ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠣᠯ 2.5 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠪᠠᠭᠤᠯᠭᠠᠵᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ
ᠨᠡᠶ᠋ᠢᠲᠡᠯᠡᠭᠰᠡᠨ ᠴᠠᠭ᠄ 2026-05-25

ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠡ ᠵᠠᠩᠭᠢ᠎ᠶᠢ ᠦᠨᠳᠦᠰᠦᠯᠡᠪᠡᠯ᠂ ᠲᠣᠰ ᠨᠢᠭᠡᠴᠢ ᠨᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠠᠢ ᠬᠠᠮᠲᠤᠷᠠᠨ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢ 2.5 ᠳ᠋ᠦᠩᠰᠢᠭᠤᠷ ᠲᠥᠭᠥᠷᠢᠭ ᠪᠠᠭᠤᠯᠭᠠᠵᠤ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢ ᠨᠠᠷᠢᠯᠢᠭ᠋ ᠣᠨᠣᠴᠠᠲᠠᠢ᠎ᠪᠠᠷ ᠲᠠᠯᠪᠢᠬᠤ ᠪᠠ ᠬᠦᠴᠦᠲᠡᠢ ᠪᠠᠲᠤᠯᠠᠬᠤ᠎ᠪᠠᠷ ᠳᠠᠮᠵᠢᠭᠤᠯᠤᠨ᠂ ᠪᠦᠭᠦ ᠣᠷᠣᠨ᠎ᠤ ᠰᠣᠶᠣᠯ᠎ᠤᠨ ᠦᠢᠯᠡᠰ᠎ᠤᠨ ᠴᠡᠴᠡᠭᠯᠡᠨ ᠬᠥᠭᠵᠢᠬᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠭᠦᠨᠵᠡᠭᠡᠢ ᠠᠭᠤᠰᠤᠯᠴᠠᠬᠤ᠎ᠶᠢ ᠠᠬᠢᠭᠤᠯᠪᠠ᠃

ᠲᠣᠰ ᠤᠳᠠᠭ᠎ᠠ ᠪᠠᠭᠤᠯᠭᠠᠭᠰᠠᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠪᠠᠷ ᠭᠣᠣᠯᠳᠠᠭᠤ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠣᠣᠯᠳᠠᠯᠭ᠎ᠠ ᠪᠣᠯᠬᠤ ᠲᠣᠰᠬᠤᠨ ᠪᠠᠯᠭᠠᠰᠤ ᠵᠢᠴᠢ ᠬᠤᠪᠢᠰᠬᠠᠯᠲᠤ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃ ᠡᠭᠦᠨ᠎ᠤ ᠬᠠᠮᠲᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠪᠣᠢᠵᠢᠭᠤᠯᠬᠤ᠂ ᠨᠠᠷᠠᠲᠤ ᠲᠡᠮᠳᠡᠭ᠎ᠢ ᠤᠬᠠᠭᠤᠯᠤᠨ ᠳᠡᠯᠭᠡᠷᠡᠭᠦᠯᠬᠦ ᠵᠡᠷᠭᠡ ᠭᠣᠣᠯᠳᠠᠯᠭ᠎ᠠ ᠪᠣᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠪᠦᠭᠦ ᠣᠷᠣᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢᠨ ᠦᠨᠳᠦᠰᠦ᠎ᠶᠢ ᠨᠢ ᠪᠡᠬᠢᠵᠢᠭᠦᠯᠦᠨ ᠰᠠᠭᠤᠷᠢ᠎ᠶᠢ ᠨᠢ ᠪᠠᠲᠤᠳᠬᠠᠵᠤ ᠥᠭᠭᠦᠨ᠎ᠡ᠃

ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠨᠢ ᠲᠤᠰᠬᠠᠢ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠲᠣᠭᠲᠠᠭᠠᠯ᠎ᠢ ᠴᠢᠩᠭ᠎ᠠ ᠵᠢᠷᠤᠮᠯᠠᠨ᠂ ᠬᠠᠮᠢᠶᠠᠷᠤᠯᠲᠠ᠎ᠶᠢᠨ ᠶᠠᠪᠤᠴᠠ᠎ᠶᠢ ᠵᠢᠷᠤᠮᠵᠢᠭᠤᠯᠵᠤ᠂ ᠪᠦᠭᠦ ᠶᠠᠪᠤᠴᠠ ᠳ᠋ᠡᠬᠢ ᠦᠷ᠎ᠡ ᠪᠦᠲᠦᠮᠵᠢ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠬᠡᠮᠵᠢᠶᠡᠴᠢᠯᠡᠭᠰᠡᠨ ᠦᠷ᠎ᠡ ᠪᠦᠲᠦᠮᠵᠢ᠎ᠶᠢᠨ ᠬᠠᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ 《ᠬᠡᠷᠡᠭ ᠶᠠᠪᠤᠳᠠᠯ᠎ᠤᠨ ᠡᠮᠦᠨ᠎ᠡ ᠬᠢᠨᠠᠨ ᠬᠠᠷᠭᠤᠭᠤᠯᠬᠤ᠂ ᠬᠡᠷᠡᠭ ᠶᠠᠪᠤᠳᠠᠯ᠎ᠤᠨ ᠳᠤᠮᠳᠠ ᠬᠢᠨᠠᠨ ᠬᠠᠮᠢᠶᠠᠷᠬᠤ᠂ ᠬᠡᠷᠡᠭ ᠶᠠᠪᠤᠳᠠᠯ᠎ᠤᠨ ᠳᠠᠷᠠᠭ᠎ᠠ ᠦᠨᠡᠯᠡᠨ ᠵᠢᠱ᠌ᠢᠬᠦ》 ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠦᠨᠡᠨ ᠬᠦ᠌ ᠳᠡᠭᠡᠭᠰᠢᠯᠡᠭᠦᠯᠦᠨ᠎ᠡ᠃ 《 ᠪᠢᠳᠡ ᠡᠳ᠋᠎ᠤᠨ ᠵᠠᠰᠠᠭ᠎ᠤᠨ ᠪᠡᠯᠡ ᠮᠥᠩᠭᠥ᠎ᠶᠢᠨ ᠬᠥᠲᠥᠯᠥᠨ ᠳᠠᠭᠠᠭᠤᠯᠬᠤ ᠪᠠ ᠳᠠᠢᠴᠢᠯᠠᠬᠤ ᠦᠢᠯᠡᠳᠦᠯ᠎ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠵᠤ᠂ ᠪᠦᠭᠦ ᠣᠷᠣᠨ᠎ᠤ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠰᠣᠶᠣᠯ᠎ᠤᠨ ᠦᠢᠯᠡᠰ᠎ᠤᠨ ᠣᠷᠳᠤ ᠬᠤᠭᠤᠴᠠᠭᠠᠨ᠎ᠤ ᠪᠦᠲᠦᠮᠵᠢᠲᠡᠢ ᠪᠦᠲᠦᠭᠡᠨ ᠪᠠᠢᠭᠤᠯᠤᠯᠲᠠ᠎ᠳᠤ ᠪᠠᠲᠤ ᠪᠡᠬᠢ ᠡᠳ᠋᠎ᠤᠨ ᠵᠠᠰᠠᠭ᠎ᠤᠨ ᠪᠠᠲᠤᠯᠠᠭ᠎ᠠ ᠬᠠᠩᠭᠠᠵᠤ ᠥᠭᠭᠦᠨ᠎ᠡ᠃ 》 ᠭᠡᠵᠦ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map