ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠮᠣᠩᠭᠣᠯ ᠤᠯᠤᠰ᠎ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠢ᠌ᠳ ᠱᠧᠨ ᠮᠢᠨ ᠵᠢᠤᠸᠠᠨ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-08-20


      8 ᠰᠠᠷ᠎ᠠ ᠵᠢᠨ 19᠎ᠤ  ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠮᠣᠩᠭᠣᠯ ᠤᠯᠤᠰ᠎ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠢ᠌ᠳ ᠱᠧᠨ ᠮᠢᠨ ᠵᠢᠤᠸᠠᠨ᠎ᠲᠠᠢ  ᠭᠦᠭᠡᠬᠣᠲᠠ᠎ᠳᠤ ᠠᠭᠤᠯᠵᠠᠪᠠ᠃


1.jpg

8 ᠰᠠᠷ᠎ᠠ ᠵᠢᠨ 19᠎ᠤ  ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠮᠣᠩᠭᠣᠯ ᠤᠯᠤᠰ᠎ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠢ᠌ᠳ ᠱᠧᠨ ᠮᠢᠨ ᠵᠢᠤᠸᠠᠨ ᠎ᠲᠠᠢ   ᠭᠦᠭᠡᠬᠣᠲᠠ᠎ᠳᠤ   ᠠᠭᠤᠯᠵᠠᠪᠠ᠃  

       ᠲᠤᠰ ᠰᠣᠨᠢᠨ᠎ᠤ   ᠰᠤᠷᠪᠤᠯᠵᠢᠯᠠᠬ᠍ᠴᠢ   ᠮᠥᠩᠬᠡᠴᠢᠯᠠᠭᠤ ᠰᠡᠭᠦᠳᠡᠷᠯᠡᠪᠡ


       ᠰᠦᠨ ᠱᠤᠤ ᠴᠧᠩ ᠱᠧᠨ ᠮᠢᠨ ᠵᠢᠤᠸᠠᠨ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠮᠣᠩᠭᠣᠯ ᠤᠯᠤᠰ᠎ᠲᠤ ᠰᠠᠭᠤᠭ᠎ᠠ ᠡᠯᠴᠢᠨ ᠰᠠᠢ᠌ᠳ᠎ᠤᠨ ᠶᠠᠮᠤᠨ᠎ᠤ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠥᠷ ᠮᠣᠩᠭᠣᠯ᠎ᠠᠴᠠ ᠶᠡᠷᠦᠩᠬᠡᠢ ᠱᠦᠵᠢ ᠰᠢ ᠵᠢᠨ  ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ ᠵᠢᠴᠢ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠤᠨ ᠪᠦᠯᠭᠦᠮ᠎ᠤᠨ ᠨᠢᠳᠤᠨᠤᠨ᠎ᠤ ᠮᠣᠩᠭᠣᠯ ᠤᠯᠤᠰ᠎ᠲᠤ ᠠᠢ᠌ᠯᠴᠢᠯᠠᠯᠲᠠ ᠬᠢᠭᠰᠡᠨ᠎ᠤ ᠳᠠᠷᠠᠭ᠋ᠠᠬᠢ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠥᠪᠥᠷ ᠮᠣᠩᠭᠣᠯ ᠶᠠᠭ ᠨᠠᠮ᠎ᠤᠨ ᠲᠥᠪ ᠬᠣᠷᠢᠶ᠎ᠠ ᠵᠢᠨ  ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠶᠣᠰᠣᠭ᠋ᠠᠷ᠂ ᠮᠣᠩᠭᠣᠯ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠳᠤᠮᠳᠠᠳᠤ ᠮᠣᠩᠭᠣᠯ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠬᠥᠭᠵᠢᠭᠦᠯᠬᠦ᠎ᠳᠤ ᠬᠤᠪᠢ ᠨᠡᠮᠡᠷᠢ ᠦᠵᠡᠭᠦᠯᠭᠦ᠎ᠪᠠᠷ ᠴᠢᠷᠮᠠᠢ᠌ᠵᠤ ᠪᠠᠢ᠌ᠨ᠎ᠠ᠃ ᠮᠣᠩᠭᠣᠯ ᠤᠯᠤᠰ᠎ᠲᠤ ᠰᠠᠭᠤᠭ᠎ᠠ ᠡᠯᠴᠢᠨ ᠰᠠᠢ᠌ᠳ᠎ᠤᠨ ᠶᠠᠮᠤᠨ ᠪᠢᠳᠡᠨ᠎ᠢ ᠬᠠᠪᠰᠤᠷᠤᠨ ᠢᠯᠡᠭᠦᠬᠡᠨ ᠠᠵᠠ ᠲᠤᠭᠢᠶᠠᠯ   ᠬᠠᠩᠭ᠋ᠠᠵᠤ᠂ ᠢᠯᠡᠭᠦᠬᠡᠨ ᠬᠥᠭᠥᠷᠭᠡ ᠬᠣᠯᠪᠣᠭ᠋ᠠᠰᠤ ᠪᠣᠯᠵᠤ᠂ ᠥᠪᠥᠷ ᠮᠣᠩᠭᠣᠯ᠎ᠤᠨ ᠨᠠᠩ ᠰᠠᠢ᠌ᠲᠤᠷ 《  ᠭᠠᠷᠴᠤ ᠶᠠᠪᠤᠬᠤ 》᠂ 《  ᠣᠷᠣᠭᠤᠯᠤᠨ ᠠᠪᠴᠢᠷᠠᠬᠤ 》᠂   ᠨᠡᠭᠡᠭᠡᠯᠲᠡ ᠵᠢᠨ ᠲᠦᠪᠰᠢᠨ ᠵᠶ᠋ᠡᠨ  ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢᠨ  ᠶᠡᠬᠡ ᠲᠠᠯ᠎ᠠ᠎ᠳᠤ ᠨᠡᠩ ᠰᠠᠢ᠌ᠲᠤᠷ ᠦᠢ᠍ᠯᠡᠴᠢᠯᠡᠬᠦ᠎ᠳᠤ  ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ ᠭᠡᠵᠡᠢ᠃

