10 ᠰᠠᠷ᠎ᠠ ᠵᠢᠨ 14᠎ᠤ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠭᠠᠳᠠᠭ᠋ᠠᠳᠤ᠎ᠲᠠᠢ ᠬᠣᠯᠪᠤᠭ᠎ᠠ ᠠᠪᠬᠤ ᠬᠡᠯᠲᠡᠰ ᠪᠣᠯᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠯᠢᠶᠣᠤᠨᠢᠩ ᠮᠤᠵᠢ ᠵᠢᠨ ᠨᠠᠮ᠎ᠤᠨ ᠬᠣᠷᠢᠶ᠎ᠠ᠂ ᠭᠢᠷᠢᠨ ᠮᠤᠵᠢ ᠵᠢᠨ ᠨᠠᠮ᠎ᠤᠨ ᠬᠣᠷᠢᠶ᠎ᠠ᠂ ᠬᠠᠷᠠᠮᠥ᠋ᠷᠡᠨ ᠮᠤᠵᠢ ᠵᠢᠨ ᠨᠠᠮ᠎ᠤᠨ ᠬᠣᠷᠢᠶ᠎ᠠ᠎ᠠᠴᠠ ᠬᠠᠮᠲᠤᠷᠠᠨ ᠡᠷᠭᠢᠯᠡᠭᠰᠡᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ — ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠠᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠭᠢᠷᠢᠨ ᠮᠤᠵᠢ ᠵᠢᠨ ᠴᠠᠩᠴᠦ᠋ᠨ ᠬᠤᠳᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠸᠢᠳᠢᠤ᠋᠎ᠪᠠᠷ ᠬᠣᠯᠪᠣᠭᠳᠠᠬᠤ ᠭᠡᠯᠪᠡᠷᠢ᠎ᠪᠠᠷ ᠪᠠᠶᠠᠷ᠎ᠤᠨ ᠦᠭᠡ ᠬᠡᠯᠡᠭᠰᠡᠨ ᠪᠥᠭᠡᠳ ᠠᠰᠠᠭᠤᠯᠲᠠ ᠵᠢ ᠬᠠᠷᠢᠭᠤᠯᠪᠠ᠃
ᠰᠦᠨ ᠱᠤᠤ ᠴᠧᠩ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠢ ᠮᠠᠰᠢ ᠬᠠᠯᠠᠮᠵᠢᠯᠠᠵᠤ᠂ ᠥᠪᠥᠷ ᠮᠣᠩᠭᠣᠯ᠎ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠪᠡᠶ᠎ᠡ᠎ᠪᠠᠷ ᠵᠶ᠋ᠡᠨ ᠵᠢᠷᠤᠭᠯᠠᠵᠤ᠂ ᠥᠪᠥᠷ ᠮᠣᠩᠭᠣᠯ᠎ᠳᠤ 《ᠲᠠᠪᠤᠨ ᠶᠡᠬᠡ ᠡᠭᠦᠷᠭᠡ》 ᠣᠯᠭᠣᠪᠠ᠃ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠯ ᠳᠣᠣᠷ᠎ᠠ᠂ ᠥᠪᠥᠷ ᠮᠣᠩᠭᠣᠯ᠎ᠤᠨ᠎ᠬᠢᠨ ᠵᠡᠭᠦᠨ ᠬᠣᠢ᠌ᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠵᠡᠷᠭᠡ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠳᠡᠮᠵᠢᠯᠭᠡ ᠵᠢ ᠵᠡᠷᠭᠡ᠎ᠪᠠᠷ ᠡᠳ᠋ᠯᠡᠵᠦ᠂ ᠨᠢᠳᠤᠨᠤᠨ᠎ᠤ 10 ᠰᠠᠷ᠎ᠠ᠎ᠳᠤ ᠲᠦᠷᠦ ᠵᠢᠨ ᠶᠠᠪᠤᠳᠠᠯ᠎ᠤᠨ ᠬᠣᠷᠢᠶ᠎ᠠ ᠪᠠᠰᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠨᠡᠢ᠌ᠲᠡᠯᠡᠵᠡᠢ᠃ ᠡᠳᠡᠭᠡᠷ᠎ᠨᠢ ᠴᠥᠮ ᠥᠪᠥᠷ ᠮᠣᠩᠭᠣᠯ᠎ᠤᠨ ᠬᠥᠭᠵᠢᠯᠲᠡ᠎ᠳᠤ ᠥᠷᠭᠡᠨ ᠠᠭᠤᠳᠠᠮ ᠣᠷᠣᠨ ᠵᠠᠢ ᠬᠠᠩᠭ᠋ᠠᠨ ᠥᠭᠴᠡᠢ ᠭᠡᠪᠡ᠃
ᠰᠦᠨ ᠱᠤᠤ ᠴᠧᠩ᠂ ᠣᠢ᠌ᠷ᠎ᠠ ᠵᠢᠨ ᠵᠢᠯ᠎ᠤᠨ ᠲᠤᠷᠰᠢ ᠥᠪᠥᠷ ᠮᠣᠩᠭᠣᠯ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠦᠭᠦ ᠬᠦᠴᠦ᠎ᠪᠠᠷ ᠵᠶ᠋ᠡᠨ ᠰᠠᠢ᠌ᠲᠤᠷ ᠬᠢᠵᠦ ᠪᠡᠶᠡᠯᠡᠭᠦᠯᠦᠨ᠂ ᠠᠮᠢ ᠠᠬᠤᠢ ᠣᠷᠴᠢᠨ ᠲᠣᠭᠣᠷᠢᠨ ᠲᠤᠢ᠌ᠯ᠎ᠤᠨ ᠶᠡᠬᠡ᠎ᠪᠠᠷ ᠰᠠᠢ᠌ᠵᠢᠷᠠᠵᠤ᠂ ᠡᠨᠧᠷᠭᠢ ᠵᠢᠨ ᠠᠵᠤ ᠠᠬᠤᠢ ᠵᠢᠨ ᠬᠥᠭᠵᠢᠯᠲᠡ ᠵᠢᠨ ᠬᠠᠨᠳᠤᠰᠢ ᠴᠢᠩᠭ᠋ᠠᠷᠠᠵᠤ᠂ ᠤᠳᠤ ᠦᠶ᠎ᠡ ᠵᠢᠨ ᠮᠠᠯ ᠠᠵᠤ ᠠᠬᠤᠢ ᠲᠠᠷᠢᠶᠠᠯᠠᠩ ᠥᠷᠨᠢᠭᠦᠨ ᠬᠥᠭᠵᠢᠵᠦ᠂ ᠭᠠᠳᠠᠭ᠋ᠠᠳᠤ ᠨᠡᠭᠡᠭᠡᠯᠲᠡ ᠲᠠᠰᠤᠷᠠᠯᠳᠠ ᠦᠭᠡᠢ ᠥᠷᠭᠡᠳᠴᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠡᠬᠢᠯᠡᠭᠦᠯᠵᠦ ᠬᠥᠭᠵᠢᠭᠦᠯᠦᠨ᠂ ᠡᠯ᠎ᠡ ᠵᠦᠢ᠍ᠯ᠎ᠤᠨ ᠦᠢ᠍ᠯᠡᠰ ᠢᠯᠡᠳᠲᠡ ᠠᠮᠵᠢᠯᠲᠠ ᠣᠯᠪᠠ᠃ ᠬᠥᠭᠵᠢᠯᠲᠡ ᠵᠢ ᠠᠬᠢᠭᠤᠯᠬᠤ ᠵᠢᠨ ᠬᠠᠮᠲᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ᠎ᠳᠤ ᠡᠩᠨᠡᠭᠡ᠎ᠠᠴᠠ᠎ᠪᠠᠨ ᠬᠣᠴᠣᠷᠴᠤ ᠪᠤᠯᠬᠤ ᠦᠭᠡᠢ》 ᠭᠡᠬᠦ ᠴᠢᠬᠤᠯᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ᠂ ᠣᠷᠣᠯᠭ᠎ᠠ ᠵᠢ ᠨᠡᠮᠡᠭᠳᠡᠭᠦᠯᠬᠦ ᠪᠠ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠦᠴᠦᠯᠡᠨ ᠰᠠᠢ᠌ᠲᠤᠷ ᠬᠢᠵᠦ᠂ ᠠᠷᠠᠳ᠎ᠤᠨ ᠠᠮᠢᠳᠤᠷᠠᠯ ᠤᠯᠠᠮ᠎ᠠᠴᠠ ᠤᠯᠠᠮ ᠰᠠᠢ᠌ᠨ ᠪᠣᠯᠵᠤ᠂ ᠵᠣᠯ ᠵᠢᠷᠭ᠋ᠠᠯᠲᠤ ᠲᠥᠷᠥᠭᠳᠡᠯ ᠤᠯᠠᠮ᠎ᠠᠴᠠ ᠤᠯᠠᠮ ᠴᠢᠩᠭ᠋ᠠᠷᠠᠵᠤ᠂ ᠬᠠᠨᠤᠮᠵᠢ ᠵᠢᠨ ᠬᠡᠮᠵᠢᠶ᠎ᠡ ᠤᠯᠠᠮ᠎ᠠᠴᠠ ᠤᠯᠠᠮ ᠥᠨᠳᠥᠷ ᠪᠣᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠦᠨᠡᠨ ᠰᠡᠳᠬᠢᠯ᠎ᠠᠴᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠢ᠌ᠨ᠎ᠢ ᠮᠡᠳᠡᠷᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠰᠠᠢ᠌ᠨ᠎ᠢ ᠮᠡᠳᠡᠷᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠰᠡᠳᠬᠢᠯ᠎ᠳᠡᠭᠡᠨ ᠭᠦᠨ ᠬᠠᠳᠠᠩᠰᠢᠭᠤᠯᠵᠤ᠂ ᠪᠦᠭᠦᠳᠡᠭᠡᠷ ᠵᠶ᠋ᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠬᠠᠮᠲᠤ᠎ᠪᠠᠷ ᠪᠦᠲᠦᠭᠡᠨ ᠪᠠᠢ᠌ᠭᠤᠯᠵᠤ᠂ ᠰᠠᠢ᠌ᠨ ᠰᠠᠢ᠌ᠬᠠᠨ ᠠᠮᠢᠳᠤᠷᠠᠯ ᠵᠶ᠋ᠡᠨ ᠬᠠᠮᠲᠤ᠎ᠪᠠᠷ ᠴᠣᠭᠴᠠᠯᠠᠪᠠ ᠭᠡᠵᠡᠢ᠃
ᠰᠦᠨ ᠱᠤᠤ ᠴᠧᠩ᠂ ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠥᠩᠭᠡ ᠦᠵᠡᠮᠵᠢ ᠰᠦᠷᠯᠢᠭ ᠰᠠᠢ᠌ᠬᠠᠨ᠂ ᠣᠷᠣᠨ ᠪᠠᠢ᠌ᠷᠢ ᠳᠠᠪᠠᠭᠤᠯᠢᠭ ᠪᠠᠢ᠌ᠵᠤ᠂ ᠬᠥᠭᠵᠢᠯᠲᠡ ᠵᠢᠨ ᠨᠥᠬᠥᠴᠡᠯ ᠣᠨᠴᠠᠭ᠋ᠠᠢ ᠰᠠᠢ᠌ᠨ᠂ ᠬᠥᠭᠵᠢᠯᠲᠡ ᠵᠢᠨ ᠠᠯᠤᠰ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠳᠤᠷᠠᠲᠠᠶ᠎ᠠ ᠬᠣᠯᠪᠣᠭᠳᠠᠯ ᠪᠦᠬᠦᠢ ᠤᠯᠤᠰ ᠪᠠ ᠭᠠᠵᠠᠷ ᠣᠷᠣᠨ᠎ᠤ᠎ᠬᠢᠨ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠨ᠎ᠠ ᠭᠡᠵᠦ ᠬᠡᠯᠡᠪᠡ᠃
ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠲᠤᠷᠰᠢᠯᠭ᠎ᠠ ᠪᠣᠯᠣᠨ ᠳᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢᠨ ᠲᠤᠬᠠᠢ ᠬᠥᠲᠥᠯᠥᠭᠴᠢ ᠵᠢᠨ ᠠᠰᠠᠭᠤᠯᠲᠠ ᠵᠢ ᠬᠠᠷᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠶᠠᠩ ᠵᠢᠨ ᠠᠵᠢᠯᠯᠠᠭ᠎ᠠ᠎ᠳᠤ ᠣᠷᠣᠯᠴᠠᠵᠠᠢ᠃