2023 ᠣᠨ᠎ᠳᠤ
ᠦᠪᠦᠷ ᠮᠣᠩᠭᠤᠯ 950 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠵᠢ ᠪᠡᠶᠡᠯᠡᠭᠦᠯᠵᠦ
ᠣᠨ᠎ᠤ ᠡᠭᠦᠷᠭᠡ ᠵᠢᠨ ᠵᠶ᠋ᠡᠨ 151% ᠵᠢ ᠪᠡᠶᠡᠯᠡᠭᠦᠯᠪᠡ
2024 ᠣᠨ᠎ᠳᠤ
1954 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠵᠢ ᠪᠡᠶᠡᠯᠡᠭᠦᠯᠵᠦ
ᠣᠨ᠎ᠤ ᠡᠭᠦᠷᠭᠡ ᠵᠢᠨ ᠵᠶ᠋ᠡᠨ 113% ᠵᠢ ᠪᠡᠶᠡᠯᠡᠭᠦᠯᠪᠡ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ 《ᠬᠤᠷᠳᠤᠴᠠ》᠎ᠪᠠᠨ ᠲᠦᠷᠭᠡᠳᠬᠡᠪᠡ
ᠡᠳᠡᠭᠡᠷ ᠡᠭᠦᠷᠭᠡ᠎ᠪᠠᠨ ᠳᠠᠪᠠᠭᠤᠯᠤᠨ ᠪᠡᠶᠡᠯᠡᠭᠦᠯᠦᠭᠰᠡᠨ᠎ᠤ ᠠᠷᠤ᠎ᠳᠤ ᠥᠪᠥᠷ ᠮᠣᠩᠭᠤᠯ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠡᠷᠴᠢᠮ ᠴᠢᠩᠭ᠎ᠠ ᠪᠠᠢ᠌ᠬᠤ ᠵᠢ ᠬᠠᠷᠠᠭᠤᠯᠵᠤ ᠪᠠᠢ᠌ᠨ᠎ᠠ
ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯ᠎ᠤᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠬᠦ ᠪᠤᠯ ᠦᠪᠦᠷ ᠮᠤᠩᠭᠤᠯ᠎ᠤᠨ ᠦᠷᠭᠦᠯᠵᠢᠯᠡᠬᠦᠢ᠌ᠴᠡ ᠬᠦᠭᠵᠢᠯᠳᠡ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠵᠠᠮᠨᠠᠬᠤ ᠵᠠᠮ ᠮᠦᠨ
ᠬᠡᠷᠬᠢᠨ ᠥᠪᠥᠷ ᠮᠣᠩᠭᠤᠯ᠎ᠤᠨ ᠲᠩᠷᠢ ᠵᠢ ᠨᠠᠩ ᠬᠥᠬᠡ ᠤᠰᠤ ᠵᠢ ᠨᠠᠩ ᠲᠤᠩᠭ᠋ᠠᠯᠠᠭ ᠡᠪᠡᠰᠦ ᠵᠢ ᠨᠠᠩ ᠨᠣᠭᠤᠭ᠋ᠠᠨ ᠪᠣᠯᠭ᠋ᠠᠬᠤ ᠪᠣᠢ
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠷᠤ᠎ᠳᠠᠬᠢ ᠥᠭᠡᠷᠡᠴᠢᠯᠡᠯᠲᠡ ᠵᠢᠨ ᠨᠢᠭᠤᠴᠠ ᠨᠣᠮᠧᠷ᠎ᠢ ᠰᠦᠪᠡᠭᠴᠢᠯᠡᠬᠦ ᠲᠠᠯ᠎ᠠ᠎ᠪᠠᠷ ᠲᠠᠪᠤᠨ ᠰᠠᠯᠠᠭ᠎ᠠ ᠮᠥᠴᠢᠷ᠎ᠤᠨ᠎ᠬᠢᠨ ᠢᠵᠢᠯ ᠨᠢᠭᠡᠨ ᠰᠡᠳᠦᠪ᠎ᠢ ᠬᠠᠮᠲᠤ᠎ᠪᠠᠷ ᠬᠠᠷᠢᠭᠤᠯᠵᠠᠭ᠋ᠠᠪᠠ!
11 ᠳ᠋ᠦ᠍ᠭᠡᠷ ᠰᠠᠷ᠎ᠠ ᠵᠢᠨ 14᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠰᠡᠨ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ — 《ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠥᠲᠥᠭᠡᠨ ᠪᠠᠶ᠋ᠢᠭᠤᠯᠬᠤ》 ᠲᠤᠰᠬᠠᠶ ᠲᠠᠯᠠᠪᠤᠷ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠥᠳ᠎ᠢ ᠤᠷᠢᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠᠨᠢᠯᠴᠠᠭᠤᠯᠤᠭᠰᠠᠨᠤ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ᠎ᠨᠤᠭᠤᠳ᠎ᠢ ᠬᠠᠷᠢᠭᠤᠯᠪᠠ᠃
ᠦᠵᠡᠰᠭᠦᠯᠡᠩ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠲᠡᠳᠡ ᠡᠳᠡᠭᠡᠷ flag᠎ᠢ ᠪᠣᠰᠬᠠᠪᠠ
ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠲᠢᠩᠬᠢᠮ
《ᠲᠡᠭ ᠪᠣᠯᠭ᠋ᠠᠬᠤ ᠬᠠᠷᠠᠯᠲᠠ》
ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠲᠢᠩᠬᠢᠮ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ᠎ᠲᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠢ 100%᠎ᠪᠠᠷ ᠬᠠᠩᠭ᠋ᠠᠬᠤ ᠵᠢ ᠦᠷᠭᠦᠯᠵᠢᠯᠡᠨ ᠠᠬᠢᠭᠤᠯᠵᠤ᠂ ᠵᠢᠱ᠌ᠢᠶ᠎ᠡ ᠦᠵᠡᠭᠦᠯᠬᠦ 3 ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠵᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠲᠡᠭ ᠪᠣᠯᠭ᠋ᠠᠬᠤ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠢ᠌ᠵᠤ ᠪᠠᠢ᠌ᠨ᠎ᠠ
ᠥᠪᠥᠷ ᠮᠣᠩᠭᠤᠯ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠥᠬᠦ ᠬᠦᠴᠦᠨ ᠵᠦᠢ᠍ᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠡᠬᠡ ᠵᠢᠷᠤᠭ᠂ ᠨᠢᠭᠡ ᠢᠵᠢ ᠭᠤᠷᠪᠠᠨ ᠬᠤᠪᠢᠶᠠᠷᠢ ᠲᠣᠭᠣᠷᠢᠭ᠎ᠤᠨ ᠣᠷᠴᠢᠨ ᠲᠣᠭᠤᠷᠢᠨ᠎ᠢ ᠬᠠᠮᠢᠶᠠᠷᠤᠨ ᠡᠵᠡᠮᠳᠡᠬᠦ ᠨᠢᠭᠡᠴᠢ ᠪᠠ ᠨᠢᠭᠡ ᠬᠤᠪᠢ ᠣᠯᠠᠨ ᠲᠠᠰ ᠳᠠᠪᠬᠤᠷᠭ᠎ᠠ᠂ ᠣᠯᠠᠨ ᠬᠡᠮᠵᠢᠯᠳᠦ ᠵᠢᠨ ᠵᠥᠪᠰᠢᠶᠡᠷᠡᠯ᠎ᠤᠨ ᠨᠠᠷᠢᠨ ᠲᠠᠩᠰᠠ ᠵᠢ ᠪᠣᠶ ᠪᠣᠯᠭ᠋ᠠᠵᠤ᠂ ᠨᠡᠭᠡᠭᠡᠨ ᠬᠥᠭᠵᠢᠭᠦᠯᠵᠦ ᠬᠠᠮᠠᠭ᠋ᠠᠯᠠᠵᠤ ᠪᠥᠲᠥᠭᠡᠨ ᠪᠠᠢ᠌ᠭᠤᠯᠬᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠢᠯᠣᠭᠤᠳᠪᠠ᠃
ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
《6 ᠲᠠᠯ᠎ᠠ᠎ᠪᠠᠷ 48 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ》
ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪ ᠪᠠᠢ᠌ᠳᠠᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠪᠠ
ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ᠎ᠲᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠢ 100%᠎ᠪᠠᠷ ᠬᠠᠩᠭ᠋ᠠᠬᠤ ᠵᠢ ᠦᠷᠭᠦᠯᠵᠢᠯᠡᠨ ᠠᠬᠢᠭᠤᠯᠪᠠ᠃
ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠵᠢᠱ᠌ᠢᠶ᠎ᠡ ᠦᠵᠡᠭᠦᠯᠬᠦ 3 ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠥᠷᠨᠢᠭᠦᠯᠵᠦ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠥᠪᠥᠷ ᠮᠣᠩᠭᠤᠯ᠎ᠳᠠᠬᠢ ᠠᠭᠤᠷᠬᠠᠶ ᠵᠢᠴᠢ ᠲᠡᠭᠦᠨ᠎ᠤ ᠡᠷᠬᠢᠨ ᠲᠣᠭᠤᠷᠢᠨ᠎ᠳᠠᠬᠢ 10 ᠺᠢᠯᠣᠮᠧᠲᠷ᠎ᠤᠨ ᠵᠠᠢ᠌ᠲᠠᠢ ᠭᠠᠵᠠᠷ ᠣᠷᠣᠨ᠎ᠤ ᠵᠠᠰᠠᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠲᠦᠷᠭᠡᠳᠬᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠵᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠲᠡᠭ ᠪᠣᠯᠭ᠋ᠠᠬᠤ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠢ᠌ᠵᠤ ᠪᠠᠢ᠌ᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
《ᠰᠦᠯᠵᠢᠶᠡᠨ᠎ᠳᠤ ᠭᠠᠷᠭ᠋ᠠᠬᠤ》 ᠵᠢ ᠲᠣᠳᠣᠷᠬᠠᠶ᠋ᠢᠯᠠᠵᠤ 《ᠤᠯᠠᠭ᠋ᠠᠨ ᠱᠤᠭᠤᠮ》᠎ᠢ ᠪᠠᠶ᠋ᠢᠭᠤᠯᠪᠠ