       ᠱᠧᠨ ᠮᠢᠨ ᠵᠢᠤᠸᠠᠨ ᠥᠪᠥᠷ ᠮᠣᠩᠭᠣᠯ᠎ᠤᠨ ᠣᠷᠳᠣ ᠬᠤᠭᠤᠴᠠᠭ᠋ᠠᠨ᠎ᠤ ᠲᠤᠷᠰᠢ ᠮᠣᠩᠭᠣᠯ ᠤᠯᠤᠰ᠎ᠲᠤ ᠰᠠᠭᠤᠭ᠎ᠠ ᠡᠯᠴᠢᠨ ᠰᠠᠢ᠌ᠳ᠎ᠤᠨ ᠶᠠᠮᠤᠨ᠎ᠢ ᠳᠡᠮᠵᠢᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠨᠢᠳᠤᠨᠤᠨ ᠰᠦᠨ ᠱᠤᠤ ᠴᠧᠩ ᠱᠦᠵᠢ   ᠮᠣᠩᠭᠣᠯ ᠤᠯᠤᠰ᠎ᠲᠤ ᠠᠢ᠌ᠯᠴᠢᠯᠠᠵᠤ᠂ ᠠᠯᠢ ᠤᠯᠠᠨ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ᠎ᠲᠠᠢ ᠪᠣᠯᠤᠭᠰᠠᠨ ᠪᠥᠭᠡᠳ ᠬᠤᠷᠳᠤᠴᠠ᠎ᠪᠠᠨ ᠲᠦᠷᠭᠡᠳᠬᠡᠵᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ ᠤᠷᠤᠭᠰᠢ ᠠᠬᠢᠭᠤᠯᠵᠤ᠂ ᠳᠤᠮᠳᠠᠳᠤ ᠮᠣᠩᠭᠣᠯ᠎ᠤᠨ ᠬᠠᠮᠲᠤᠷᠠᠯᠴᠠᠭ᠎ᠠ ᠵᠢ ᠤᠯᠠᠮ ᠭᠦᠨᠵᠡᠭᠡᠢ᠌ᠷᠡᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠵᠡᠢ᠃ ᠲᠡᠷᠡ᠂ ᠡᠯᠴᠢᠨ ᠰᠠᠢ᠌ᠳ᠎ᠤᠨ ᠶᠠᠮᠤᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠥᠪᠥᠷ ᠮᠣᠩᠭᠣᠯ᠎ᠤᠨ ᠠᠵᠢᠯ᠎ᠢ ᠳᠡᠮᠵᠢᠵᠦ᠂ ᠵᠣᠬᠢᠴᠠᠭᠤᠯᠵᠤ ᠬᠠᠷᠢᠯᠴᠠᠬᠤ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠬᠣᠶᠠᠷ ᠲᠠᠯ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠣᠶᠠᠷ ᠲᠠᠯ᠎ᠠ ᠵᠢᠨ ᠬᠠᠷᠢᠯᠴᠠᠭ᠎ᠠ ᠵᠢᠨ ᠣᠷᠳᠣ ᠬᠤᠭᠤᠴᠠᠭ᠎ᠠ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃

       ᠢᠦᠢ ᠯᠢ ᠰᠢᠨ᠂ ᠶᠠᠩ  ᠵᠢᠨ  ᠠᠭᠤᠯᠵᠠᠯᠲᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map