ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠣᠣ ᠴᠧᠩ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠨᠢᠢ ᠬᠣᠩ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-11-21


      11 ᠰᠠᠷ᠎ᠠ ᠵᠢᠨ 20᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠭᠦᠭᠡᠬᠣᠲᠠ᠎ᠳᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠂  ᠶᠠᠮᠤᠨ᠎ᠤ ᠰᠠᠢ᠌ᠳ ᠨᠢᠢ ᠬᠣᠩ᠎ᠲᠠᠢ ᠠᠭᠤᠯᠵᠠᠪᠠ ᠃


孙绍骋会见住房和城乡建设部党组书记、部长倪虹11.jpg

孙绍骋会见住房和城乡建设部党组书记、部长倪虹22.jpg

      11 ᠰᠠᠷ᠎ᠠ ᠵᠢᠨ 20᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠭᠦᠭᠡᠬᠣᠲᠠ᠎ᠳᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠂  ᠶᠠᠮᠤᠨ᠎ᠤ ᠰᠠᠢ᠌ᠳ ᠨᠢᠢ ᠬᠣᠩ᠎ᠲᠠᠢ ᠠᠭᠤᠯᠵᠠᠪᠠ ᠃    ᠰᠤᠷᠪᠤᠯᠵᠢᠯᠠᠭᠴᠢ    ᠮᠠ ᠵᠢᠶᠠᠨ ᠪᠢᠩ    ᠰᠡᠭᠦᠳᠡᠷᠯᠡᠪᠡ


       ᠰᠦᠨ ᠱᠤᠤ ᠴᠧᠩ ᠨᠢᠢ ᠬᠣᠩ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠷᠬᠡᠢ᠌ᠯᠡᠵᠦ ᠂  ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠱᠦᠵᠢ ᠰᠢ  ᠵᠢᠨ  ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠪᠠᠢ᠌ᠬᠤ ᠰᠡᠳᠬᠢᠴᠡ ᠪᠠ ᠠᠷᠭ᠎ᠠ ᠬᠡᠮᠵᠢᠶ᠎ᠡ ᠵᠢ ᠲᠠᠨᠢᠯᠴᠠᠭᠤᠯᠪᠠ ᠃  ᠲᠡᠷᠡ ᠂  ᠶᠡᠷᠦᠩᠬᠡᠢ ᠱᠦᠵᠢ ᠰᠢ  ᠵᠢᠨ  ᠫᠢᠩ ᠤᠯᠠᠨ ᠲᠦᠮᠡᠨ᠎ᠤ ᠬᠠᠯᠠᠭᠤᠨ ᠬᠦᠢ᠍ᠲᠡᠨ᠎ᠢ ᠢᠮᠠᠭᠲᠠ ᠰᠡᠳᠬᠢᠯ᠎ᠳᠡᠭᠡᠨ ᠪᠤᠳᠤᠳᠠᠭ ᠂  ᠡᠨᠡ ᠵᠢᠯ᠎ᠠᠴᠠ ᠨᠠᠭ᠋ᠠᠰᠢ ᠪᠢᠳᠡ ᠳᠤᠯᠠᠭ᠋ᠠᠯᠠᠭ᠎ᠠ ᠵᠢᠨ  ᠢᠨᠵᠧᠨᠧᠷᠢᠩ᠎ᠢ ᠬᠡᠷᠡᠭᠵᠢᠭᠦᠯᠵᠦ ᠂  ᠶᠠᠭ ᠰᠠᠢ᠌ᠬᠠᠨ ᠡᠨᠡ ᠬᠦ᠌ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠠᠮᠠᠭ᠋ᠠᠯᠠᠨ ᠪᠡᠬᠢᠵᠢᠭᠦᠯᠵᠦ ᠂  ᠤᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠳᠤᠯᠠᠭ᠋ᠠᠯᠠᠭ᠎ᠠ ᠵᠢᠨ ᠠᠰᠠᠭᠤᠳᠠᠯ᠎ᠢ ᠲᠤᠢ᠌ᠯᠪᠤᠷᠢᠲᠠᠢ ᠰᠢᠢ᠍ᠳᠪᠦᠷᠢᠯᠡᠬᠦ᠎ᠪᠠᠷ ᠴᠢᠷᠮᠠᠢ᠌ᠵᠤ ᠪᠠᠢ᠌ᠨ᠎ᠠ ᠃  ᠣᠳᠣᠬᠠᠨ᠎ᠳᠤ ᠬᠣᠲᠠ ᠵᠢᠨ ᠪᠦᠲᠦᠭᠡᠨ ᠪᠠᠢ᠌ᠭᠤᠯᠤᠯᠲᠠ ᠂  ᠣᠷᠣᠨ ᠰᠠᠭᠤᠴᠠ ᠵᠢᠨ ᠪᠠᠲᠤᠯᠠᠭ᠎ᠠ ᠵᠡᠷᠭᠡ ᠬᠦᠷᠢᠶᠡᠨ᠎ᠳᠤ ᠪᠠᠰᠠ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠢ᠌ᠨ᠎ᠠ ᠃  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠦᠷᠭᠦᠯᠵᠢᠯᠡᠨ ᠥᠪᠥᠷ ᠮᠣᠩᠭᠣᠯ᠎ᠢ ᠳᠡᠮᠵᠢᠵᠦ ᠂  ᠪᠢᠳᠡᠨ᠎ᠢ ᠬᠠᠪᠰᠤᠷᠤᠨ ᠤᠰᠤ ᠠᠷᠪᠢᠯᠠᠬᠤ ᠂  ᠪᠣᠬᠢᠷ ᠤᠰᠤ ᠵᠢ ᠲᠠᠭᠢᠨ ᠠᠰᠢᠭᠯᠠᠬᠤ ᠂  ᠲᠡᠷᠭᠡᠨ ᠵᠣᠭᠰᠣᠭ᠋ᠠᠯ ᠵᠡᠷᠭᠡ ᠲᠥᠬᠦᠭᠡᠷᠦᠮᠵᠢ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠪᠠᠢ᠌ᠭᠤᠯᠵᠤ ᠂  ᠰᠤᠯᠠ ᠲᠠᠯᠪᠢᠭᠳᠠᠵᠤ ᠪᠠᠢ᠌ᠭ᠎ᠠ ᠡᠯ᠎ᠡ ᠲᠥᠷᠥᠯ᠎ᠤᠨ ᠭᠡᠷ ᠬᠥᠷᠥᠩᠭᠡ ᠵᠢ ᠠᠮᠢᠳᠤᠯᠢᠭᠵᠢᠭᠤᠯᠤᠨ ᠰᠠᠢ᠌ᠲᠤᠷ ᠬᠡᠷᠡᠭᠯᠡᠵᠦ ᠂  ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠪᠠ ᠬᠣᠲᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠵᠢ ᠬᠦᠰᠡᠵᠦ ᠪᠠᠢ᠌ᠨ᠎ᠠ ᠭᠡᠪᠡ ᠃