ᠤᠯᠤᠰ᠎ᠠᠴᠠ ᠪᠠᠭᠤᠯᠭ᠋ᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠤᠭ᠎ᠠ ᠵᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠵᠢ ᠬᠠᠮᠤᠷᠤᠭᠰᠠᠨ ᠤᠰᠤ ᠬᠡᠷᠡᠭᠯᠡᠬᠦ ᠵᠢ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠪᠠᠶ᠋ᠢᠭᠤᠯᠵᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ 《ᠳᠡᠭᠡᠳᠦ ᠬᠢᠵᠠᠭ᠋ᠠᠷ》᠎ᠢ ᠲᠣᠳᠣᠷᠬᠠᠶ᠋ᠢᠯᠠᠵᠤ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠬᠠᠲᠠᠭᠤ ᠬᠢᠵᠠᠭ᠋ᠠᠷᠯᠠᠯ᠎ᠤᠨ 《ᠤᠯᠠᠭ᠋ᠠᠨ ᠱᠤᠭᠤᠮ》᠎ᠢ ᠪᠠᠶ᠋ᠢᠭᠤᠯᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠤᠰᠤ᠎ᠪᠠᠷ ᠳᠥᠷᠪᠡᠨ ᠵᠦᠢ᠍ᠯ᠎ᠢ ᠲᠣᠭᠲᠠᠭ᠋ᠠᠬᠤ》 ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠠᠪᠴᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
1151 ᠲᠦᠮᠡᠨ ᠮᠥ᠍ 1.19 ᠳ᠋ᠦᠩᠰᠢᠭᠤᠷ ᠺᠢᠯᠣᠸᠠᠲ
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠵᠣᠬᠢᠶᠠᠨ ᠪᠠᠶ᠋ᠢᠭᠤᠯᠤᠯᠲᠠ ᠤᠳᠤᠷᠢᠳᠤᠯᠭ᠎ᠠ᠂ ᠢᠨᠵᠧᠨᠧᠷᠢᠩ᠎ᠤᠨ ᠠᠭᠤᠰᠤᠯᠴᠠᠯ᠂ ᠣᠯᠠᠨ ᠡᠰᠢᠲᠦ ᠣᠷᠣᠭᠤᠯᠤᠯᠲᠠ ᠵᠡᠷᠭᠡ 7 ᠲᠠᠯ᠎ᠠ᠎ᠠᠴᠠ ᠰᠢᠨ᠎ᠡ ᠡᠭᠦᠳᠦᠯᠲᠡ ᠵᠢ ᠠᠳᠬᠤᠨ᠎ᠠ᠃ 2030 ᠣᠨ ᠪᠣᠯᠬᠤ᠎ᠳᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠵᠶ᠋ᠠᠷ 1151 ᠲᠦᠮᠡᠨ ᠮᠥ᠍ ᠡᠯᠡᠰᠦᠷᠡᠭᠰᠡᠨ ᠭᠠᠵᠠᠷ ᠰᠢᠷᠣᠶ ᠵᠢ ᠵᠠᠰᠠᠵᠤ᠂ 1.19 ᠳ᠋ᠦᠩᠰᠢᠭᠤᠷ ᠺᠢᠯᠣᠸᠠᠲ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ ᠢᠵᠢ ᠪᠥᠷᠢᠳᠦᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
ᠭᠤᠷᠪᠠᠨ ᠭᠠᠵᠠᠷ ᠣᠷᠣᠨ᠎ᠢ ᠬᠣᠶᠠᠳᠤᠭ᠋ᠠᠷ ᠪᠦᠯᠦᠭ᠎ᠤᠨ ᠤᠯᠤᠰ᠎ᠤᠨ ᠲᠤᠷᠰᠢᠯᠲᠠ ᠵᠢᠨ ᠴᠡᠭ᠎ᠤᠨ ᠬᠡᠪᠴᠢᠶᠡᠨ᠎ᠳᠤ ᠣᠷᠣᠭᠤᠯᠬᠤ᠎ᠪᠠᠷ ᠢᠳᠡᠪᠬᠢᠯᠡᠨ ᠴᠢᠷᠮᠠᠶ᠋ᠢᠨ᠎ᠠ
