠ᠎ᠪᠠᠷ᠎ᠢᠶᠠᠨ ᠵᠠᠮ ᠣᠭᠲᠣᠯᠬᠤ᠂ ᠬᠠᠤᠯᠢ ᠪᠤᠰᠤ᠎ᠪᠠᠷ ᠡᠵᠡᠩᠨᠡᠯᠲᠡ ᠬᠢᠵᠦ ᠪᠤᠢ ᠲᠡᠷᠭᠡ ᠬᠥᠰᠬᠡ᠎ᠳᠦ ᠰᠠᠭᠤᠬᠤ ᠵᠡᠷᠭᠡ ᠠᠰᠠᠭᠤᠳᠠᠯ᠎ᠢ ᠠᠩᠬᠠᠷᠬᠤ᠎ᠶᠢ ᠭᠣᠣᠯᠳᠠᠯᠭ᠎ᠠ᠎ᠲᠠᠢ ᠬᠥᠲᠥᠯᠥᠨ ᠵᠢᠯᠤᠭᠣᠳᠬᠤ ᠬᠡᠷᠡᠭᠲᠡᠢ; ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠬᠢᠨᠠᠯᠲᠠ ᠬᠠᠮᠢᠶᠠᠷᠤᠯᠲᠠ᠎ᠶᠢ ᠰᠠᠢᠲᠤᠷ ᠠᠳᠬᠤᠵᠤ᠂ 《ᠬᠣᠶᠠᠷ᠎ᠢ ᠬᠥᠩᠭᠡᠷᠡᠭᠦᠯᠬᠦ》ᠲᠥᠷᠥ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠬ᠍ᠴᠢᠳ᠎ᠤᠨ ᠲᠣᠭᠲᠠᠭᠠᠯ᠎ᠠᠴᠠ ᠵᠥᠷᠢᠴᠡᠨ ᠬᠢᠴᠢᠶᠡᠯ ᠨᠥᠬᠥᠬᠦ᠂ ᠤᠷᠢᠳᠴᠢᠯᠠᠨ ᠰᠤᠷᠭᠠᠭᠤᠯᠢ ᠡᠬᠢᠯᠡᠬᠦ ᠵᠡᠷᠭᠡ ᠰᠤᠷᠤᠬ᠍ᠴᠢᠳ᠎ᠤᠨ ᠰᠤᠷᠤᠯᠭ᠎ᠠ᠎ᠶᠢᠨ ᠳᠠᠷᠤᠭᠠᠰᠤ᠎ᠶᠢ ᠭᠡᠲᠦ ᠬᠦᠨᠳᠦ ᠪᠤᠯᠭᠠᠬᠤ ᠠᠰᠠᠭᠤᠳᠠᠯ᠎ᠢ ᠡᠷᠡᠰ ᠬᠣᠷᠢᠭ᠍ᠯᠠᠬᠤ᠎ᠶᠢᠨ ᠬᠠᠮᠲᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