11 ᠰᠠᠷ᠎ᠠ ᠵᠢᠨ 19᠎ᠤ ᠡᠳᠦᠷ᠎ᠠᠴᠠ 20᠎ᠤ ᠡᠳᠦᠷ ᠪᠤᠯᠲᠠᠯ᠎ᠠ᠂ ᠰᠦᠨ ᠱᠤᠤ ᠴᠧᠩ ᠤᠯᠠᠭ᠋ᠠᠨᠬᠠᠳᠠ ᠬᠣᠲᠠ᠎ᠳᠤ ᠭᠦᠨᠵᠡᠭᠡᠢ᠌ᠷᠡᠵᠦ᠂ ᠪᠦᠭᠦ ᠵᠢᠯ᠎ᠤᠨ ᠭᠣᠣᠯᠳᠠᠯᠭ᠎ᠠ᠎ᠲᠠᠢ ᠠᠵᠢᠯ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠵᠤ ᠪᠠᠢ᠌ᠭ᠎ᠠ ᠪᠠᠢ᠌ᠳᠠᠯ᠎ᠤᠨ ᠲᠣᠭᠣᠷᠢᠨ᠎ᠳᠤ ᠪᠠᠢ᠌ᠴᠠᠭ᠋ᠠᠨ ᠰᠤᠳᠤᠯᠤᠭᠰᠠᠨ ᠪᠥᠭᠡᠳ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠢ ᠭᠥᠯᠢᠶᠡᠨ ᠠᠪᠴᠤ ᠠᠭᠤᠯᠵᠠᠪᠠ᠃
11 ᠰᠠᠷ᠎ᠠ ᠵᠢᠨ 19᠎ᠤ ᠡᠳᠦᠷ᠂ ᠰᠦᠨ ᠱᠤᠤ ᠴᠧᠩ ᠬᠤᠩᠱ᠌ᠠᠨ ᠲᠣᠭᠣᠷᠢᠭ᠎ᠤᠨ ᠰᠢᠩ ᠯᠦᠩ ᠰᠠᠭᠤᠭ᠋ᠠᠯᠢ ᠠᠷᠠᠳ᠎ᠤᠨ ᠲᠣᠭᠣᠷᠢᠭ᠎ᠤᠨ ᠰᠠᠭᠤᠭ᠋ᠠᠯᠢ ᠠᠷᠠᠳ ᠯᠢ ᠴᠢᠩ᠎ᠤᠨ ᠭᠡᠷ᠎ᠲᠤ ᠬᠦᠷᠴᠦ᠂ ᠳᠤᠯᠠᠭ᠋ᠠᠯᠠᠭ᠎ᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠪᠡ᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
11 ᠰᠠᠷ᠎ᠠ ᠵᠢᠨ 19᠎ᠤ ᠡᠳᠦᠷ᠂ ᠰᠦᠨ ᠱᠤᠤ ᠴᠧᠩ ᠳ᠋ᠦᠩ ᠯᠢ ᠢᠮᠠᠭ᠋ᠠᠨ ᠨᠣᠣᠯᠣᠭᠤᠷ᠎ᠤᠨ ᠺᠤᠮᠫᠠᠨᠢ᠎ᠳᠤ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
11 ᠰᠠᠷ᠎ᠠ ᠵᠢᠨ 19᠎ᠤ ᠡᠳᠦᠷ᠂ ᠰᠦᠨ ᠱᠤᠤ ᠴᠧᠩ ᠥᠪᠥᠷ ᠮᠣᠩᠭᠣᠯ᠎ᠤᠨ ᠠᠷᠪᠠᠳᠤᠭ᠋ᠠᠷ ᠭᠠᠵᠠᠷ ᠰᠢᠨᠵᠢᠯᠡᠭᠡ ᠠᠭᠤᠷᠬᠠᠢ ᠬᠠᠢ᠌ᠨ ᠪᠠᠢ᠌ᠴᠠᠭ᠋ᠠᠵᠤ ᠨᠡᠭᠡᠭᠡᠨ ᠬᠥᠭᠵᠢᠭᠦᠯᠬᠦ ᠺᠤᠮᠫᠠᠨᠢ᠎ᠳᠤ ᠠᠭᠤᠷᠬᠠᠢ ᠡᠷᠢᠬᠦ ᠠᠵᠢᠯᠯᠠᠭ᠎ᠠ ᠵᠢᠨ ᠠᠬᠢᠴᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
11 ᠰᠠᠷ᠎ᠠ ᠵᠢᠨ 19᠎ᠤ ᠡᠳᠦᠷ᠂ ᠰᠦᠨ ᠱᠤᠤ ᠴᠧᠩ ᠬᠠᠷᠠᠴᠢᠨ ᠬᠣᠰᠢᠭᠤᠨ᠎ᠤ ᠬᠢᠲᠠᠳ ᠮᠣᠩᠭᠣᠯ ᠡᠮ᠎ᠤᠨ ᠮᠠᠲ᠋ᠧᠷᠢᠶᠠᠯ᠎ᠤᠨ ᠪᠠᠷᠢᠮᠵᠢᠶᠠᠵᠢᠭᠤᠯᠤᠭᠰᠠᠨ ᠠᠮᠢ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠳᠤ ᠬᠦᠷᠴᠦ᠂ ᠠᠵᠤ ᠠᠬᠤᠢ ᠲᠠᠷᠢᠶᠠᠯᠠᠩ᠎ᠤᠨ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ ᠳᠤᠯᠠᠭ᠋ᠠᠯᠠᠭ᠎ᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠮᠠᠰᠢ ᠬᠠᠯᠠᠮᠵᠢᠯᠠᠵᠤ᠂ ᠬᠤᠩᠱ᠌ᠠᠨ ᠲᠣᠭᠣᠷᠢᠭ᠎ᠤᠨ ᠰᠢᠩ ᠯᠦᠩ ᠰᠠᠭᠤᠭ᠋ᠠᠯᠢ ᠠᠷᠠᠳ᠎ᠤᠨ ᠲᠣᠭᠣᠷᠢᠭ᠎ᠤᠨ ᠰᠠᠭᠤᠭ᠋ᠠᠯᠢ ᠠᠷᠠᠳ ᠯᠢ ᠴᠢᠩ᠎ᠤᠨ ᠭᠡᠷ᠎ᠲᠤ ᠬᠦᠷᠴᠦ᠂ ᠳᠤᠯᠠᠭ᠋ᠠᠯᠠᠭ᠎ᠠ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠪᠡ᠃ ᠭᠡᠷ ᠳᠣᠲᠣᠷᠠᠬᠢ ᠳᠤᠯᠠᠭ᠋ᠠᠨ᠎ᠤ ᠬᠡᠮᠵᠢᠶ᠎ᠡ ᠬᠡᠳᠦᠢ ᠪᠠᠢ᠌ᠬᠤ᠂ ᠳᠤᠯᠠᠭ᠋ᠠᠴᠠᠭᠤᠷ ᠬᠠᠯᠠᠭᠤᠨ ᠪᠠᠢ᠌ᠬᠤ ᠡᠰᠡᠬᠦ᠂ ᠡᠮᠦᠨᠡᠬᠢ᠎ᠲᠠᠢ ᠬᠠᠷᠢᠴᠠᠭᠤᠯᠪᠠᠯ ᠶᠠᠮᠠᠷ ᠵᠡᠷᠭᠡ ᠪᠠᠢ᠌ᠨ᠎ᠠ ᠭᠡᠬᠦ ᠮᠡᠲᠦ᠎ᠪᠠᠷ ᠲᠡᠷᠡ ᠮᠠᠰᠢ ᠨᠠᠷᠢᠨ ᠠᠰᠠᠭᠤᠪᠠ᠃ ᠨᠢᠭᠡ ᠭᠡᠷ ᠵᠢᠡᠷ ᠵᠢᠡᠨ ᠳᠤᠯᠠᠭ᠋ᠠᠯᠠᠭ᠎ᠠ᠎ᠳᠤ ᠮᠠᠰᠢ ᠬᠠᠨᠤᠮᠵᠢᠲᠠᠢ ᠪᠠᠢ᠌ᠬᠤ ᠵᠢ ᠮᠡᠳᠡᠭᠡᠳ ᠰᠦᠨ ᠱᠤᠤ ᠴᠧᠩ ᠳᠤᠯᠠᠭ᠋ᠠᠯᠠᠭ᠎ᠠ ᠵᠢᠨ ᠢᠨᠵᠧᠨᠧᠷᠢᠩ ᠪᠣᠯ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠬᠤ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠡᠯ᠎ᠡ ᠭᠠᠵᠠᠷ᠎ᠤᠨ᠎ᠬᠢᠨ ᠳᠤᠯᠠᠭ᠋ᠠᠯᠠᠭ᠎ᠠ ᠵᠢᠨ ᠲᠤᠨᠤᠭ ᠲᠥᠬᠦᠭᠡᠷᠦᠮᠵᠢ ᠵᠢ ᠰᠠᠢ᠌ᠲᠤᠷ ᠬᠠᠮᠠᠭ᠋ᠠᠯᠠᠵᠤ᠂ ᠤᠯᠠᠨ ᠲᠦᠮᠡᠨ᠎ᠤ ᠳᠠᠭ᠋ᠠᠷᠠᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ ᠭᠡᠵᠡᠢ᠃ ᠳ᠋ᠦᠩ ᠯᠢ ᠢᠮᠠᠭ᠋ᠠᠨ ᠨᠣᠣᠯᠣᠭᠤᠷ᠎ᠤᠨ ᠺᠤᠮᠫᠠᠨᠢ᠎ᠳᠤ ᠰᠦᠨ ᠱᠤᠤ ᠴᠧᠩ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ᠎ᠳᠤ ᠪᠣᠳᠠᠲᠠᠢ ᠬᠠᠪᠰᠤᠷᠤᠯᠭ᠎ᠠ ᠦᠵᠡᠭᠦᠯᠭᠦ ᠬᠡᠷᠡᠭᠲᠡᠢ ᠭᠡᠵᠦ ᠵᠠᠬᠢᠪᠠ᠃ ᠥᠪᠥᠷ ᠮᠣᠩᠭᠣᠯ᠎ᠤᠨ ᠠᠷᠪᠠᠳᠤᠭ᠋ᠠᠷ ᠭᠠᠵᠠᠷ ᠰᠢᠨᠵᠢᠯᠡᠭᠡ ᠠᠭᠤᠷᠬᠠᠢ ᠬᠠᠢ᠌ᠨ ᠪᠠᠢ᠌ᠴᠠᠭ᠋ᠠᠵᠤ ᠨᠡᠭᠡᠭᠡᠨ ᠬᠥᠭᠵᠢᠭᠦᠯᠬᠦ ᠺᠤᠮᠫᠠᠨᠢ᠎ᠳᠤ ᠰᠦᠨ ᠱᠤᠤ ᠴᠧᠩ ᠠᠭᠤᠷᠬᠠᠢ ᠡᠷᠢᠬᠦ ᠠᠵᠢᠯᠯᠠᠭ᠎ᠠ ᠵᠢᠨ ᠠᠬᠢᠴᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠪᠠ᠃ ᠲᠡᠷᠡ᠂ ᠤᠯᠠᠭ᠋ᠠᠨᠬᠠᠳᠠ ᠬᠣᠲᠠ ᠵᠢᠨ ᠠᠭᠤᠷᠬᠠᠢ ᠵᠢᠨ ᠡᠬᠢ ᠪᠠᠶᠠᠯᠢᠭ ᠡᠯᠪᠡᠭ᠂ ᠠᠭᠤᠷᠬᠠᠢ ᠡᠷᠢᠬᠦ ᠠᠵᠢᠯᠯᠠᠭ᠎ᠠ ᠵᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠬᠢ ᠪᠠᠶᠠᠯᠢᠭ᠎ᠤᠨ ᠦᠨᠳᠦᠰᠦᠨ ᠪᠠᠢ᠌ᠳᠠᠯ᠎ᠢ ᠤᠯᠠᠮ ᠨᠢᠭᠡ ᠠᠯᠬᠤᠮ ᠲᠣᠳᠣᠷᠬᠠᠢ ᠣᠢ᠌ᠯᠠᠭ᠋ᠠᠵᠤ᠂ ᠨᠡᠭᠡᠭᠡᠨ ᠮᠠᠯᠲᠠᠬᠤ ᠨᠥᠬᠥᠴᠡᠯ᠎ᠳᠤ ᠨᠡᠢ᠌ᠴᠡᠬᠦ ᠠᠭᠤᠷᠬᠠᠢ ᠵᠢ ᠲᠦᠷᠭᠡᠨ ᠨᠡᠭᠡᠭᠡᠨ ᠮᠠᠯᠲᠠᠵᠤ᠂ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠦᠷ᠎ᠡ ᠪᠦᠲᠦᠮᠵᠢ ᠵᠢ ᠴᠢᠷᠮᠠᠢ᠌ᠨ ᠳᠡᠭᠡᠭᠰᠢᠯᠡᠭᠦᠯᠭᠦ ᠬᠡᠷᠡᠭᠲᠡᠢ ᠭᠡᠪᠡ᠃ ᠬᠠᠷᠠᠴᠢᠨ ᠬᠣᠰᠢᠭᠤᠨ᠎ᠤ ᠬᠢᠲᠠᠳ ᠮᠣᠩᠭᠣᠯ ᠡᠮ᠎ᠤᠨ ᠮᠠᠲ᠋ᠧᠷᠢᠶᠠᠯ᠎ᠤᠨ ᠪᠠᠷᠢᠮᠵᠢᠶᠠᠵᠢᠭᠤᠯᠤᠭᠰᠠᠨ ᠠᠮᠢ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠳᠤ ᠰᠦᠨ ᠱᠤᠤ ᠴᠧᠩ ᠮᠠᠯ ᠠᠵᠤ ᠠᠬᠤᠢ ᠲᠠᠷᠢᠶᠠᠯᠠᠩ᠎ᠤᠨ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠲᠤᠬᠠᠢ ᠵᠢᠨ ᠭᠠᠵᠠᠷ᠎ᠤᠨ ᠠᠵᠤ ᠠᠬᠤᠢ᠌ᠯᠠᠯ᠎ᠤᠨ᠎ᠬᠢᠨ᠎ᠢ ᠨᠠᠷᠢᠯᠢᠭ ᠪᠤᠯᠪᠠᠰᠤᠷᠠᠭᠤᠯᠬᠤ ᠪᠠ ᠲᠦᠷᠦᠯ ᠲᠡᠮᠳᠡᠭ᠎ᠢ ᠡᠭᠦᠳᠬᠦ ᠳᠡᠭᠡᠷ᠎ᠡ ᠬᠦᠴᠦ ᠲᠠᠯᠪᠢᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠢ ᠢᠳᠡᠪᠬᠢᠲᠡᠢ ᠠᠬᠢᠭᠤᠯᠵᠤ᠂ ᠦᠢ᠍ᠯᠡᠳᠬᠦᠨ᠎ᠤ ᠨᠡᠮᠡᠯᠲᠡ ᠥᠷᠲᠡᠭ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃
11 ᠰᠠᠷ᠎ᠠ ᠵᠢᠨ 20᠎ᠤ ᠡᠳᠦᠷ᠂ ᠰᠦᠨ ᠱᠤᠤ ᠴᠧᠩ ᠰᠠᠭᠤᠳᠠᠯ᠎ᠤᠨ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭ᠋ᠠᠨᠬᠠᠳᠠ ᠬᠣᠲᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠤᠯᠠᠭ᠋ᠠᠨᠬᠠᠳᠠ ᠬᠣᠲᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠰᠦᠨ ᠱᠤᠤ ᠴᠧᠩ ᠣᠲᠣ ᠵᠢᠯ᠎ᠤᠨ ᠡᠴᠦᠰ ᠪᠤᠯᠲᠠᠯ᠎ᠠ ᠵᠥᠪᠭᠡᠨ 40 ᠭᠠᠷᠤᠢ ᠡᠳᠦᠷ ᠪᠠᠢ᠌ᠨ᠎ᠠ᠂ ᠳᠠᠷᠤᠭ᠋ᠠᠰᠤ᠎ᠲᠠᠢ ᠪᠠᠢ᠌ᠬᠤ ᠰᠡᠳᠬᠢᠯ ᠵᠶ᠋ᠡᠷ ᠡᠷᠴᠢ ᠵᠣᠷᠢᠭ ᠵᠶ᠋ᠠᠨ ᠬᠥᠪᠴᠢᠯᠡᠨ ᠰᠡᠭᠦᠯ ᠬᠤᠷᠢᠶᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠬᠡᠷᠡᠭᠲᠡᠢ᠃ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠠᠵᠠ ᠲᠣᠭᠢᠶᠠᠯ᠎ᠢ ᠠᠳᠬᠤᠨ᠂ ᠢᠯᠡᠭᠦᠬᠡᠨ ᠦᠷ᠎ᠡ ᠪᠦᠲᠦᠭᠡᠯ ᠭᠠᠷᠭ᠋ᠠᠵᠤ᠂ ᠡᠷᠲᠡᠬᠡᠨ ᠦᠷ᠎ᠡ ᠪᠦᠲᠦᠭᠡᠯ ᠭᠠᠷᠭ᠋ᠠᠬᠤ ᠬᠡᠷᠡᠭᠲᠡᠢ᠃ ᠦᠨᠳᠦᠰᠦᠨ ᠱᠠᠲᠤᠨ᠎ᠳᠤ 《ᠳᠠᠷᠤᠭ᠋ᠠᠰᠤ ᠵᠢ ᠬᠥᠩᠭᠡᠷᠡᠭᠦᠯᠬᠦ᠂ ᠬᠦᠴᠦᠨ ᠣᠯᠭᠣᠬᠤ᠂ ᠬᠦᠴᠢᠷᠳᠡᠯ᠎ᠢ ᠰᠢᠢ᠍ᠳᠪᠦᠷᠢᠯᠡᠬᠦ᠂ ᠠᠬᠢᠭᠤᠯᠬᠤ》 ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠲᠡᠳᠡᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠡᠷᠬᠡ ᠵᠢ ᠳᠣᠷᠣᠭᠰᠢ ᠪᠠᠭᠤᠯᠭ᠋ᠠᠬᠤ᠂ ᠬᠦᠴᠢᠷᠳᠡᠯ᠎ᠢ ᠰᠢᠢ᠍ᠳᠪᠦᠷᠢᠯᠡᠬᠦ᠎ᠪᠠᠷ ᠪᠠᠷᠠᠬᠤ ᠦᠭᠡᠢ ᠪᠠᠰᠠ ᠲᠡᠳᠡᠨ᠎ᠤ ᠬᠢᠪᠡᠰᠦ ᠵᠣᠬᠢᠬᠤ ᠠᠵᠢᠯ ᠵᠢᠡᠨ ᠰᠠᠢ᠌ᠲᠤᠷ ᠬᠢᠵᠦ᠂ ᠲᠤᠭᠤᠰᠢᠲᠠᠢ ᠬᠢᠬᠦ ᠵᠢ ᠪᠠᠲᠤᠯᠠᠬᠤ ᠬᠡᠷᠡᠭᠲᠡᠢ᠃ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠤᠳᠤ ᠵᠢᠨ ᠪᠠᠢ᠌ᠭ᠎ᠠ ᠠᠵᠤ ᠠᠬᠤᠢ᠌ᠯᠠᠯ ᠪᠣᠯᠣᠨ ᠲᠦᠷᠦᠯ ᠵᠦᠢ᠍ᠯ᠎ᠳᠤ ᠦᠢ᠍ᠯᠡᠴᠢᠯᠡᠵᠦ ᠪᠠᠲᠤᠯᠠᠭ᠎ᠠ ᠬᠠᠩᠭ᠋ᠠᠵᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠢᠨ᠎ᠡ ᠭᠡᠯᠪᠡᠷᠢ ᠵᠢᠨ ᠡᠨᠧᠷᠭᠢ ᠨᠥᠭᠡᠴᠡᠯᠡᠬᠦ ᠪᠦᠲᠦᠭᠡᠨ ᠪᠠᠢ᠌ᠭᠤᠯᠤᠯᠲᠠ ᠵᠢ ᠲᠣᠪᠣᠢ᠌ᠮ᠎ᠠ ᠰᠠᠢ᠌ᠲᠤᠷ ᠠᠳᠬᠤᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠣᠢ᠌ᠵᠢᠭᠤᠯᠬᠤ ᠬᠡᠷᠡᠭᠲᠡᠢ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠲᠤᠬᠠᠢ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠬᠤ ᠵᠢ ᠪᠠᠷᠢᠮᠲᠠᠯᠠᠵᠤ᠂ ᠢᠷᠡᠬᠦ ᠵᠢᠯ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠡᠭᠦᠷᠭᠡ ᠵᠢ ᠰᠠᠢ᠌ᠲᠤᠷ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠬᠤ ᠬᠡᠷᠡᠭᠲᠡᠢ᠃ ᠤᠯᠠᠭ᠋ᠠᠨᠬᠠᠳᠠ ᠬᠣᠲᠠ ᠪᠣᠯ ᠬᠤᠩᠱ᠌ᠠᠨ ᠰᠣᠶᠣᠯ᠎ᠤᠨ ᠡᠭᠦᠰᠦᠯ᠎ᠤᠨ ᠴᠢᠬᠤᠯᠠ ᠭᠠᠵᠠᠷ ᠪᠣᠯᠣᠨ᠎ᠠ᠂ ᠬᠤᠩᠱ᠌ᠠᠨ ᠰᠣᠶᠣᠯ᠎ᠢ ᠤᠮᠠᠷᠠᠲᠤ ᠬᠢᠯᠢ ᠵᠢᠨ ᠰᠣᠶᠣᠯ᠎ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠰᠤᠳᠤᠯᠤᠨ ᠲᠠᠢ᠌ᠯᠪᠤᠷᠢᠯᠠᠵᠤ᠂ ᠬᠤᠩᠱ᠌ᠠᠨ ᠰᠣᠶᠣᠯ᠎ᠤᠨ ᠦᠯᠡᠳᠡᠭᠳᠡᠯ᠎ᠢ ᠰᠢᠰᠲ᠋ᠧᠮ᠎ᠳᠤ ᠴᠢᠨᠠᠷᠲᠠᠢ ᠬᠠᠮᠠᠭ᠋ᠠᠯᠠᠬᠤ ᠪᠠ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠬᠤᠩᠱ᠌ᠠᠨ ᠰᠣᠶᠣᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠭ᠋ᠠᠨᠬᠠᠳᠠ ᠬᠤᠳᠠ ᠵᠢᠨ ᠡᠬᠢ ᠪᠠᠶᠠᠯᠢᠭ᠎ᠤᠨ ᠳᠠᠪᠠᠭᠤᠯᠢᠭ᠂ ᠬᠥᠭᠵᠢᠯᠲᠡ ᠵᠢᠨ ᠰᠠᠭᠤᠷᠢ᠂ ᠴᠢᠳᠠᠪᠤᠷᠢᠲᠠᠨ᠎ᠤ ᠳᠠᠪᠠᠭᠤᠯᠢᠭ ᠪᠦᠷ ᠲᠣᠪᠣᠢ᠌ᠮ᠎ᠠ ᠪᠠᠢ᠌ᠨ᠎ᠠ᠂ ᠡᠷᠴᠢ ᠵᠣᠷᠢᠭ ᠵᠶ᠋ᠠᠨ ᠬᠥᠪᠴᠢᠯᠡᠵᠦ᠂ ᠢᠲᠡᠭᠡᠯ ᠵᠢᠡᠨ ᠴᠢᠩᠭ᠋ᠠᠳᠬᠠᠵᠤ᠂ ᠰᠢᠷᠭ᠋ᠠᠭᠤ ᠠᠵᠢᠯᠯᠠᠵᠤ ᠪᠣᠳᠠᠲᠠᠢ ᠠᠵᠢᠯᠯᠠᠬᠤ ᠳᠤᠮᠳᠠ ᠰᠦᠷ ᠵᠢᠪᠬᠤᠭ᠎ᠠ᠎ᠪᠠᠨ ᠲᠠᠭᠢᠨ ᠮᠠᠨᠳᠤᠭᠤᠯᠬᠤ ᠬᠡᠷᠡᠭᠲᠡᠢ ᠭᠡᠵᠡᠢ᠃
