12 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠮᠠᠷᠠᠲᠤ ᠬᠢᠯᠢ ᠵᠢᠨ ᠰᠣᠶᠣᠯ᠎ᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
12 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠮᠠᠷᠠᠲᠤ ᠬᠢᠯᠢ ᠵᠢᠨ ᠰᠣᠶᠣᠯ᠎ᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠲᠤᠰ ᠬᠣᠷᠢᠶ᠎ᠠ ᠵᠢᠨ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠧᠩ ᠬᠣᠩ ᠹᠠᠨ ᠶᠠᠷᠢᠯᠴᠠᠬᠤ ᠬᠤᠷᠠᠯ᠎ᠢ ᠡᠷᠭᠢᠯᠡᠵᠦ᠂ ᠢᠦᠢ ᠯᠢ ᠰᠢᠨ ᠣᠷᠣᠯᠴᠠᠵᠠᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠤᠭ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠤᠮᠠᠷᠠᠲᠤ ᠬᠢᠯᠢ ᠵᠢᠨ ᠰᠣᠶᠣᠯ᠎ᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠠᠵᠢᠯ᠎ᠤᠨ ᠪᠠᠢ᠌ᠳᠠᠯ᠎ᠢ ᠬᠠᠷᠢᠭᠤ ᠮᠡᠳᠡᠭᠦᠯᠪᠡ᠃ ᠪᠦᠭᠦ ᠣᠷᠣᠨ᠎ᠤ ᠤᠳᠬ᠎ᠠ ᠤᠷᠠᠯᠢᠭ᠎ᠤᠨ ᠹᠷᠣᠨᠲ᠎ᠤᠨ ᠲᠥᠯᠥᠭᠡᠯᠡᠭᠴᠢ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ 《ᠠᠵᠢᠨᠠᠢ ᠱᠠᠩᠨᠠᠯ》 ᠭᠦᠷᠳᠡᠭᠴᠢ ᠠᠶᠤᠷᠵᠠᠨ᠎ᠠ᠂ ᠨᠢᠦ ᠬᠠᠢ ᠺᠦᠨ᠂ ᠨᠠᠷᠠᠩᠭᠤᠸ᠎ᠠ᠂ ᠲᠤᠷᠤᠨ᠎ᠠ᠂ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠭᠡᠷᠡᠯ ᠵᠢᠷᠤᠭ᠎ᠤᠨ 《ᠠᠯᠲᠠᠨ ᠭᠦᠷᠥᠭ ᠱᠠᠩᠨᠠᠯ》 ᠭᠦᠷᠳᠡᠭᠴᠢ ᠨᠣᠮᠢᠨ · ᠾᠧ᠂ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠠᠷᠠᠳ᠎ᠤᠨ ᠤᠳᠬ᠎ᠠ ᠤᠷᠠᠯᠢᠭ᠎ᠤᠨ 《ᠠᠭᠤᠯᠠᠨ ᠴᠡᠴᠡᠭ ᠱᠠᠩᠨᠠᠯ》 ᠭᠦᠷᠳᠡᠭᠴᠢ ᠦ᠋ ᠴᠢᠤᠸᠠᠨ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠥᠵᠢᠭ᠎ᠤᠨ 《ᠯᠢᠩᠬᠤ᠎ᠠ ᠱᠠᠩᠨᠠᠯ》 ᠭᠦᠷᠳᠡᠭᠴᠢ ᠠᠯᠲᠠᠨᠪᠠᠭ᠋ᠠᠨᠠ ᠪᠣᠯᠣᠨ ᠤᠯᠤᠰ᠎ᠤᠨ ᠤᠳᠤᠷᠢᠳᠤᠭᠴᠢ ᠵᠢᠨ ᠭᠣᠣᠯ ᠰᠡᠳᠦᠪᠲᠦ ᠤᠷᠠᠨ ᠵᠢᠷᠤᠭ᠎ᠤᠨ ᠵᠣᠬᠢᠶᠠᠨ ᠪᠦᠲᠦᠭᠡᠯᠭᠡ ᠵᠢᠨ ᠢᠨᠵᠧᠨᠧᠷᠢᠩ᠎ᠳᠤ ᠪᠦᠲᠦᠭᠡᠯ᠎ᠨᠢ ᠰᠣᠩᠭᠣᠭᠳᠠᠭᠰᠠᠨ ᠤᠷᠠᠨ ᠵᠢᠷᠤᠭᠴᠢᠨ ᠵᠠᠩ ᠺᠧ ᠶᠠᠩ ᠦᠭᠡ ᠬᠡᠯᠡᠵᠦ᠂ ᠲᠣᠰ ᠪᠡᠶ᠎ᠡ ᠵᠢᠨ ᠵᠣᠬᠢᠶᠠᠨ ᠪᠦᠲᠦᠭᠡᠯᠭᠡ ᠵᠢᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ ᠰᠡᠳᠬᠢᠯ ᠵᠶ᠋ᠡᠨ ᠠᠭᠤᠵᠢᠷᠠᠲᠠᠯ᠎ᠠ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃ ᠤᠯᠠᠨ ᠵᠶ᠋ᠠᠷ ᠵᠶ᠋ᠠᠨ᠂ ᠬᠣᠢ᠌ᠰᠢᠳᠠ ᠨᠡᠩ ᠤᠯᠠᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠴᠢᠷᠮᠠᠢ᠌ᠨ ᠵᠣᠬᠢᠶᠠᠨ ᠪᠦᠲᠦᠭᠡᠵᠦ᠂ ᠤᠮᠠᠷᠠᠲᠤ ᠬᠢᠯᠢ ᠵᠢᠨ ᠰᠣᠶᠣᠯ᠎ᠢ ᠠᠬᠢᠭᠤᠯᠬᠤ᠎ᠳᠤ ᠨᠡᠩ ᠤᠯᠠᠨ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠤᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠦᠨ ᠱᠤᠤ ᠴᠧᠩ᠂ ᠤᠯᠠᠨ᠎ᠤ ᠶᠠᠷᠢᠭᠰᠠᠨ ᠮᠠᠰᠢ ᠰᠠᠢ᠌ᠨ᠂ ᠰᠣᠨᠣᠰᠤᠭ᠋ᠠᠳ ᠮᠠᠰᠢ ᠶᠡᠬᠡ ᠣᠯᠣᠯᠲᠠ᠎ᠲᠠᠢ ᠪᠠᠢ᠌ᠨ᠎ᠠ᠂ ᠤᠯᠠᠨ᠎ᠤ ᠳᠤᠷᠠᠳᠤᠭᠰᠠᠨ ᠰᠠᠨᠠᠯ ᠰᠠᠨᠠᠭᠤᠯᠭ᠎ᠠ ᠵᠢ ᠬᠣᠯᠪᠣᠭᠳᠠᠯ ᠪᠦᠬᠦᠢ ᠲᠠᠯ᠎ᠠ ᠵᠢᠨ᠎ᠬᠢᠨ ᠨᠠᠷᠢᠨ ᠬᠢᠨᠠᠮᠠᠭ᠋ᠠᠢ ᠰᠤᠳᠤᠯᠤᠨ ᠭᠥᠯᠢᠶᠡᠨ ᠠᠪᠬᠤ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ᠂ ᠥᠪᠥᠷ ᠮᠣᠩᠭᠣᠯ᠎ᠳᠤ ᠠᠪᠴᠤ ᠬᠡᠯᠡᠪᠡᠯ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠵᠤ᠂ ᠰᠣᠶᠣᠯ᠎ᠤᠨ ᠪᠠᠢ᠌ᠭᠤᠯᠤᠯᠲᠠ ᠵᠢᠨ ᠠᠵᠢᠯ᠎ᠳᠤ ᠪᠣᠳᠠᠲᠠᠢ ᠬᠡᠷᠡᠭᠵᠢᠭᠦᠯᠬᠦ᠎ᠳᠤ ᠶᠡᠷᠦᠩᠬᠡᠢ ᠭᠠᠷᠳᠠᠴᠠ᠎ᠨᠢ ᠳᠠᠷᠤᠢ ᠤᠮᠠᠷᠠᠲᠤ ᠬᠢᠯᠢ ᠵᠢᠨ ᠰᠣᠶᠣᠯ᠎ᠢ ᠪᠠᠢ᠌ᠭᠤᠯᠬᠤ ᠶᠠᠪᠤᠳᠠᠯ ᠪᠣᠯᠣᠨ᠎ᠠ᠃ ᠡᠯ᠎ᠡ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠳᠠᠮᠵᠢᠨ᠂ ᠣᠳᠣ ᠤᠮᠠᠷᠠᠲᠤ ᠬᠢᠯᠢ ᠵᠢᠨ ᠰᠣᠶᠣᠯ ᠭᠡᠬᠦ ᠡᠨᠡ ᠬᠦ᠌ ᠲᠦᠷᠦᠯ ᠲᠡᠮᠳᠡᠭ᠎ᠢ ᠨᠢᠭᠡᠨᠲᠡ ᠴᠣᠭᠴᠠᠯᠠᠪᠠ᠂ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠨᠢᠭᠡ ᠯᠡ ᠠᠮᠢᠰᠬᠤᠭ᠎ᠠ᠎ᠪᠠᠷ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠨᠠᠩ ᠭᠢᠯᠠᠯᠵᠠᠮ᠎ᠠ ᠨᠠᠩ ᠬᠠᠩᠭᠢᠨᠠᠮ᠎ᠠ ᠪᠤᠯᠭ᠋ᠠᠬᠤ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ᠂ ᠥᠪᠥᠷ ᠮᠣᠩᠭᠣᠯ ᠪᠣᠯ ᠨᠢᠭᠡᠨ ᠰᠣᠶᠣᠯ᠎ᠤᠨ ᠣᠷᠣᠨ ᠪᠣᠯᠣᠨ᠎ᠠ᠃ ᠤᠮᠠᠷᠠᠲᠤ ᠬᠢᠯᠢ ᠵᠢᠨ ᠰᠣᠶᠣᠯ᠎ᠤᠨ ᠰᠤᠳᠤᠯᠭ᠋ᠠᠨ᠎ᠢ ᠭᠦᠨᠵᠡᠭᠡᠢ ᠪᠣᠳᠠᠲᠠᠢ ᠬᠢᠵᠦ᠂ ᠮᠠᠨ᠎ᠤ ᠣᠷᠣᠨ᠎ᠤ ᠰᠣᠶᠣᠯ᠎ᠤᠨ ᠡᠬᠢ ᠪᠠᠶᠠᠯᠢᠭ ᠪᠣᠯᠣᠨ ᠲᠡᠦᠬᠡ ᠵᠢᠨ ᠪᠣᠳᠠᠲᠤ ᠪᠠᠢ᠌ᠳᠠᠯ᠎ᠢ ᠭᠦᠢ᠍ᠴᠡᠳ ᠠᠭᠤᠳᠠᠯᠵᠤ᠂ ᠥᠪᠥᠷ ᠮᠣᠩᠭᠣᠯ᠎ᠤᠨ ᠵᠣᠷᠢᠭ ᠰᠠᠨᠠᠭ᠋ᠠᠨ᠎ᠤ ᠣᠨᠴᠠᠯᠢᠭ ᠰᠢᠨᠵᠢ ᠵᠢ ᠶᠡᠬᠡ᠎ᠪᠠᠷ ᠲᠣᠳᠣᠷᠬᠠᠢ᠌ᠯᠠᠨ ᠲᠠᠢ᠌ᠯᠪᠤᠷᠢᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ᠃ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠵᠦ᠂ ᠥᠷᠭᠡᠨ ᠣᠯᠠᠨ ᠤᠳᠬ᠎ᠠ ᠤᠷᠠᠯᠢᠭ᠎ᠤᠨ ᠠᠵᠢᠯᠲᠠᠳ᠎ᠤᠨ ᠠᠮᠢᠳᠤᠷᠠᠯ ᠳᠤᠮᠳᠠ᠎ᠠᠴᠠ ᠣᠩᠭᠣᠳ ᠡᠷᠢᠬᠦ᠂ ᠦᠢ᠍ᠯᠡᠳᠦᠯᠭᠡ ᠳᠤᠮᠳᠠ᠎ᠠᠴᠠ ᠪᠣᠷᠣ ᠮᠠᠲ᠋ᠧᠷᠢᠶᠠᠯ ᠡᠷᠢᠬᠦ᠂ ᠤᠮᠠᠷᠠᠲᠤ ᠬᠢᠯᠢ ᠵᠢᠨ ᠰᠣᠶᠣᠯ᠎ᠢ ᠢᠯᠡᠷᠡᠭᠦᠯᠦᠭᠰᠡᠨ ᠰᠣᠳᠣᠨ ᠪᠦᠲᠦᠭᠡᠯ᠎ᠢ ᠨᠠᠩ ᠣᠯᠠᠨ ᠵᠣᠬᠢᠶᠠᠨ ᠪᠦᠲᠦᠭᠡᠬᠦ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠣᠲᠣ ᠦᠶ᠎ᠡ ᠵᠢᠨ ᠥᠪᠥᠷ ᠮᠣᠩᠭᠣᠯ᠎ᠤᠨ ᠥᠭᠡᠷᠡᠴᠢᠯᠡᠯᠲᠡ ᠬᠥᠭᠵᠢᠯᠲᠡ ᠵᠢᠨ ᠠᠷᠤ᠎ᠳᠠᠬᠢ ᠰᠣᠶᠣᠯ᠎ᠤᠨ ᠦᠨ᠎ᠡ ᠴᠠᠨ᠎ᠠ᠂ ᠵᠣᠷᠢᠭ ᠰᠠᠨᠠᠭ᠋ᠠᠨ᠎ᠤ ᠬᠡᠪ ᠴᠢᠨᠠᠷ᠎ᠢ ᠭᠦᠢ᠍ᠴᠡᠳ ᠢᠯᠡᠷᠡᠭᠦᠯᠬᠦ ᠬᠡᠷᠡᠭᠲᠡᠢ᠃ ᠤᠮᠠᠷᠠᠲᠤ ᠬᠢᠯᠢ ᠵᠢᠨ ᠰᠣᠶᠣᠯ᠎ᠤᠨ ᠦᠵᠡᠭᠦᠯᠭᠡ ᠵᠢ ᠢᠳᠡᠪᠬᠢᠲᠡᠢ ᠥᠷᠨᠢᠭᠦᠯᠵᠦ᠂ ᠤᠳᠬ᠎ᠠ ᠤᠷᠠᠯᠢᠭ ᠰᠣᠶᠣᠯ᠎ᠤᠨ ᠲᠣᠬᠯᠠᠯᠲᠠ ᠰᠣᠯᠢᠯᠴᠠᠭ᠋ᠠᠨ᠎ᠤ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠤᠬᠠᠭᠤᠯᠭ᠎ᠠ ᠳᠡᠯᠭᠡᠷᠡᠭᠦᠯᠦᠯᠲᠡ ᠵᠢ ᠰᠠᠢ᠌ᠲᠤᠷ ᠬᠢᠵᠦ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠣᠮᠣ ᠭᠡᠯᠪᠡᠷᠢ ᠵᠢᠨ ᠲᠣᠬᠯᠠᠯᠲᠠ ᠪᠠ ᠣᠯᠠᠨ ᠲᠦᠮᠡᠨ᠎ᠤ ᠠᠵᠢᠯᠯᠠᠭ᠎ᠠ᠎ᠳᠤ ᠤᠮᠠᠷᠠᠲᠤ ᠬᠢᠯᠢ ᠵᠢᠨ ᠰᠣᠶᠣᠯ᠎ᠤᠨ ᠭᠣᠣᠯ ᠰᠡᠳᠦᠪ᠎ᠢ ᠢᠯᠡᠷᠡᠭᠦᠯᠵᠦ᠂ ᠤᠮᠠᠷᠠᠲᠤ ᠬᠢᠯᠢ ᠵᠢᠨ ᠰᠣᠶᠣᠯ ᠵᠶ᠋ᠠᠷ ᠳᠡᠮᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ᠎ᠬᠢᠨ᠎ᠳᠤ ᠥᠪᠥᠷ ᠮᠣᠩᠭᠣᠯ᠎ᠢ ᠨᠠᠩ ᠰᠠᠢ᠌ᠲᠤᠷ ᠲᠠᠨᠢᠭᠤᠯᠵᠤ᠂ ᠶᠡᠬᠡ ᠳᠤᠮᠳᠠᠳᠤ ᠤᠯᠤᠰ᠎ᠢ ᠨᠠᠩ ᠰᠠᠢ᠌ᠲᠤᠷ ᠲᠠᠨᠢᠭᠤᠯᠬᠤ ᠬᠡᠷᠡᠭᠲᠡᠢ᠃ ᠤᠯᠤᠰ᠎ᠤᠨ ᠥᠮᠴᠢᠯᠡᠯ᠎ᠤᠨ ᠤᠳᠬ᠎ᠠ ᠤᠷᠠᠯᠢᠭ᠎ᠤᠨ ᠬᠦᠷᠢᠶᠡᠯᠡᠩ ᠪᠦᠯᠭᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠵᠠᠮ᠎ᠢ ᠢᠯᠡᠭᠦᠬᠡᠨ ᠰᠦᠪᠡᠭᠴᠢᠯᠡᠵᠦ᠂ ᠶᠠᠭ᠋ᠠᠬᠢᠪᠠᠯ ᠦᠷ᠎ᠡ ᠠᠰᠢᠭ᠎ᠢ ᠳᠡᠭᠡᠭᠰᠢᠯᠡᠭᠦᠯᠭᠦ᠂ ᠶᠠᠰᠤ ᠴᠢᠨᠠᠷ᠎ᠢ ᠳᠡᠭᠡᠭᠰᠢᠯᠡᠭᠦᠯᠭᠦ᠎ᠳᠤ ᠠᠰᠢᠭᠲᠠᠢ ᠪᠣᠯ ᠲᠡᠭᠡᠵᠤ ᠬᠢᠬᠦ ᠬᠡᠷᠡᠭᠲᠡᠢ᠃ ᠤᠳᠬ᠎ᠠ ᠤᠷᠠᠯᠢᠭ᠎ᠤᠨ ᠠᠵᠢᠯᠲᠠᠨ᠎ᠢ ᠬᠠᠯᠠᠮᠵᠢᠯᠠᠨ ᠬᠠᠷᠠᠭ᠋ᠠᠯᠵᠠᠬᠤ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠠᠭ᠋ᠠᠯᠵᠠᠯ ᠪᠠᠲᠤᠯᠠᠭ᠎ᠠ ᠵᠢ ᠰᠠᠢ᠌ᠲᠤᠷ ᠬᠢᠵᠦ᠂ ᠲᠡᠳᠡᠨ᠎ᠤ ᠵᠣᠬᠢᠶᠠᠨ ᠪᠦᠲᠦᠭᠡᠯᠭᠡ ᠥᠷᠨᠢᠭᠦᠯᠬᠦ᠎ᠳᠤ ᠰᠠᠢ᠌ᠨ ᠰᠠᠢ᠌ᠬᠠᠨ ᠨᠥᠬᠥᠴᠡᠯ ᠬᠠᠩᠭ᠋ᠠᠬᠤ ᠬᠡᠷᠡᠭᠲᠡᠢ ᠭᠡᠵᠦ ᠬᠡᠯᠡᠪᠡ᠃