11 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ (ᠳᠡᠭᠡᠳᠦ ᠰᠤᠷᠭ᠋ᠠᠭᠤᠯᠢ ᠵᠢᠨ ᠵᠠᠬᠢᠷᠤᠯ) ᠰᠦᠨ ᠱᠤᠤ ᠴᠧᠩ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠰᠤᠷᠭ᠋ᠠᠭᠤᠯᠢ ᠵᠢᠨ ᠶᠠᠪᠤᠳᠠᠯ᠎ᠤᠨ ᠵᠥᠪᠯᠡᠯ᠎ᠤᠨ ᠥᠷᠭᠡᠳᠬᠡᠭᠰᠡᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠲᠤᠬᠠᠢ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃
11 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ (ᠳᠡᠭᠡᠳᠦ ᠰᠤᠷᠭ᠋ᠠᠭᠤᠯᠢ ᠵᠢᠨ ᠵᠠᠬᠢᠷᠤᠯ) ᠰᠦᠨ ᠱᠣᠣ ᠴᠧᠩ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠰᠤᠷᠭ᠋ᠠᠭᠤᠯᠢ ᠵᠢᠨ ᠶᠠᠪᠤᠳᠠᠯ᠎ᠤᠨ ᠵᠥᠪᠯᠡᠯ᠎ᠤᠨ ᠥᠷᠭᠡᠳᠬᠡᠭᠰᠡᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠲᠤᠬᠠᠢ ᠱᠠᠭ᠋ᠠᠷᠳᠠᠯᠭ᠎ᠠ ᠵᠢ ᠤᠯᠠᠮᠵᠢᠯᠠᠨ ᠰᠣᠷᠣᠯᠴᠠᠵᠤ᠂ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠠᠩᠬᠠᠷᠤᠨ ᠬᠠᠯᠠᠮᠵᠢᠯᠠᠵᠤ ᠪᠠᠢ᠌ᠭ᠎ᠠ ᠰᠡᠳᠬᠢᠯᠭᠡ ᠵᠢ ᠨᠠᠨᠳᠢᠩᠨᠠᠵᠤ᠂ ᠲᠥᠪ᠎ᠤᠨ ᠨᠠᠮ᠎ᠤᠨ ᠰᠤᠷᠭ᠋ᠠᠭᠤᠯᠢ ᠵᠢᠨ ᠳᠡᠮᠵᠢᠯᠭᠡ ᠵᠢᠨ ᠬᠦᠴᠦᠨ᠎ᠢ ᠰᠠᠢ᠌ᠲᠤᠷ ᠠᠰᠢᠭᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠳᠤᠲᠠᠭᠤᠳᠠᠯ ᠵᠶ᠋ᠠᠨ ᠲᠦᠷᠭᠡᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠨᠠᠮ᠎ᠤᠨ ᠰᠤᠷᠭ᠋ᠠᠭᠤᠯᠢ ᠵᠢᠨ ᠠᠵᠢᠯ᠎ᠤᠨ ᠰᠢᠨ᠎ᠡ ᠪᠠᠢ᠌ᠳᠠᠯ᠎ᠢ ᠤᠯᠠᠮ ᠨᠢᠭᠡ ᠠᠯᠬᠤᠮ ᠡᠭᠦᠳᠴᠦ᠂ ᠨᠠᠮ᠎ᠤᠨ ᠰᠤᠷᠭ᠋ᠠᠭᠤᠯᠢ ᠵᠢᠨ ᠶᠡᠷᠦᠩᠬᠡᠢ᠌ᠯᠡᠭᠰᠡᠨ ᠰᠤᠷᠭ᠋ᠠᠭᠤᠯᠢ ᠡᠷᠭᠢᠯᠡᠭᠦ ᠲᠦᠪᠰᠢᠨ᠎ᠢ ᠡᠷᠲᠡᠬᠡᠨ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠭᠤᠯᠬᠤ ᠵᠢ ᠠᠬᠢᠭᠤᠯᠬᠤ ᠬᠡᠷᠡᠭᠲᠡᠢ᠃ ᠲᠥᠪ᠎ᠤᠨ ᠨᠠᠮ᠎ᠤᠨ ᠰᠤᠷᠭ᠋ᠠᠭᠤᠯᠢ ᠵᠢᠨ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠵᠦᠢ᠍ᠯ ᠵᠤᠷᠪᠤᠰ ᠳᠠᠷᠠᠭ᠋ᠠᠯᠠᠨ ᠡᠮᠬᠢᠯᠡᠨ᠂ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠠᠵᠢᠯ᠎ᠤᠨ ᠬᠤᠭᠤᠴᠠᠭ᠎ᠠ ᠵᠢ ᠡᠳᠦᠷ ᠲᠣᠭ᠋ᠠᠯᠠᠨ ᠵᠢᠭᠰᠠᠭ᠋ᠠᠵᠤ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠩᠬᠠᠷᠤᠨ ᠰᠠᠢ᠌ᠲᠤᠷ ᠠᠳᠬᠤᠬᠤ ᠬᠡᠷᠡᠭᠲᠡᠢ᠃ ᠲᠥᠪ᠎ᠤᠨ ᠨᠠᠮ᠎ᠤᠨ ᠰᠤᠷᠭ᠋ᠠᠭᠤᠯᠢ ᠵᠢᠨ ᠲᠤᠰᠢᠶᠠᠭᠰᠠᠨ ᠠᠵᠢᠯ᠎ᠤᠨ ᠱᠠᠭ᠋ᠠᠷᠳᠠᠯᠭ᠎ᠠ ᠵᠢ ᠪᠦᠭᠦ ᠣᠷᠣᠨ᠎ᠤ ᠨᠠᠮ᠎ᠤᠨ ᠰᠤᠷᠭ᠋ᠠᠭᠤᠯᠢ ᠵᠢᠨ ᠵᠠᠬᠢᠷᠤᠯ᠎ᠤᠨ ᠬᠤᠷᠠᠯ᠎ᠳᠤ ᠬᠢᠭᠰᠡᠨ ᠪᠠᠢ᠌ᠷᠢᠯᠠᠭᠤᠯᠤᠯᠲᠠ ᠪᠠ 《ᠪᠦᠭᠦ ᠣᠷᠣᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠰᠢᠰᠲ᠋ᠧᠮ᠎ᠤᠨ ᠰᠢᠨ᠎ᠡ ᠵᠢ ᠡᠭᠦᠳᠴᠦ ᠳᠡᠭᠡᠭᠰᠢᠯᠡᠭᠦᠯᠭᠦ ᠠᠵᠢᠯᠯᠠᠭ᠋ᠠᠨ᠎ᠤ ᠲᠥᠰᠥᠯ (2024 - 2026 ᠣᠨ)》᠎ᠳᠤ ᠲᠣᠭᠲᠠᠭ᠋ᠠᠭᠰᠠᠨ ᠡᠭᠦᠷᠭᠡ᠎ᠯᠦᠭᠡ ᠨᠢᠭᠡᠳᠦᠯᠲᠡᠢ ᠲᠥᠯᠥᠪᠵᠢᠭᠦᠯᠦᠨ ᠨᠢᠭᠡ ᠴᠣᠭᠴᠠᠵᠢᠭᠤᠯᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠡᠷᠲᠡᠬᠡᠨ ᠦᠷ᠎ᠡ ᠪᠦᠲᠦᠭᠡᠯ ᠭᠠᠷᠭ᠋ᠠᠵᠤ᠂ ᠢᠯᠡᠭᠦᠬᠡᠨ ᠦᠷ᠎ᠡ ᠪᠦᠲᠦᠭᠡᠯ ᠭᠠᠷᠭ᠋ᠠᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠰᠤᠷᠭ᠋ᠠᠨ ᠬᠥᠮᠦᠵᠢᠯ᠎ᠤᠨ ᠪᠣᠯᠪᠠᠰᠤᠷᠠᠯ᠂ ᠣᠨᠣᠯ᠎ᠤᠨ ᠰᠤᠳᠤᠯᠭ᠋ᠠᠨ᠂ ᠲᠣᠰ ᠪᠡᠶ᠎ᠡ ᠵᠢᠨ ᠪᠠᠢ᠌ᠭᠤᠯᠤᠯᠲᠠ ᠵᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠰᠤᠷᠲᠠᠯ᠎ᠢ ᠰᠠᠢ᠌ᠵᠢᠷᠠᠭᠤᠯᠬᠤ᠎ᠠᠴᠠ ᠭᠠᠷᠳᠠᠵᠤ᠂ ᠪᠣᠳᠠᠲᠠᠢ ᠶᠠᠪᠤᠳᠠᠯ᠎ᠠᠴᠠ ᠡᠬᠢᠯᠡᠨ ᠥᠭᠡᠷᠡᠴᠢᠯᠡᠵᠦ᠂ ᠢᠳᠡᠪᠬᠢᠲᠡᠢ ᠰᠦᠪᠡᠭᠴᠢᠯᠡᠵᠦ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠂ ᠬᠥᠭᠵᠢᠭᠡᠳᠦᠢ ᠭᠠᠵᠠᠷ ᠣᠷᠣᠨ᠎ᠤ ᠪᠣᠳᠠᠲᠤ ᠪᠠᠢ᠌ᠳᠠᠯ᠎ᠳᠤ ᠨᠡᠢ᠌ᠴᠡᠭᠰᠡᠨ ᠰᠤᠷᠭ᠋ᠠᠭᠤᠯᠢ ᠡᠷᠭᠢᠯᠡᠭᠦ ᠰᠤᠷᠭ᠋ᠠᠭᠤᠯᠢ ᠵᠢ ᠵᠠᠰᠠᠬᠤ ᠵᠠᠮ᠎ᠢ ᠴᠢᠷᠮᠠᠢ᠌ᠨ ᠨᠡᠭᠡᠭᠡᠬᠦ ᠬᠡᠷᠡᠭᠲᠡᠢ᠃ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ 《ᠣᠷᠣᠢ᠌ᠯᠠᠭᠰᠠᠳ》᠎ᠢ ᠬᠥᠮᠥᠵᠢᠭᠦᠯᠬᠦ ᠵᠢ ᠪᠠᠷᠢᠮᠲᠠᠯᠠᠬᠤ᠂ ᠭᠣᠣᠯᠯᠠᠬᠤ ᠬᠦᠴᠦᠨ᠎ᠢ ᠣᠷᠣᠭᠤᠯᠤᠨ ᠠᠪᠴᠢᠷᠠᠬᠤ ᠵᠡᠷᠭᠡ ᠬᠣᠶᠠᠷ ᠲᠠᠯ᠎ᠠ᠎ᠪᠠᠷ ᠠᠳᠬᠤᠵᠤ᠂ ᠡᠩᠨᠡᠭᠡ ᠵᠢᠨ ᠪᠦᠲᠦᠴᠡ ᠵᠢ ᠤᠯᠠᠮ ᠨᠢᠭᠡ ᠠᠯᠬᠤᠮ ᠰᠠᠢ᠌ᠵᠢᠷᠠᠭᠤᠯᠤᠨ᠂ ᠴᠠᠯᠢᠩ ᠬᠥᠯᠥᠰᠦ ᠣᠯᠭᠣᠮᠵᠢ ᠵᠢ ᠪᠠᠲᠤᠯᠠᠵᠤ᠂ ᠪᠠᠭᠰᠢ ᠵᠢᠨ ᠡᠩᠨᠡᠭᠡ ᠵᠢᠨ ᠪᠦᠬᠦᠯᠢ ᠴᠣᠭᠴᠠ ᠵᠢᠨ ᠬᠡᠪ ᠪᠣᠯᠪᠠᠰᠤᠷᠠᠯ᠎ᠢ ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ᠃ ᠪᠣᠯᠪᠠᠰᠤᠷᠠᠯ᠎ᠤᠨ ᠠᠩᠭᠢ ᠤᠳᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠣᠯᠪᠠᠰᠤᠷᠠᠯ᠎ᠤᠨ ᠦᠶᠡᠯᠡᠯ᠎ᠤᠨ ᠬᠤᠭᠤᠴᠠᠭ᠎ᠠ ᠵᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠬᠤᠯᠠᠴᠢᠯᠠᠵᠤ᠂ ᠪᠣᠯᠪᠠᠰᠤᠷᠠᠯ᠎ᠢ ᠰᠢᠯᠭ᠋ᠠᠨ ᠦᠨᠡᠯᠡᠬᠦ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠦᠨᠳᠦᠰᠦᠨ ᠪᠣᠯᠪᠠᠰᠤᠷᠠᠯ᠎ᠤᠨ ᠳᠦᠷᠢᠮ᠎ᠢ ᠲᠠᠰᠤᠷᠠᠯᠳᠠ ᠦᠭᠡᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠬᠡᠷᠡᠭᠲᠡᠢ᠃ ᠪᠡᠶ᠎ᠡ᠎ᠪᠠᠨ ᠳᠠᠭ᠋ᠠᠭ᠋ᠠᠵᠤ ᠰᠤᠷᠭ᠋ᠠᠭᠤᠯᠢ ᠡᠷᠭᠢᠯᠡᠭᠦ ᠪᠠ ᠨᠢᠭᠡᠳᠦᠯᠲᠡᠢ ᠲᠥᠯᠥᠪᠵᠢᠭᠦᠯᠦᠨ ᠰᠤᠷᠭ᠋ᠠᠭᠤᠯᠢ ᠡᠷᠭᠢᠯᠡᠭᠦ ᠠᠳᠠᠯᠢ ᠪᠤᠰᠤ ᠪᠠᠢ᠌ᠳᠠᠯ᠎ᠳᠤ ᠢᠯᠭ᠋ᠠᠭ᠎ᠠ᠎ᠲᠠᠢ ᠬᠠᠨᠳᠤᠵᠤ᠂ ᠰᠢᠶᠠᠨ᠎ᠤ ᠱᠠᠲᠤᠨ᠎ᠤ ᠨᠠᠮ᠎ᠤᠨ ᠰᠤᠷᠭ᠋ᠠᠭᠤᠯᠢ ᠵᠢ ᠲᠦᠷᠦᠯ ᠬᠤᠪᠢᠶᠠᠨ ᠪᠠᠢ᠌ᠭᠤᠯᠬᠤ ᠵᠢ ᠴᠢᠩᠭ᠋ᠠᠳᠬᠠᠵᠤ᠂ ᠨᠠᠮ᠎ᠤᠨ ᠰᠤᠷᠭ᠋ᠠᠭᠤᠯᠢ ᠵᠢᠨ ᠰᠢᠰᠲᠸᠮ᠎ᠤᠨ ᠨᠢᠭᠡ ᠴᠣᠭᠴᠠᠵᠢᠭᠰᠠᠨ ᠳᠣᠲᠣᠭ᠋ᠠᠳᠤ ᠠᠭᠤᠯᠬᠤᠨ ᠮᠠᠶᠢᠭ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠲᠦᠷᠦ ᠵᠢᠨ ᠪᠣᠳᠣᠯᠭ᠎ᠠ ᠵᠢ ᠬᠠᠮᠵᠢᠯᠴᠠᠨ ᠨᠠᠢ᠌ᠳᠠᠪᠤᠷᠢᠵᠢᠭᠤᠯᠬᠤ ᠲᠣᠭᠲᠠᠴᠠ ᠵᠢ ᠪᠦᠷᠢᠨᠰᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠨ ᠰᠤᠷᠭ᠋ᠠᠭᠤᠯᠢ ᠡᠷᠭᠢᠯᠡᠭᠦ ᠵᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢ ᠭᠢᠯᠠᠰ ᠴᠡᠭ᠎ᠲᠠᠢ᠂ ᠥᠪᠡᠷᠮᠢᠴᠡ ᠣᠨᠴᠠᠯᠢᠭ᠎ᠲᠠᠢ ᠨᠡᠩ ᠰᠠᠢ᠌ᠲᠤᠷ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠬᠤᠷᠠᠯ᠎ᠳᠤ ᠣᠷᠣᠯᠴᠠᠪᠠ᠃