11 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠬᠦᠷᠴᠦ᠂ ᠰᠤᠷᠪᠤᠯᠵᠢᠯᠠᠯ ᠬᠢᠬᠦ᠎ᠪᠠᠷ ᠢᠷᠡᠭᠰᠡᠨ ᠤᠯᠠᠨ ᠲᠦᠮᠡᠨ᠎ᠢ ᠲᠤᠬᠠᠢ ᠵᠢᠨ ᠲᠠᠯᠠᠪᠠᠢ᠎ᠳᠤ ᠭᠥᠯᠢᠶᠡᠨ ᠠᠪᠴᠤ ᠠᠭᠤᠯᠵᠠᠵᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠪᠡ᠃
11 ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠬᠦᠷᠴᠦ᠂ ᠰᠤᠷᠪᠤᠯᠵᠢᠯᠠᠯ ᠬᠢᠬᠦ᠎ᠪᠠᠷ ᠢᠷᠡᠭᠰᠡᠨ ᠤᠯᠠᠨ ᠲᠦᠮᠡᠨ᠎ᠢ ᠲᠤᠬᠠᠢ ᠵᠢᠨ ᠲᠠᠯᠠᠪᠠᠢ᠎ᠳᠤ ᠭᠥᠯᠢᠶᠡᠨ ᠠᠪᠴᠤ ᠠᠭᠤᠯᠵᠠᠵᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠪᠡ᠃
ᠲᠠᠯ᠎ᠠ ᠨᠤᠲᠤᠭ᠎ᠤᠨ ᠡᠭᠦᠯᠡ · ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠣᠷᠪᠣᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶᠠᠨ᠎ᠤ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠢ ᠭᠥᠯᠢᠶᠡᠨ ᠠᠪᠬᠤ ᠲᠠᠰᠤᠭ᠎ᠲᠤ᠂ ᠰᠦᠨ ᠱᠤᠤ ᠴᠧᠩ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠬᠦᠯᠢᠴᠡᠩᠭᠦᠢ᠎ᠪᠠᠷ ᠰᠣᠨᠣᠰᠴᠤ᠂ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠤᠨ ᠤᠴᠢᠷ ᠰᠢᠯᠲᠠᠭ᠋ᠠᠨ ᠪᠣᠯᠣᠨ ᠪᠣᠳᠠᠲᠠᠢ ᠬᠦᠰᠡᠯ ᠱᠠᠭ᠋ᠠᠷᠳᠠᠯᠭ᠎ᠠ ᠵᠢ ᠨᠠᠷᠢᠨ ᠣᠢ᠌ᠯᠠᠭ᠋ᠠᠵᠤ᠂ ᠵᠠᠷᠢᠮ ᠵᠠᠩᠭᠢᠯᠠᠭ᠎ᠠ ᠵᠢᠨ ᠨᠠᠷᠢᠨ ᠵᠦᠢ᠍ᠯᠡᠰ᠎ᠤᠨ ᠲᠤᠬᠠᠢ ᠣᠯᠠᠨ ᠲᠦᠮᠡᠨ᠎ᠲᠠᠢ ᠪᠠᠢ᠌ᠨ ᠲᠠᠭᠢᠨ ᠰᠠᠨᠠᠭ᠎ᠠ᠎ᠪᠠᠨ ᠣᠯᠣᠯᠴᠠᠬᠤ ᠵᠢᠨ ᠬᠠᠮᠲᠤ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠎ᠲᠠᠢ ᠲᠤᠬᠠᠢ ᠵᠢᠨ ᠲᠠᠯᠠᠪᠠᠶ᠎ᠳᠤ ᠠᠰᠠᠭᠤᠳᠠᠯ᠎ᠢ ᠵᠠᠳᠠᠯᠵᠤ᠂ ᠰᠢᠢ᠍ᠳᠪᠦᠷᠢᠯᠡᠬᠦ ᠠᠷᠭ᠎ᠠ ᠵᠢ ᠰᠤᠳᠤᠯᠪᠠ᠃ ᠲᠡᠷᠡ᠂ ᠦᠨᠡᠨ ᠬᠦ᠌ ᠬᠡᠷᠡᠭᠵᠢᠭᠦᠯᠵᠦ ᠪᠣᠯᠬᠤᠢ᠌ᠴᠠ ᠰᠢᠢ᠍ᠳᠪᠦᠷᠢᠯᠡᠬᠦ ᠲᠥᠰᠥᠯ᠎ᠢ ᠲᠦᠷᠭᠡᠬᠡᠨ ᠭᠠᠷᠭ᠋ᠠᠵᠤ᠂ ᠱᠠᠯᠠᠪᠳᠠᠭᠤᠯᠤᠨ ᠰᠢᠢ᠍ᠳᠪᠦᠷᠢᠯᠡᠭᠦᠯᠬᠦ᠂ ᠬᠤᠭᠤᠴᠠᠭ᠎ᠠ ᠲᠣᠭᠲᠠᠭ᠋ᠠᠨ ᠰᠢᠢ᠍ᠳᠪᠦᠷᠢᠯᠡᠵᠦ ᠳᠠᠭᠤᠰᠬᠠᠬᠤ ᠵᠢ ᠴᠢᠩᠭ᠋ᠠᠳᠬᠠᠨ᠂ ᠬᠡᠯᠡᠭᠰᠡᠨ ᠦᠭᠡᠨ᠎ᠳᠡᠭᠡᠨ ᠰᠠᠭᠤᠵᠤ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ᠂ ᠬᠡᠷᠡᠭ᠎ᠢ ᠳᠠᠭᠤᠰᠬᠠᠵᠤ ᠤᠴᠢᠷ ᠶᠠᠪᠤᠳᠠᠯ᠎ᠢ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠰᠦᠨ ᠱᠤᠤ ᠴᠧᠩ᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠰᠠᠢ᠌ᠲᠤᠷ ᠬᠢᠬᠦ᠎ᠨᠢ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ᠂ ᠨᠡᠢ᠌ᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠩᠭᠤᠢ ᠲᠣᠭᠲᠠᠭᠤᠨ᠎ᠳᠤ ᠬᠣᠯᠪᠣᠭᠳᠠᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ ᠪᠠ ᠬᠠᠢ᠌ᠷ᠎ᠠ ᠰᠡᠳᠬᠢᠯᠭᠡ᠎ᠲᠠᠢ᠎ᠪᠠᠷ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠪᠣᠳᠠᠲᠠᠢ ᠠᠵᠢᠯ᠎ᠤᠨ ᠳᠤᠮᠳᠠ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠵᠢ ᠨᠡᠩ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠯ᠎ᠤᠨ ᠭᠣᠮᠣᠳᠠᠯ ᠲᠣᠭ᠋ᠠᠴᠢᠯᠲᠠ ᠵᠢ ᠡᠬᠢ ᠡᠭᠦᠰᠦᠯ᠎ᠠᠴᠠ᠎ᠨᠢ ᠪᠠᠭ᠋ᠠᠰᠬᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠠᠭᠠᠨ ᠡᠮᠦᠨ᠎ᠡ ᠬᠣᠢ᠌ᠨᠠᠬᠢ ᠵᠢ ᠪᠣᠳᠣᠯᠬᠢᠯᠠᠵᠤ᠂ ᠨᠠᠷᠢᠨ ᠨᠢᠭᠲᠠ ᠪᠤᠳᠣᠵᠤ᠂ ᠵᠠᠬᠢᠳᠠᠯ ᠰᠤᠷᠪᠤᠯᠵᠢᠯᠠᠯ ᠡᠭᠦᠰᠬᠡᠬᠦ 《 ᠠᠷᠬᠠᠭ 》 ᠦᠯᠡᠳᠡᠭᠡᠬᠦ᠎ᠠᠴᠠ ᠰᠡᠷᠭᠡᠢ᠌ᠯᠡᠵᠦ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠡᠭᠡᠨ ᠪᠦᠷᠢᠨ ᠭᠦᠢ᠍ᠴᠡᠳ ᠪᠣᠳᠣᠯᠬᠢᠯᠠᠵᠤ᠂ ᠠᠯᠤᠰ ᠭᠡᠳᠦ᠎ᠳᠤ ᠬᠠᠨᠳᠤᠭᠤᠯᠵᠤ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠦᠷᠭᠦᠯᠵᠢᠯᠡᠬᠦ ᠵᠢ ᠪᠠᠲᠤᠯᠠᠬᠤ ᠬᠡᠷᠡᠭᠲᠡᠢ᠃ ᠠᠰᠠᠭᠤᠳᠠᠯ᠎ᠢ ᠬᠡᠳᠦᠢ ᠤᠳᠠᠭ᠋ᠠᠰᠢᠷᠠᠭᠤᠯᠪᠠᠯ ᠰᠢᠢ᠍ᠳᠪᠦᠷᠢᠯᠡᠬᠦ ᠥᠪᠡᠷ᠎ᠤᠨ ᠥᠷᠲᠡᠭ᠎ᠨᠢ ᠲᠡᠳᠦᠢ ᠶᠡᠬᠡ ᠪᠤᠯᠳᠠᠭ᠂ ᠠᠰᠠᠭᠤᠳᠠᠯ ᠪᠠᠢ᠌ᠪᠠᠯ ᠱᠠᠯᠠᠪᠳᠠᠨ ᠰᠢᠢ᠍ᠳᠪᠦᠷᠢᠯᠡᠵᠦ᠂ ᠪᠠᠭ᠎ᠠ ᠠᠰᠠᠭᠤᠳᠠᠯ᠎ᠢ ᠤᠳᠠᠭ᠋ᠠᠰᠢᠷᠠᠭᠤᠯᠤᠭ᠋ᠠᠳ ᠶᠡᠬᠡ ᠠᠰᠠᠭᠤᠳᠠᠯ ᠪᠤᠯᠭ᠋ᠠᠬᠤ᠎ᠠᠴᠠ ᠵᠠᠢ᠌ᠯᠠᠰᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠯ᠎ᠤᠨ ᠠᠵᠢᠯ᠎ᠢ ᠬᠠᠤᠯᠢ᠎ᠪᠠᠷ ᠵᠠᠰᠠᠬᠤ ᠵᠢ ᠲᠦᠷᠭᠡᠳᠬᠡᠨ ᠠᠬᠢᠭᠤᠯᠵᠤ᠂ ᠬᠠᠤᠯᠢ ᠵᠢ ᠴᠢᠩᠭ᠎ᠠ ᠵᠢᠷᠤᠮᠯᠠᠨ ᠠᠵᠢᠯᠯᠠᠵᠤ᠂ ᠳᠡᠰ ᠳᠠᠷᠠᠭ᠋ᠠᠯᠠᠯ᠎ᠤᠨ ᠵᠢᠷᠤᠮᠵᠢᠭᠤᠯᠤᠯ ᠵᠶ᠋ᠠᠷ 《ᠤᠴᠢᠷ ᠶᠠᠪᠤᠳᠠᠯ᠎ᠢ ᠰᠢᠢ᠍ᠳᠪᠦᠷᠢᠯᠡᠬᠦ》 ᠵᠢ ᠠᠬᠢᠭᠤᠯᠬᠤ ᠬᠡᠷᠡᠭᠲᠡᠢ᠃ ᠣᠳᠣ ᠪᠦᠭᠦ ᠣᠷᠣᠨ᠎ᠳᠤ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠪᠦᠭᠦ ᠲᠠᠯ᠎ᠠ᠎ᠪᠠᠷ ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠪᠠ᠃ ᠣᠷᠣᠯᠠᠨ ᠭᠦᠢ᠍ᠴᠡᠳᠬᠡᠬᠦ ᠳᠦᠷᠢᠮ᠎ᠤᠨ ᠵᠠᠩᠭᠢᠯᠠᠭ᠎ᠠ᠎ᠨᠢ ᠦᠨᠡᠨ ᠬᠦ᠌ ᠣᠷᠣᠯᠠᠨ ᠭᠦᠢ᠍ᠴᠡᠳᠬᠡᠵᠦ᠂ ᠦᠨᠡᠨ ᠪᠣᠳᠠᠲᠠᠢ᠎ᠪᠠᠷ ᠣᠯᠠᠨ ᠲᠦᠮᠡᠨ᠎ᠳᠤ ᠠᠵᠢᠯ ᠶᠠᠪᠤᠳᠠᠯ ᠭᠦᠢ᠍ᠴᠡᠳᠬᠡᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠯᠠᠨ ᠭᠦᠢ᠍ᠴᠡᠳᠬᠡᠬᠦ ᠠᠷᠭ᠎ᠠ ᠵᠠᠮ᠎ᠢ ᠤᠯᠠᠮ ᠰᠢᠯᠤᠭᠤᠳᠬᠠᠵᠤ᠂ ᠣᠷᠣᠯᠠᠨ ᠭᠦᠢ᠍ᠴᠡᠳᠬᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠭᠦ᠎ᠳᠤ ᠪᠤᠶ᠃ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ 》 ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠤᠨ᠂ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠨ ᠵᠦᠢ ᠵᠣᠬᠢᠰᠲᠠᠢ ᠬᠦᠰᠡᠯ ᠱᠠᠭ᠋ᠠᠷᠳᠠᠯᠭ᠎ᠠ ᠵᠢ᠎ᠨᠢ ᠲᠤᠰᠬᠠᠵᠤ᠂ ᠣᠯᠠᠨ ᠲᠦᠮᠡᠨ᠎ᠳᠤ ᠰᠡᠳᠬᠢᠴᠡ ᠵᠢᠨ ᠵᠢᠯᠣᠭᠣᠳᠤᠯᠭ᠎ᠠ ᠬᠢᠬᠦ ᠵᠡᠷᠭᠡ ᠠᠵᠢᠯ᠎ᠢ ᠬᠦᠯᠢᠴᠡᠩᠭᠦᠢ᠎ᠪᠠᠷ ᠰᠠᠢ᠌ᠲᠤᠷ ᠬᠢᠵᠦ᠂ ᠵᠥᠷᠢᠴᠡᠯ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠠᠷᠢᠯᠭ᠋ᠠᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠪᠡ᠃
ᠢᠦᠢ ᠯᠢ ᠰᠢᠨ ᠣᠷᠣᠯᠴᠠᠵᠠᠢ᠃