11 ᠰᠠᠷ᠎ᠠ ᠵᠢᠨ 11᠎ᠠᠴᠠ 12᠎ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠦᠬᠠᠢ ᠬᠤᠳᠠ᠎ᠳᠤ ᠬᠦᠷᠴᠦ ᠲᠤᠬᠠᠢ ᠵᠢᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ᠃
11 ᠰᠠᠷ᠎ᠠ ᠵᠢᠨ 11᠎ᠠᠴᠠ 12᠎ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠦᠬᠠᠢ ᠬᠤᠳᠠ᠎ᠳᠤ ᠬᠦᠷᠴᠦ ᠲᠤᠬᠠᠢ ᠵᠢᠨ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ᠎ᠤᠨ ᠬᠤᠷᠠᠯ ᠬᠤᠷᠠᠯᠳᠤᠭᠤᠯᠵᠤ ᠂ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠃
ᠲᠣᠰ ᠰᠣᠨᠢᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠰᠦᠨ ᠱᠤᠤ ᠴᠧᠩ᠂ ᠵᠢᠯ᠎ᠤᠨ ᠡᠴᠦᠰ ᠪᠤᠯᠲᠠᠯ᠎ᠠ ᠤᠳᠤ 50 ᠡᠳᠦᠷ ᠴᠸ᠋ ᠦᠭᠡᠢ ᠪᠣᠯᠵᠠᠢ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠡᠷᠴᠢ ᠵᠣᠷᠢᠭ ᠵᠶ᠋ᠠᠨ ᠬᠥᠪᠴᠢᠯᠡᠵᠦ᠂ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠬᠢᠵᠦ᠂ ᠰᠢᠪᠲᠤᠯᠤᠯᠲᠠ ᠵᠢᠨ ᠪᠠᠢ᠌ᠳᠠᠯ ᠵᠶ᠋ᠠᠷ ᠰᠡᠭᠦᠯ ᠬᠤᠷᠢᠶᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠬᠠᠮᠤᠭ᠎ᠤᠨ ᠶᠡᠬᠡ ᠴᠢᠷᠮᠠᠢ᠌ᠯᠭ᠎ᠠ ᠭᠠᠷᠭ᠋ᠠᠵᠤ ᠪᠠᠢ᠌ᠭ᠋ᠠᠳ ᠬᠠᠮᠤᠭ᠎ᠤᠨ ᠰᠠᠢ᠌ᠨ ᠬᠢᠷᠢ ᠪᠦᠲᠦᠮᠵᠢ ᠵᠢ ᠣᠯᠬᠤ᠎ᠪᠠᠷ ᠴᠢᠷᠮᠠᠢ᠌ᠬᠤ ᠬᠡᠷᠡᠭᠲᠡᠢ᠃ ᠠᠵᠤ ᠠᠬᠤᠢ ᠵᠢᠨ ᠡᠷᠭᠢᠯᠲᠡ ᠵᠢᠨ ᠳᠤᠮᠳᠠ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠭᠦᠨᠵᠡᠭᠡᠢ ᠵᠠᠳᠠᠯᠵᠤ᠂ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠰᠢᠢ᠍ᠳᠪᠦᠷᠢᠯᠡᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠡᠬᠢᠯᠡᠭᠦᠯᠬᠦ ᠶᠣᠰᠣᠲᠠᠢ ᠵᠢ ᠨᠢ ᠪᠦᠭᠦᠨ᠎ᠢ ᠡᠬᠢᠯᠡᠭᠦᠯᠵᠦ᠂ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠵᠢ ᠪᠦᠭᠦ ᠬᠦᠴᠦᠨ ᠵᠶ᠋ᠡᠷ ᠠᠬᠢᠭᠤᠯᠵᠤ᠂ ᠨᠡᠩ ᠤᠯᠠᠨ ᠪᠣᠳᠠᠲᠤ ᠪᠣᠳᠠᠰ᠎ᠤᠨ ᠬᠡᠮᠵᠢᠶ᠎ᠡ ᠵᠢ ᠪᠦᠷᠢᠯᠳᠦᠭᠦᠯᠬᠦ ᠬᠡᠷᠡᠭᠲᠡᠢ᠃ ᠦᠬᠠᠢ ᠬᠣᠲᠠ ᠪᠣᠯ ᠡᠬᠢ ᠪᠠᠶᠠᠯᠢᠭ᠎ᠤᠨ ᠭᠡᠯᠪᠡᠷᠢ ᠵᠢᠨ ᠨᠡᠢ᠌ᠲᠡᠯᠢᠭ ᠬᠣᠲᠠ ᠮᠥᠨ᠂ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠲᠠᠢ ᠤᠶᠠᠯᠳᠤᠭᠤᠯᠤᠨ᠂ ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠲᠠᠯ᠎ᠠ᠎ᠪᠠᠷ ᠵᠣᠷᠢᠭᠲᠠᠢ ᠰᠦᠪᠡᠭᠴᠢᠯᠡᠯᠲᠡ ᠬᠢᠵᠦ᠂ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠵᠤ᠂ ᠪᠦᠭᠦ ᠣᠷᠣᠨ᠎ᠳᠤ 《 ᠨᠢᠭᠡᠨ ᠵᠠᠮ ᠰᠦᠪᠡᠭᠴᠢᠯᠡᠵᠦ ᠥᠭᠬᠦ 》 ᠬᠡᠷᠡᠭᠲᠡᠢ᠃ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠢ ᠲᠦᠷᠭᠡᠨ ᠬᠥᠭᠵᠢᠭᠦᠯᠵᠦ᠂ ᠰᠢᠨ᠎ᠡ ᠨᠡᠮᠡᠭᠳᠡᠯ᠎ᠤᠨ ᠴᠡᠭ᠎ᠢ ᠢᠳᠡᠪᠬᠢᠲᠡᠢ ᠪᠣᠢ᠌ᠵᠢᠭᠤᠯᠵᠤ᠂ ᠠᠷᠭ᠎ᠠ ᠰᠦᠪᠡᠭᠴᠢᠯᠡᠨ ᠠᠵᠤ ᠠᠬᠤᠢ᠌ᠯᠠᠯ᠎ᠤᠨ ᠬᠦᠴᠢᠷ᠎ᠢ ᠲᠤᠭᠤᠯᠵᠦ᠂ ᠵᠠᠬ᠎ᠠ ᠳᠡᠯᠭᠡᠭᠦᠷ᠎ᠢ ᠵᠠᠪᠳᠤᠨ ᠡᠵᠡᠯᠡᠬᠦ᠎ᠳᠤ ᠳᠡᠮᠵᠢᠯᠭᠡ ᠦᠵᠡᠭᠦᠯᠭᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠠᠵᠢᠯ᠎ᠢ ᠲᠣᠪᠣᠢ᠌ᠮ᠎ᠠ ᠰᠠᠢ᠌ᠲᠤᠷ ᠠᠳᠬᠤᠵᠤ᠂ ᠦᠬᠠᠢ ᠨᠠᠭᠤᠷ᠎ᠤᠨ ᠨᠦᠯᠦᠮᠡᠯ ᠰᠢᠪᠠᠷ᠎ᠢ ᠴᠡᠪᠡᠷᠯᠡᠬᠦ ᠠᠵᠢᠯ᠎ᠢ ᠭᠦᠨᠵᠡᠭᠡᠢ ᠠᠬᠢᠭᠤᠯᠬᠤ ᠬᠡᠷᠡᠭᠲᠡᠢ᠃ ᠠᠭᠤᠷᠬᠠᠢ ᠵᠢᠨ ᠵᠠᠰᠠᠯᠲᠠ᠂ ᠬᠤᠵᠢᠷᠯᠢᠭ ᠭᠠᠵᠠᠷ᠎ᠤᠨ ᠵᠠᠰᠠᠯᠲᠠ ᠵᠢ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ᠎ᠲᠠᠢ ᠣᠷᠭ᠋ᠠᠨᠢᠭ ᠵᠶ᠋ᠠᠷ ᠵᠣᠯᠭ᠋ᠠᠭᠤᠯᠵᠤ᠂ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠵᠡᠷᠭᠡ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠡᠷᠡᠭᠯᠡᠵᠦ᠂ ᠶᠡᠷᠦᠩᠬᠡᠢ᠌ᠯᠡᠭᠰᠡᠨ ᠦᠢ᠍ᠯᠡᠳᠦᠯ᠎ᠢ ᠪᠠᠳᠠᠷᠠᠭᠤᠯᠵᠤ᠂ ᠰᠠᠢ᠌ᠨ ᠣᠷᠴᠢᠯ᠎ᠢ ᠪᠦᠷᠢᠯᠳᠦᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠢ ᠪᠠᠲᠤᠯᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠰᠢᠢ᠍ᠳᠪᠦᠷᠢᠯᠡᠬᠦ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠦᠨᠡᠨ ᠬᠦ᠌ ᠰᠠᠢ᠌ᠲᠤᠷ ᠠᠳᠬᠤᠵᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠡᠷᠡᠰ ᠬᠠᠮᠠᠭ᠋ᠠᠯᠠᠬᠤ ᠬᠡᠷᠡᠭᠲᠡᠢ᠃ ᠰᠣᠶᠣᠯ᠎ᠤᠨ ᠪᠠ ᠪᠠᠢ᠌ᠭ᠋ᠠᠯᠢ ᠵᠢᠨ ᠥᠪ᠎ᠢ ᠤᠯᠠᠮᠵᠢᠯᠠᠨ ᠵᠠᠯᠭ᠋ᠠᠮᠵᠢᠯᠠᠬᠤ᠂ ᠠᠰᠢᠭᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠥᠪ᠎ᠢ ᠬᠠᠮᠠᠭ᠋ᠠᠯᠠᠬᠤ ᠴᠢᠳᠠᠪᠤᠷᠢ ᠪᠠ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠥᠭᠡᠷᠡᠴᠢᠯᠡᠯᠲᠡ ᠵᠢ ᠠᠳᠬᠤᠵᠤ ᠬᠥᠭᠵᠢᠯᠲᠡ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠭ᠎ᠠ ᠪᠦᠭᠦᠨ᠎ᠢ ᠰᠦᠪᠡᠭᠴᠢᠯᠡᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ᠃ ᠢᠷᠡᠬᠦ ᠵᠢᠯ᠎ᠤᠨ ᠠᠵᠢᠯ᠎ᠢ ᠡᠷᠲᠡ᠎ᠠᠴᠠ ᠪᠣᠳᠣᠯᠬᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠪᠣᠳᠠᠲᠠᠢ ᠬᠡᠷᠡᠭᠵᠢᠭᠦᠯᠵᠦ ᠪᠣᠯᠬᠤᠢ᠌ᠴᠠ ᠰᠡᠳᠬᠢᠴᠡ ᠪᠠ ᠠᠷᠭ᠎ᠠ ᠬᠡᠮᠵᠢᠶ᠎ᠡ ᠵᠢ ᠠᠯᠢ ᠲᠦᠷᠭᠡᠨ ᠵᠶ᠋ᠡᠷ ᠭᠠᠷᠭ᠋ᠠᠬᠤ ᠬᠡᠷᠡᠭᠲᠡᠢ ᠭᠡᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠢᠦᠢ ᠯᠢ ᠰᠢᠨ ᠣᠷᠣᠯᠴᠠᠵᠠᠢ᠃