11 ᠰᠠᠷ᠎ᠠ ᠵᠢᠨ 19᠎ᠤ ᠡᠳᠦᠷ᠂ ᠰᠦᠨ ᠱᠤᠤ ᠴᠧᠩ ᠤᠯᠠᠭ᠋ᠠᠨᠬᠠᠳᠠ ᠬᠣᠲᠠ ᠵᠢᠨ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ ᠲᠥᠪ᠎ᠲᠤ ᠬᠦᠷᠴᠦ᠂ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ᠎ᠤᠨ ᠬᠡᠷᠡᠭ᠎ᠤᠨ ᠤᠴᠢᠷ ᠰᠢᠯᠲᠠᠭ᠋ᠠᠨ ᠪᠣᠯᠣᠨ ᠰᠢᠢ᠍ᠳᠪᠦᠷᠢᠯᠡᠵᠦ ᠪᠠᠢ᠌ᠭ᠎ᠠ ᠠᠬᠢᠴᠠ ᠵᠢ ᠨᠠᠷᠢᠨ ᠣᠢ᠌ᠯᠠᠭ᠋ᠠᠵᠤ᠂ ᠣᠯᠠᠨ᠎ᠲᠠᠢ ᠬᠠᠮᠲᠤ᠎ᠪᠠᠷ ᠰᠢᠢ᠍ᠳᠪᠦᠷᠢᠯᠡᠬᠦ ᠠᠷᠭ᠎ᠠ ᠵᠢ ᠵᠥᠪᠳᠡᠯᠴᠡᠪᠡ᠃ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠡᠨᠡ ᠬᠦ᠌ ᠬᠤᠭᠤᠴᠠᠭ᠋ᠠᠨ᠎ᠳᠤ ᠰᠦᠨ ᠱᠤᠤ ᠴᠧᠩ ᠪᠠᠰᠠ ᠤᠯᠠᠭ᠋ᠠᠨᠬᠠᠳᠠ ᠬᠣᠲᠠ ᠵᠢᠨ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ ᠲᠥᠪ᠎ᠲᠤ ᠬᠦᠷᠴᠦ᠂ ᠰᠤᠷᠪᠤᠯᠵᠢᠯᠠᠯ ᠬᠢᠬᠦ᠎ᠪᠠᠷ ᠢᠷᠡᠭᠰᠡᠨ ᠣᠯᠠᠨ ᠲᠦᠮᠡᠨ᠎ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ᠎ᠤᠨ ᠬᠡᠷᠡᠭ᠎ᠤᠨ ᠤᠴᠢᠷ ᠰᠢᠯᠲᠠᠭ᠋ᠠᠨ ᠪᠣᠯᠣᠨ ᠰᠢᠢ᠍ᠳᠪᠦᠷᠢᠯᠡᠵᠦ ᠪᠠᠢ᠌ᠭ᠎ᠠ ᠠᠬᠢᠴᠠ ᠵᠢ ᠨᠠᠷᠢᠨ ᠣᠢ᠌ᠯᠠᠭ᠋ᠠᠵᠤ᠂ ᠣᠯᠠᠨ᠎ᠲᠠᠢ ᠬᠠᠮᠲᠤ᠎ᠪᠠᠷ ᠰᠢᠢ᠍ᠳᠪᠦᠷᠢᠯᠡᠬᠦ ᠠᠷᠭ᠎ᠠ ᠵᠢ ᠵᠥᠪᠳᠡᠯᠴᠡᠪᠡ᠃ ᠲᠡᠷᠡ᠂ ᠤᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠤᠯᠠᠨ ᠲᠦᠮᠡᠨ᠎ᠤ ᠲᠠᠯ᠎ᠠ᠎ᠠᠴᠠ ᠢᠯᠡᠭᠦᠬᠡᠨ ᠪᠣᠳᠣᠯᠬᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠦ᠂ ᠱᠠᠯᠠᠪᠳᠠᠨ ᠰᠢᠢ᠍ᠳᠪᠦᠷᠢᠯᠡᠬᠦ ᠬᠡᠷᠡᠭᠲᠡᠢ᠂ ᠤᠳᠠᠭ᠋ᠠᠰᠢᠷᠠᠭᠤᠯᠵᠤ ᠬᠣᠢ᠌ᠰᠢᠯᠠᠭᠤᠯᠵᠤ ᠪᠤᠯᠬᠤ ᠦᠭᠡᠢ᠂ ᠪᠠᠭ᠎ᠠ ᠵᠥᠷᠢᠴᠡᠯ ᠬᠤᠷᠠᠮᠳᠤᠵᠤ ᠠᠶᠤᠯ ᠲᠦᠭᠰᠢᠭᠦᠷᠢ ᠵᠢᠨ ᠭᠡᠮ ᠰᠣᠭᠣᠭ ᠪᠣᠯᠵᠤ ᠬᠤᠪᠢᠷᠠᠬᠤ᠎ᠠᠴᠠ ᠰᠡᠷᠭᠡᠢ᠌ᠯᠡᠬᠦ ᠬᠡᠷᠡᠭᠲᠡᠢ᠃ ᠡᠭᠦᠨ᠎ᠤ ᠬᠠᠮᠲᠤ ᠰᠢᠯᠲᠠᠭ᠋ᠠᠨ᠎ᠢ᠎ᠨᠢ ᠭᠦᠨᠵᠡᠭᠡᠢ ᠵᠠᠳᠠᠯᠵᠤ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠵᠦ᠂ ᠠᠵᠢᠯ ᠵᠶ᠋ᠠᠨ ᠬᠠᠨᠳᠤᠯᠭ᠋ᠠᠲᠤ ᠴᠢᠨᠠᠷᠲᠠᠢ᠎ᠪᠠᠷ ᠰᠠᠢ᠌ᠵᠢᠷᠠᠭᠤᠯᠵᠤ᠂ ᠡᠬᠢ ᠡᠭᠦᠰᠦᠯ᠎ᠠᠴᠠ᠎ᠨᠢ ᠵᠠᠬᠢᠳᠠᠯ ᠰᠤᠷᠪᠤᠯᠵᠢᠯᠠᠯ ᠭᠣᠮᠣᠳᠠᠯ ᠲᠣᠭ᠋ᠠᠴᠢᠯᠲᠠ ᠵᠢ ᠪᠠᠭ᠋ᠠᠰᠬᠠᠬᠤ ᠬᠡᠷᠡᠭᠲᠡᠢ᠃ ᠵᠥᠷᠢᠴᠡᠯ᠎ᠢ ᠦᠨᠳᠦᠰᠦᠨ ᠱᠠᠲᠤᠨ᠎ᠳᠤ ᠰᠢᠢ᠍ᠳᠪᠦᠷᠢᠯᠡᠵᠦ᠂ ᠴᠤᠬᠤᠢ᠌ᠵᠤ ᠪᠠᠢ᠌ᠭ᠎ᠠ ᠦᠶ᠎ᠡ᠎ᠳᠤ᠎ᠨᠢ ᠰᠢᠢ᠍ᠳᠪᠦᠷᠢᠯᠡᠬᠦ᠎ᠳᠤ ᠡᠯ᠎ᠡ ᠲᠠᠯ᠎ᠠ ᠵᠢᠨ᠎ᠬᠢᠨ ᠬᠠᠮᠵᠢᠯᠴᠠᠨ ᠬᠦᠴᠦᠯᠡᠬᠦ ᠴᠢᠬᠤᠯᠠᠲᠠᠢ ᠶᠤᠮ᠃ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ᠎ᠤ ᠭᠣᠮᠣᠳᠠᠯ ᠲᠣᠭ᠋ᠠᠴᠢᠯᠲᠠ᠎ᠳᠤ ᠬᠠᠷᠢᠭᠤ ᠥᠭᠬᠦ ᠬᠥᠮᠥᠨ᠎ᠲᠠᠢ᠂ ᠰᠢᠢ᠍ᠳᠪᠦᠷᠢᠯᠡᠬᠦ ᠬᠥᠮᠥᠨ᠎ᠲᠠᠢ᠂ ᠦᠷ᠎ᠡ ᠳ᠋ᠦᠩ᠎ᠳᠤ ᠣᠯᠠᠨ ᠲᠦᠮᠡᠨ ᠬᠠᠨᠤᠮᠵᠢᠲᠠᠶ ᠪᠠᠢ᠌ᠬᠤ ᠵᠢ ᠪᠠᠲᠤᠯᠠᠬᠤ ᠬᠡᠷᠡᠭᠲᠡᠢ ᠭᠡᠪᠡ᠃
ᠢᠦᠢ ᠯᠢ ᠰᠢᠨ ᠣᠷᠣᠯᠴᠠᠵᠠᠢ᠃