ᠣᠢ᠌ᠷᠠ ᠵᠢᠨ ᠡᠳᠦᠷ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠ ᠪᠠᠢ᠌ᠭᠤᠯᠭᠠ ᠵᠢᠨ ᠺᠠᠳ᠋ᠷᠴᠤᠳᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠲᠣᠭᠲᠠᠭ᠋ᠠᠯᠢ ᠨᠡᠢ᠌ᠲᠡᠯᠡᠪᠡ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠳᠡᠳ᠋ ᠱᠦᠵᠢ ᠱ᠌ᠢ ᠭᠤᠸᠠᠩ ᠬᠣᠶ ᠨᠥᠬᠥᠷ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠ ᠵᠢᠨ ᠱᠦᠵᠢ ᠵᠢᠨ ᠲᠤᠰᠢᠶᠠᠯᠢ ᠬᠠᠪᠰᠤᠷᠭ᠋ᠠᠨ ᠬᠠᠷᠢᠭᠤᠴᠠᠨᠠ᠃ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠱᠦᠵᠢ ᠰᠦᠨ ᠱᠤᠤ ᠴᠧᠩ ᠬᠤᠷᠠᠯᠳᠤ ᠣᠷᠣᠯᠴᠠᠵᠤ ᠶᠠᠷᠢᠶᠠ ᠲᠠᠯᠪᠢᠵᠠᠢ᠃
ᠰᠦᠨ ᠱᠤᠤ ᠴᠧᠩ᠂ ᠱ᠌ᠢ ᠭᠤᠸᠠᠩ ᠬᠤᠢ ᠨᠥᠬᠥᠷ ᠮᠠᠨᠤ ᠣᠷᠣᠨᠳᠤ ᠢᠷᠡᠵᠤ ᠲᠤᠰᠢᠶᠠᠯ ᠬᠠᠷᠢᠭᠤᠴᠠᠭᠰᠠᠨ ᠶᠠᠪᠤᠳᠠᠯ ᠪᠣᠯ ᠨᠠᠮᠤᠨ ᠲᠥᠪ ᠬᠣᠷᠢᠶᠠ ᠶᠡᠬᠡ ᠲᠠᠯᠠᠠᠴᠠ ᠡᠭᠦᠰᠴᠦ᠂ ᠠᠵᠢᠯᠤᠨ ᠬᠡᠷᠡᠭᠴᠡᠭᠡ ᠪᠣᠯᠣᠨ ᠮᠠᠨᠤ ᠣᠷᠣᠨᠤ ᠤᠳᠤᠷᠢᠳᠬᠤ ᠪᠠᠭᠤᠨ ᠪᠠᠢ᠌ᠭᠤᠯᠤᠯᠲᠠ ᠵᠢᠨ ᠪᠣᠳᠠᠲᠤ ᠪᠠᠢ᠌ᠳᠠᠯᠢ ᠦᠨᠳᠦᠰᠦᠯᠡᠵᠦ ᠰᠤᠳᠤᠯᠤᠨ ᠲᠣᠭᠲᠠᠭ᠋ᠠᠭᠰᠠᠨ ᠶᠤᠮ᠂ ᠤᠯᠠᠨ ᠵᠶ᠋ᠠᠷ ᠵᠶ᠋ᠠᠨ ᠨᠠᠮᠤᠨ ᠲᠥᠪ ᠬᠣᠷᠢᠶᠠ ᠵᠢᠨ ᠲᠣᠭᠲᠠᠭ᠋ᠠᠯᠢ ᠡᠷᠡᠰ ᠬᠦᠷᠢᠶᠡᠯᠡᠵᠦ᠂ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠ ᠵᠢᠨ ᠱᠠᠭ᠋ᠠᠷᠳᠠᠯᠭᠠ ᠵᠢ ᠨᠠᠢ᠌ᠳᠠᠪᠤᠷᠢᠵᠢᠭᠤᠯᠵᠤ᠂ ᠱ᠌ᠢ ᠭᠤᠸᠠᠩ ᠬᠤᠢ ᠨᠥᠬᠥᠷᠤᠨ ᠲᠤᠰᠢᠶᠠᠯ ᠬᠠᠷᠢᠭᠤᠴᠠᠯᠭᠠᠪᠠᠨ ᠭᠦᠢ᠍ᠴᠡᠳᠬᠡᠬᠦᠳᠤ ᠪᠦᠭᠦ ᠬᠦᠴᠦᠨ ᠵᠢᠡᠷ ᠵᠶ᠋ᠡᠨ ᠳᠡᠮᠵᠢᠬᠦ ᠪᠠ ᠬᠠᠮᠵᠢᠯᠴᠠᠬᠤ ᠬᠡᠷᠡᠭᠲᠡᠢ ᠭᠡᠪᠡ᠃
ᠰᠦᠨ ᠱᠤᠤ ᠴᠧᠩ᠂ ᠣᠳᠣᠬᠠᠨᠳᠤ ᠪᠦᠭᠦ ᠣᠷᠣᠨ ᠳᠠᠶᠠᠭ᠋ᠠᠷ ᠶᠡᠷᠦᠩᠬᠡᠢ ᠱᠦᠵᠢ ᠰᠢ ᠵᠢᠨ ᠫᠢᠩᠤᠨ ᠥᠪᠥᠷ ᠮᠣᠩᠭᠣᠯᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭᠠ ᠪᠣᠯᠣᠨ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠤᠬᠠᠮᠰᠠᠷᠢ ᠪᠠᠲᠤ ᠴᠣᠭᠴᠠᠯᠠᠬᠤ ᠠᠵᠢᠯᠤᠨ ᠭᠣᠣᠯ ᠰᠢᠵᠢᠮᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠶᠠᠷ ᠶᠡᠬᠡ ᠶᠠᠪᠤᠳᠠᠯᠢ ᠰᠠᠢ᠌ᠲᠤᠷ ᠬᠢᠵᠦ᠂ ᠰᠢᠨᠡ ᠵᠠᠮ ᠨᠡᠭᠡᠭᠡᠵᠦ ᠳᠤᠮᠳᠠ ᠲᠦᠪᠰᠢᠨᠳᠤ ᠣᠷᠣᠬᠤᠪᠠᠷ ᠪᠦᠭᠦ ᠬᠦᠴᠦᠨ ᠵᠢᠡᠷ ᠵᠢᠡᠨ ᠴᠢᠷᠮᠠᠢ᠌ᠵᠤ ᠪᠠᠢ᠌ᠨᠠ᠂ ᠤᠯᠤᠰ ᠲᠦᠷᠦ ᠬᠠᠤᠯᠢ ᠴᠠᠭ᠋ᠠᠵᠠ ᠵᠢᠨ ᠰᠢᠰᠲᠸᠮᠤᠨᠬᠢᠨ ᠠᠶᠠᠯᠠᠯᠢ ᠬᠠᠮᠠᠭ᠋ᠠᠯᠠᠬᠤ ᠦᠢ᠍ᠯᠡᠳᠦᠯ ᠵᠶ᠋ᠡᠨ ᠨᠡᠩ ᠰᠠᠢ᠌ᠲᠤᠷ ᠪᠠᠳᠠᠷᠠᠭᠤᠯᠬᠤ ᠵᠢ ᠱᠠᠭ᠋ᠠᠷᠳᠠᠵᠤ ᠪᠠᠢ᠌ᠨᠠ᠃ ᠲᠣᠭ ᠲᠡᠮᠳᠡᠭ ᠲᠣᠳᠣᠷᠬᠠᠢᠪᠠᠷ ᠤᠯᠤᠰ ᠲᠥᠷᠥ ᠵᠢ ᠡᠷᠬᠢᠮᠯᠡᠵᠦ᠂ ᠤᠯᠤᠰ ᠲᠥᠷᠥ ᠬᠠᠤᠯᠢ ᠴᠠᠭ᠋ᠠᠵᠠ ᠵᠢᠨ ᠠᠵᠢᠯᠳᠠᠬᠢ ᠨᠠᠮᠤᠨ ᠬᠠᠷᠢᠴᠠᠯᠠᠰᠢᠭᠦᠢ ᠤᠳᠤᠷᠢᠳᠤᠯᠭᠠ ᠵᠢ ᠢᠮᠠᠭᠲᠠ ᠪᠠᠷᠢᠮᠲᠠᠯᠠᠵᠤ᠂ ᠰᠢ ᠵᠢᠨ ᠫᠢᠩᠤᠨ ᠰᠢᠨᠡ ᠴᠠᠭ ᠦᠶᠡ ᠵᠢᠨ ᠳᠤᠮᠳᠠᠳᠤ ᠤᠯᠤᠰᠤᠨ ᠣᠨᠴᠠᠯᠢᠭ ᠪᠦᠬᠦᠢ ᠨᠡᠢ᠌ᠭᠡᠮ ᠵᠢᠷᠤᠮᠤᠨ ᠦᠵᠡᠯ ᠰᠠᠨᠠᠭᠠ ᠢᠯᠠᠩᠭᠤᠶᠠ ᠰᠢ ᠵᠢᠨ ᠫᠢᠩᠤᠨ ᠬᠠᠤᠯᠢᠪᠠᠷ ᠵᠠᠰᠠᠬᠤ ᠦᠵᠡᠯ ᠰᠠᠨᠠᠭᠠᠪᠠᠷ ᠰᠡᠳᠬᠢᠯᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠨ᠂ ᠦᠨᠡᠨᠴᠢ ᠰᠢᠳᠤᠷᠭᠤᠪᠠᠷ ᠲᠤᠰᠢᠶᠠᠯ ᠬᠠᠷᠢᠭᠤᠴᠠᠯᠭᠠᠪᠠᠨ ᠭᠦᠢ᠍ᠴᠡᠳᠬᠡᠬᠦ᠂ ᠬᠠᠷᠢᠭᠤᠴᠠᠯᠭᠠ ᠡᠭᠦᠷᠭᠡᠯᠡᠨ ᠵᠢᠳᠬᠦᠯ ᠴᠢᠷᠮᠠᠢ᠌ᠯᠭᠠ ᠭᠠᠷᠭ᠋ᠠᠬᠤ ᠪᠣᠳᠠᠲᠤ ᠠᠵᠢᠯᠯᠠᠭᠠᠪᠠᠷ ᠵᠶ᠋ᠠᠨ 《 ᠬᠣᠶᠠᠷᠢ ᠲᠣᠭᠲᠠᠭ᠋ᠠᠭᠰᠠᠨ 》ᠢ ᠬᠦᠷᠢᠶᠡᠯᠡᠵᠦ᠂ 《 ᠬᠣᠶᠠᠷᠢ ᠬᠠᠮᠠᠭ᠋ᠠᠯᠠᠬᠤ 》 ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠠᠮᠤᠷ ᠲᠦᠪᠰᠢᠨᠢ ᠪᠠᠲᠤᠯᠠᠬᠤ᠂ ᠲᠣᠭᠲᠠᠭᠤᠨᠢ ᠬᠠᠮᠠᠭ᠋ᠠᠯᠠᠬᠤ ᠡᠯᠡ ᠵᠦᠢ᠍ᠯᠤᠨ ᠠᠵᠢᠯᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠡᠬᠡ ᠤᠯᠤᠰᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨᠤ ᠬᠠᠯᠬᠠᠪᠴᠢ ᠵᠢ ᠪᠠᠲᠤ ᠪᠡᠬᠢ ᠴᠣᠭᠴᠠᠯᠠᠨ ᠪᠠᠢ᠌ᠭᠤᠯᠬᠤᠪᠠᠷ ᠴᠢᠷᠮᠠᠢ᠌ᠬᠤ ᠬᠡᠷᠡᠭᠲᠡᠢ᠃ ᠤᠯᠤᠰ ᠲᠦᠷᠦ ᠬᠠᠤᠯᠢ ᠴᠠᠭ᠋ᠠᠵᠠ ᠵᠢᠨ ᠬᠦᠷᠢᠶᠡᠨᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠬᠠᠤᠯᠢᠪᠠᠷ ᠵᠠᠰᠠᠬᠤ ᠬᠤᠳᠠᠯᠳᠤᠭᠠ ᠡᠷᠭᠢᠯᠡᠭᠦ ᠣᠷᠴᠢᠨ ᠨᠥᠬᠥᠴᠡᠯᠢ ᠶᠡᠬᠡᠪᠠᠷ ᠪᠤᠢ ᠪᠤᠯᠭ᠋ᠠᠵᠤ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯᠤᠨ ᠣᠳᠣᠬᠢᠴᠢᠯᠠᠯᠲᠠ ᠵᠢᠨ ᠲᠦᠪᠰᠢᠨᠢ ᠳᠡᠭᠡᠭᠰᠢᠯᠡᠭᠦᠯᠭᠦ ᠬᠡᠷᠡᠭᠲᠡᠢ᠃ ᠪᠦᠭᠦ ᠲᠠᠯᠠᠪᠠᠷ ᠨᠠᠮᠢ ᠴᠢᠩᠭᠠ ᠬᠠᠮᠢᠶᠠᠷᠴᠤ ᠴᠠᠭᠳᠠᠭᠠ ᠵᠢ ᠴᠢᠩᠭᠠ ᠵᠠᠰᠠᠬᠤ ᠵᠢ ᠭᠦᠨᠵᠡᠭᠡᠢ ᠠᠬᠢᠭᠤᠯᠵᠤ᠂ ᠬᠠᠷᠢᠭᠤᠴᠠᠯᠭᠠ ᠡᠭᠦᠷᠭᠡᠯᠡᠨ ᠵᠢᠳᠬᠦᠯ ᠴᠢᠷᠮᠠᠢ᠌ᠯᠭᠠ ᠭᠠᠷᠭ᠋ᠠᠬᠤ ᠵᠢ ᠵᠣᠷᠢᠭᠵᠢᠭᠤᠯᠬᠤ᠂ ᠠᠯᠳᠠᠭᠠ ᠪᠤᠷᠤᠭᠤ ᠵᠢ ᠪᠠᠭᠲᠠᠭ᠋ᠠᠬᠤ ᠪᠠ ᠵᠠᠯᠠᠷᠠᠭᠤᠯᠬᠤ ᠪᠣᠯᠣᠨ ᠬᠠᠯᠠᠮᠵᠢᠯᠠᠨ ᠬᠠᠢ᠌ᠷᠠᠯᠠᠬᠤ ᠵᠡᠷᠭᠡ ᠠᠷᠭᠠ ᠬᠡᠮᠵᠢᠶᠡ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠴᠠᠭᠳᠠᠭᠠᠳᠤ ᠬᠠᠷᠠᠭ᠋ᠠᠯᠵᠠᠯ ᠦᠵᠡᠭᠦᠯᠭᠦ ᠲᠥᠷᠥ ᠵᠢᠨ ᠪᠣᠳᠣᠯᠭᠠ ᠵᠢ ᠲᠡᠭᠦᠯᠳᠡᠷᠵᠢᠭᠦᠯᠵᠦ᠂ ᠢᠮᠠᠭᠲᠠ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡ ᠵᠢᠨ ᠣᠮᠣᠭ ᠲᠡᠭᠦᠯᠳᠡᠷ ᠲᠡᠮᠡᠴᠡᠯᠤᠨ ᠵᠣᠷᠢᠭ ᠪᠠ ᠴᠣᠭ ᠪᠠᠳᠠᠷᠠᠩᠭᠤᠢ ᠳᠠᠢ᠌ᠴᠢᠨ ᠬᠦᠴᠦᠨᠢ ᠪᠠᠲᠤᠯᠠᠬᠤ ᠬᠡᠷᠡᠭᠲᠡᠢ ᠭᠡᠪᠡ᠃
ᠱ᠌ᠢ ᠭᠤᠸᠠᠩ ᠬᠤᠢ ᠣᠪᠣᠷ ᠵᠶ᠋ᠠᠨ ᠢᠯᠡᠳᠬᠡᠬᠦ ᠦᠭᠡ ᠬᠡᠯᠡᠪᠡ᠃
ᠥᠪᠡᠷᠲᠡᠭᠡᠨ ᠵᠠᠰᠠᠬᠤ ᠣᠷᠣᠨᠤ ᠤᠳᠤᠷᠢᠳᠤᠯᠭᠠ ᠯᠢ ᠢᠦᠢ ᠭᠠᠩ᠂ ᠵᠧᠩ ᠭᠤᠸᠠᠩ ᠵᠤᠤ ᠪᠣᠯᠣᠨ ᠰᠢᠭᠦᠬᠦ ᠬᠣᠷᠢᠶᠠ ᠵᠢᠨ ᠳᠠᠷᠤᠭᠠ ᠪᠠᠢ᠌ᠴᠠᠭ᠋ᠠᠬᠤ ᠬᠣᠷᠢᠶᠠ ᠵᠢᠨ ᠪᠠᠢ᠌ᠴᠠᠭ᠋ᠠᠬᠤ ᠳᠠᠷᠤᠭᠠ ᠣᠷᠣᠯᠴᠠᠪᠠ᠃