ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-11-06

    11 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠳᠤ ᠭᠦᠨᠵᠡᠭᠡᠢ᠌ᠷᠡᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠥᠭᠵᠢᠯᠲᠡ ᠵᠢᠨ ᠲᠣᠭᠣᠷᠢᠨ᠎ᠳᠤ ᠪᠠᠢ᠌ᠴᠠᠭ᠋ᠠᠨ ᠰᠤᠳᠤᠯᠤᠯᠲᠠ ᠬᠢᠪᠡ᠃

孙绍骋在包钢集团调研.jpg

 

    11 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠤᠰ᠎ᠤᠨ ᠬᠣᠪᠣᠷ ᠰᠢᠷᠣᠢ ᠵᠢᠨ ᠴᠢᠳᠠᠮᠵᠢᠲᠤ ᠮᠠᠲ᠋ᠧᠷᠢᠶᠠᠯ᠎ᠤᠨ ᠰᠢᠨ᠎ᠡ ᠵᠢ ᠡᠭᠦᠳᠬᠦ ᠲᠥᠪ᠎ᠲᠤ ᠬᠦᠷᠴᠦ᠂ ᠬᠣᠪᠣᠷ ᠰᠢᠷᠣᠢ ᠵᠢᠨ ᠦᠢ᠍ᠯᠡᠳᠬᠦᠨ ᠰᠤᠳᠤᠯᠤᠨ ᠨᠡᠭᠡᠭᠡᠵᠦ ᠪᠠᠢ᠌ᠬᠤ ᠪᠠ ᠳᠤᠮᠳᠠᠬᠢ ᠲᠤᠷᠰᠢᠯᠲᠠ ᠵᠢᠨ ᠦᠢ᠍ᠯᠡᠳᠪᠦᠷᠢᠯᠡᠯ᠎ᠤᠨ ᠱᠤᠭᠤᠮ᠎ᠤᠨ ᠠᠵᠢᠯᠯᠠᠭ᠋ᠠᠨ᠎ᠤ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠪᠠ᠃

    ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ

    ᠰᠦᠨ ᠱᠤᠤ ᠴᠧᠩ ᠤᠷᠢᠳ ᠬᠣᠵᠢᠳ ᠤᠯᠤᠰ᠎ᠤᠨ ᠬᠣᠪᠣᠷ ᠰᠢᠷᠣᠢ ᠵᠢᠨ ᠴᠢᠳᠠᠮᠵᠢᠲᠤ ᠮᠠᠲ᠋ᠧᠷᠢᠶᠠᠯ᠎ᠤᠨ ᠰᠢᠨ᠎ᠡ ᠵᠢ ᠡᠭᠦᠳᠬᠦ ᠲᠥᠪ᠂ ᠤᠮᠠᠷᠠᠲᠤ ᠵᠢᠨ ᠬᠣᠪᠣᠷ ᠰᠢᠷᠣᠢ ᠵᠢᠨ ᠪᠣᠬᠢᠷᠳᠤᠯ ᠦᠭᠡᠢ ᠬᠠᠢ᠌ᠯᠤᠭᠤᠯᠤᠨ ᠪᠤᠯᠪᠠᠰᠤᠷᠠᠭᠤᠯᠬᠤ ᠵᠢ ᠲᠠᠰ ᠳᠡᠪᠰᠢᠭᠦᠯᠵᠦ ᠥᠭᠡᠷᠡᠴᠢᠯᠡᠬᠦ ᠲᠥᠷᠥᠯ ᠵᠦᠢ᠍ᠯ᠎ᠤᠨ ᠲᠤᠬᠠᠢ ᠵᠢᠨ ᠲᠠᠯᠠᠪᠠᠶ᠂ ᠪᠤᠭᠤᠲᠤ ᠵᠢᠨ ᠪᠣᠯᠣᠳ ᠲᠡᠮᠦᠷ᠎ᠤᠨ ᠺᠤᠮᠫᠠᠨᠢ ᠵᠢᠨ ᠭᠠᠩ ᠯᠢᠶᠠᠨ ᠬᠤᠪᠢᠴᠠᠭ᠋ᠠᠳᠤ ᠬᠢᠵᠠᠭ᠋ᠠᠷᠲᠤ ᠺᠤᠮᠫᠠᠨᠢ ᠵᠢᠨ ᠮᠡᠷᠭᠡᠵᠢᠯ᠎ᠤᠨ ᠲᠥᠪ᠎ᠲᠤ ᠬᠦᠷᠴᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠢ᠌ᠳᠠᠯ ᠪᠣᠯᠣᠨ ᠦᠢ᠍ᠯᠡᠳᠬᠦᠨ ᠰᠤᠳᠤᠯᠤᠨ ᠨᠡᠭᠡᠭᠡᠵᠦ ᠬᠡᠷᠡᠭᠯᠡᠵᠦ ᠪᠠᠢ᠌ᠭ᠎ᠠ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ ᠬᠣᠪᠣᠷ ᠰᠢᠷᠣᠢ ᠵᠢᠨ ᠰᠠᠭᠤᠷᠢᠨ》᠎ᠤ ᠪᠦᠲᠦᠭᠡᠨ ᠪᠠᠢ᠌ᠭᠤᠯᠤᠯᠲᠠ ᠵᠢ ᠡᠵᠡᠮᠳᠡᠵᠦ᠂ ᠬᠣᠪᠣᠷ ᠰᠢᠷᠣᠢ ᠵᠢᠨ ᠬᠡᠷᠡᠭᠯᠡᠭᠡᠨ᠎ᠤ ᠰᠤᠳᠤᠯᠭ᠋ᠠᠨ᠎ᠢ ᠴᠢᠩᠭ᠋ᠠᠳᠬᠠᠵᠤ᠂ ᠳᠡᠭᠡᠳᠦ ᠳᠡᠰ᠎ᠤᠨ ᠦᠵᠦᠭᠦᠷᠯᠢᠭ᠎ᠤᠨ ᠬᠡᠷᠡᠭᠯᠡᠭᠡ ᠵᠢ ᠴᠢᠩᠭ᠋ᠠᠳᠬᠠᠨ᠂ ᠦᠢ᠍ᠯᠡᠳᠬᠦᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠨᠠᠩ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠲᠤᠷᠰᠢᠯᠲᠠ ᠵᠢᠨ ᠲᠠᠰᠤᠭ᠎ᠠᠴᠠ ᠲᠣᠮᠣ ᠵᠠᠬ᠎ᠠ ᠳᠡᠯᠭᠡᠭᠦᠷ᠎ᠲᠤ ᠭᠠᠷᠭ᠋ᠠᠬᠤ ᠬᠡᠷᠡᠭᠲᠡᠢ ᠭᠡᠪᠡ᠃

    ᠡᠨᠡ ᠬᠦ᠌ ᠬᠤᠭᠤᠴᠠᠭ᠋ᠠᠨ᠎ᠳᠤ ᠰᠦᠨ ᠱᠤᠤ ᠴᠧᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠪᠣᠯᠣᠨ ᠪᠤᠭᠤᠲᠤ ᠬᠣᠲᠠ ᠵᠢᠨ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠬᠠᠮᠲᠤ᠎ᠪᠠᠷ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠬᠥᠭᠵᠢᠯᠲᠡ ᠵᠢᠨ ᠳᠤᠮᠳᠠᠬᠢ ᠬᠦᠴᠢᠷᠳᠡᠯ ᠪᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠪᠡ᠃ ᠲᠡᠷᠡ᠂ ᠪᠦᠭᠦ ᠣᠷᠣᠨ᠎ᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ᠎ᠬᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠲᠠ ᠬᠤᠷᠠᠯ᠎ᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠴᠢᠬᠤᠯᠠ ᠶᠡᠬᠡ ᠪᠠᠢ᠌ᠷᠢᠯᠠᠭᠤᠯᠤᠯᠲᠠ ᠶᠣᠰᠣᠭ᠋ᠠᠷ᠂ ᠬᠥᠭᠵᠢᠯᠲᠡ ᠵᠢᠨ ᠬᠡᠷᠡᠭᠴᠡᠭᠡ᠎ᠳᠤ ᠰᠠᠭᠤᠷᠢᠯᠠᠵᠤ᠂ ᠵᠣᠷᠢᠭᠲᠠᠢ ᠰᠡᠳᠬᠢᠵᠦ ᠵᠣᠷᠢᠭᠲᠠᠢ ᠬᠢᠵᠦ᠂ ᠵᠣᠷᠢᠭᠲᠠᠢ᠎ᠪᠠᠷ ᠥᠭᠡᠷᠡᠴᠢᠯᠡᠯᠲᠡ ᠬᠢᠵᠦ᠂ ᠪᠦᠬᠦᠯᠢ ᠴᠣᠭᠴᠠ ᠵᠢᠨ 《ᠰᠢᠪᠲᠤᠯᠤᠯᠲᠠ》 ᠵᠢ ᠲᠦᠷᠭᠡᠨ ᠪᠡᠶᠡᠯᠡᠭᠦᠯᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ᠎ᠬᠢᠨ ᠦᠷ᠎ᠡ ᠠᠰᠢᠭ᠎ᠢ ᠡᠷᠭᠢᠮᠯᠡᠭᠦ ᠬᠡᠷᠡᠭᠲᠡᠢ᠂ ᠦᠷ᠎ᠡ ᠠᠰᠢᠭ᠎ᠢ ᠳᠡᠭᠡᠭᠰᠢᠯᠡᠭᠦᠯᠭᠦ ᠵᠢᠨ ᠭᠠᠷᠬᠤ ᠵᠠᠮ᠎ᠨᠢ ᠥᠭᠡᠷᠡᠴᠢᠯᠡᠯᠲᠡ ᠬᠢᠬᠦ᠎ᠳᠤ ᠪᠤᠢ᠃ ᠦᠷ᠎ᠡ ᠠᠰᠢᠭ ᠭᠡᠬᠦ ᠡᠨᠡ ᠬᠦ᠌ ᠭᠣᠣᠯᠳᠠᠯᠭ᠎ᠠ᠎ᠲᠠᠢ ᠨᠢᠭᠲᠠ ᠤᠶᠠᠯᠳᠤᠭᠤᠯᠤᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠭᠣᠣᠯ ᠠᠵᠢᠯ᠂ ᠰᠢᠨ᠎ᠡ ᠵᠢ ᠡᠭᠦᠳᠬᠦ᠂ ᠬᠠᠮᠢᠶᠠᠷᠤᠯᠲᠠ᠎ᠠᠴᠠ ᠦᠷ᠎ᠡ ᠠᠰᠢᠭ ᠣᠯᠬᠤ ᠵᠢ ᠪᠠᠷᠢᠮᠲᠠᠯᠠᠬᠤ ᠬᠡᠷᠡᠭᠲᠡᠢ᠃ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ ᠭᠡᠬᠦ ᠣᠢ᠌ᠯᠠᠭ᠋ᠠᠭᠳᠠᠬᠤᠨ᠎ᠢ ᠪᠤᠢ ᠪᠤᠯᠭ᠋ᠠᠵᠤ᠂ ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠎ᠪᠠᠷ ᠳᠠᠮᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠯᠳᠠᠰᠢ ᠡᠨᠳᠡᠰᠢ ᠭᠠᠷᠬᠤ ᠵᠢ ᠬᠣᠷᠢᠭᠯᠠᠵᠤ᠂ ᠰᠡᠳᠬᠢᠮᠵᠢ᠎ᠪᠠᠨ ᠲᠡᠭᠦᠯᠳᠡᠷᠵᠢᠭᠦᠯᠵᠦ᠂ ᠬᠥᠭᠵᠢᠯᠲᠡ ᠵᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠵᠢᠨ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠲᠤᠰ ᠪᠡᠶ᠎ᠡ ᠵᠢᠨ ᠬᠥᠭᠵᠢᠯᠲᠡ ᠵᠢᠨ ᠬᠡᠷᠡᠭᠴᠡᠭᠡ᠎ᠠᠴᠠ᠎ᠪᠠᠨ ᠡᠭᠦᠰᠴᠦ ᠰᠠᠨᠠᠭ᠋ᠠᠴᠢᠯᠠᠭ᠎ᠠ᠎ᠠᠴᠠ᠎ᠪᠠᠨ ᠤᠳᠤ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠲᠥᠯᠥᠪᠵᠢᠭᠦᠯᠦᠨ ᠪᠠᠢ᠌ᠭᠤᠯᠵᠤ᠂ ᠠᠵᠤ ᠠᠬᠤᠢ᠌ᠯᠠᠯ᠎ᠢ ᠣᠳᠣᠬᠢᠴᠢᠯᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠨᠠᠮ᠎ᠤᠨ ᠤᠳᠤᠷᠢᠳᠤᠯᠭ᠎ᠠ ᠪᠣᠯᠣᠨ ᠠᠵᠤ ᠠᠬᠤᠢ᠌ᠯᠠᠯ᠎ᠤᠨ ᠵᠠᠰᠠᠯᠲᠠ ᠵᠢ ᠨᠡᠩ ᠰᠢᠨᠵᠢᠯᠡᠬᠦ ᠤᠬᠠᠭ᠋ᠠᠨᠴᠢ᠎ᠪᠠᠷ ᠨᠢᠭᠡᠳᠬᠡᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠠᠵᠤ ᠠᠬᠤᠢ᠌ᠯᠠᠯ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ᠎ᠬᠢᠨ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠢ᠌ᠯᠠᠯ ᠴᠥᠮ ᠨᠢᠭᠡ ᠰᠡᠳᠬᠢᠯ ᠨᠢᠭᠡ ᠵᠣᠷᠢᠭ ᠵᠶ᠋ᠠᠷ᠂ ᠤᠶᠤᠨ ᠤᠬᠠᠭ᠋ᠠᠨ ᠬᠦᠴᠦᠨ ᠴᠢᠳᠠᠯ ᠵᠶ᠋ᠠᠨ ᠨᠢᠭᠲᠠᠷᠠᠭᠤᠯᠵᠤ᠂ ᠬᠣᠶᠠᠷ ᠰᠠᠷ᠎ᠠ ᠰᠢᠷᠭ᠋ᠠᠭᠤ ᠠᠵᠢᠯᠯᠠᠨ ᠪᠣᠳᠠᠲᠠᠢ ᠠᠵᠢᠯᠯᠠᠵᠤ᠂ ᠪᠦᠭᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ ᠭᠡᠵᠡᠢ᠃

    ᠳ᠋ᠢᠩ ᠰᠢᠤ ᠹᠧᠩ᠂ ᠢᠦᠢ ᠯᠢ ᠰᠢᠨ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map