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠪᠣᠬᠢᠷᠲᠤᠯ ᠥᠬᠡᠶ ᠬᠡᠷᠡᠭᠯᠡᠭᠡ ᠵᠢᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠣᠷᠭᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠰᠠᠭ᠋ᠠᠷᠮᠠᠭᠵᠢᠭᠤᠯᠬᠤ ᠵᠢ ᠠᠬᠢᠭᠤᠯᠬᠤ ᠠᠵᠢᠯ᠎ᠤᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃
ᠪᠤᠭᠤᠲᠤ᠂ ᠣᠷᠳᠣᠰ᠂ ᠤᠯᠠᠭ᠋ᠠᠨᠬᠠᠳᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠤᠨ ᠤᠯᠤᠰ᠎ᠤᠨ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠳᠠ ᠵᠢ ᠤᠷᠬᠢᠯ ᠬᠡᠮᠵᠢᠭᠳᠡᠯ᠎ᠳᠤ ᠬᠦᠷᠭᠡᠬᠦ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠵᠢᠨ ᠬᠠᠮᠲᠤ᠂ ᠪᠥᠬᠦ ᠣᠷᠣᠨ᠎ᠤ ᠬᠡᠪᠴᠢᠶᠡᠨ᠎ᠳᠤ ᠨᠢᠭᠡ ᠪᠦᠯᠦᠭ ᠲᠥᠯᠥᠭᠡᠯᠡᠬᠦ ᠴᠢᠨᠠᠷᠲᠠᠶ ᠠᠶ᠋ᠢᠮᠠᠭ ᠬᠤᠲᠠ ᠪᠣᠯᠤᠨ ᠬᠦᠷᠢᠶᠡᠯᠡᠩ ᠲᠣᠭᠤᠷᠢᠭ᠎ᠢ ᠰᠣᠩᠭᠤᠨ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠳᠠ ᠵᠢ ᠤᠷᠬᠢᠯ ᠭᠡᠮᠵᠢᠭᠳᠡᠯ᠎ᠳᠤ ᠬᠦᠷᠭᠡᠬᠦ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠦᠷᠨᠢᠭᠦᠯᠦᠨ᠎ᠡ᠃ ᠬᠥᠯᠥᠨ ᠪᠤᠶ᠋ᠢᠷ᠂ ᠬᠢᠩᠭ᠋ᠠᠨ ᠠᠶ᠋ᠢᠮᠠᠭ᠂ ᠤᠯᠠᠭ᠋ᠠᠨᠬᠠᠳᠠ ᠭᠤᠷᠪᠠᠨ ᠭᠠᠵᠠᠷ ᠣᠷᠣᠨ᠎ᠢ ᠬᠣᠶᠠᠳᠤᠭ᠋ᠠᠷ ᠪᠦᠯᠦᠭ᠎ᠤᠨ ᠤᠯᠤᠰ᠎ᠤᠨ ᠲᠤᠷᠰᠢᠯᠲᠠ ᠵᠢᠨ ᠴᠡᠭ᠎ᠤᠨ ᠬᠡᠪᠴᠢᠶᠡᠨ᠎ᠳᠤ ᠣᠷᠣᠭᠤᠯᠬᠤ᠎ᠪᠠᠷ ᠢᠳᠡᠪᠬᠢᠯᠡᠨ ᠴᠢᠷᠮᠠᠢ᠌ᠵᠤ ᠪᠠᠢ᠌ᠨ᠎ᠠ᠃
ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠡᠨᠡ ᠬᠦ᠌ ᠰᠢᠯᠭ᠋ᠠᠯᠲᠠ ᠵᠢᠨ ᠬᠠᠭᠤᠳᠠᠰᠤ ᠵᠢ ᠰᠠᠶ᠋ᠢᠲᠤᠷ ᠪᠡᠶᠡᠯᠡᠭᠦᠯᠬᠦ ᠵᠢᠨ ᠲᠥᠯᠥᠭᠡ ᠥᠪᠥᠷ ᠮᠣᠩᠭᠤᠯ᠎ᠤᠨ᠎ᠬᠢᠨ ᠢᠵᠢᠯ ᠨᠢᠭᠡᠨ ᠰᠡᠳᠦᠪ᠎ᠢ ᠬᠠᠮᠲᠤ᠎ᠪᠠᠷ ᠬᠠᠷᠢᠭᠤᠯᠵᠤ ᠬᠠᠮᠲᠤᠷᠠᠨ ᠠᠵᠢᠯᠯᠠᠵᠤ ᠪᠠᠢ᠌ᠬᠤ᠎ᠨᠢ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠥᠲᠥᠭᠡᠨ ᠪᠠᠢ᠌ᠭᠤᠯᠬᠤ ᠭᠡᠰᠡᠨ ᠬᠠᠷᠠᠯᠲᠠ ᠵᠢᠨ ᠲᠥᠯᠥᠭᠡ ᠶᠤᠮ!