       ᠨᠢᠢ ᠬᠣᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠠᠴᠠ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠠᠵᠢᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠂  ᠳᠤᠯᠠᠭ᠋ᠠᠯᠠᠭ᠎ᠠ ᠵᠢᠨ  ᠢᠨᠵᠧᠨᠧᠷᠢᠩ᠎ᠢ ᠳᠡᠭᠡᠳᠦ ᠬᠡᠮᠵᠢᠶ᠎ᠡ᠎ᠪᠠᠷ ᠦᠨᠡᠯᠡᠪᠡ ᠃  ᠲᠡᠷᠡ ᠂  ᠲᠤᠰ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ᠎ᠪᠠᠷ ᠲᠡᠮᠵᠢᠨ ᠥᠪᠥᠷ ᠮᠣᠩᠭᠣᠯ᠎ᠤᠨ ᠬᠥᠭᠵᠢᠯᠲᠡ ᠵᠢᠨ ᠪᠠᠢ᠌ᠳᠠᠯ ᠰᠠᠢ᠌ᠨ ᠂  ᠲᠠᠯᠳᠠ ᠬᠦᠴᠦᠨ ᠶᠡᠬᠡ ᠂  ᠥᠷᠭᠡᠨ ᠤᠯᠠᠨ ᠺᠠᠳ᠋ᠷ᠎ᠤᠨ ᠠᠵᠢᠯ ᠬᠢᠵᠦ ᠦᠢ᠍ᠯᠡᠰ ᠪᠣᠰᠬᠠᠬᠤ ᠣᠷᠭᠢᠯᠤᠮ᠎ᠠ ᠬᠠᠯᠠᠭᠤᠨ ᠠᠭᠤᠷ ᠠᠮᠢᠰᠬᠤᠯ᠎ᠢ ᠦᠨᠡᠨ ᠬᠦ᠌ ᠮᠡᠳᠡᠷᠡᠪᠡ ᠃  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠠᠴᠠ ᠶᠡᠷᠦᠩᠬᠡᠢ ᠱᠦᠵᠢ ᠰᠢ  ᠵᠢᠨ  ᠫᠢᠩ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠲᠣᠰ ᠤᠳᠠᠭ᠎ᠠ ᠵᠢᠨ  ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠵᠥᠪᠯᠡᠯᠴᠡᠭᠡᠷ ᠲᠣᠬᠢᠷᠠᠯᠴᠠᠭᠰᠠᠨ ᠵᠢᠡᠷ ᠠᠵᠠ ᠲᠣᠭᠢᠶᠠᠯ ᠪᠤᠯᠭ᠋ᠠᠵᠤ ᠂  ᠥᠪᠥᠷ ᠮᠣᠩᠭᠣᠯ᠎ᠤᠨ ᠭᠡᠷ ᠪᠠᠢ᠌ᠰᠢᠩ᠎ᠢ ᠲᠤᠰᠢᠶᠠᠬᠤ ᠵᠢ ᠪᠠᠲᠤᠯᠠᠬᠤ ᠂  ᠬᠣᠲᠠ ᠵᠢᠨ  ᠳᠤᠮᠳᠠᠬᠢ ᠲᠣᠰᠬᠣᠨ᠎ᠢ ᠥᠭᠡᠷᠡᠴᠢᠯᠡᠨ ᠪᠠᠢ᠌ᠭᠤᠯᠬᠤ ᠂  ᠬᠣᠭᠣᠯᠠᠢ ᠵᠢᠨ  ᠲᠣᠣᠷ᠎ᠢ ᠰᠢᠨᠡᠳᠬᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠵᠢ ᠪᠦᠭᠦ ᠬᠦᠴᠦᠨ ᠵᠶ᠋ᠡᠷ ᠵᠶ᠋ᠡᠨ ᠳᠡᠮᠵᠢᠵᠦ ᠂  ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ ᠭᠡᠪᠡ ᠃

       ᠢᠦᠢ ᠯᠢ ᠰᠢᠨ ᠂  ᠶᠣᠣ ᠶᠦᠩ ᠪᠦᠸᠧ ᠠᠭᠤᠯᠵᠠᠯᠲᠠ᠎ᠳᠤ ᠣᠷᠣᠯᠴᠠᠵᠠᠢ ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map