8 ᠰᠠᠷ᠎ᠠ ᠵᠢᠨ 23᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠭᠦᠭᠡᠬᠣᠲᠠ᠎ᠳᠤ 《 ᠦᠵᠡᠯ ᠰᠠᠨᠠᠭ᠎ᠠ ᠤᠮᠠᠷᠠᠲᠤ ᠬᠢᠯᠢ ᠵᠢ ᠭᠡᠢ᠌ᠭᠦᠯᠵᠦ · ᠰᠡᠳᠬᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠰᠢᠭᠦᠯᠦᠨ᠎ᠡ 》 ᠭᠡᠬᠦ ᠲᠣᠮᠣ ᠭᠡᠯᠪᠡᠷᠢ ᠵᠢᠨ ᠶᠠᠷᠢᠶᠠᠨ᠎ᠤ ᠲᠠᠪᠴᠠᠩ᠎ᠳᠤ ᠣᠷᠤᠯᠴᠠᠬᠤ᠎ᠪᠠᠷ ᠢᠷᠡᠭᠰᠡᠨ ᠱᠠᠩᠬᠠᠢ ᠵᠢᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠵᠠᠬᠢᠷᠤᠯ ᠯᠢᠦ ᠶᠤᠸᠠᠨ ᠴᠦᠨ ᠪᠣᠯᠣᠨ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠬᠥᠲᠥᠯᠥᠭᠴᠢ ᠪᠠᠢ ᠶᠠᠨ ᠰᠥᠩ ᠨᠠᠷ᠎ᠲᠠᠢ ᠠᠭᠤᠯᠵᠠᠵᠤ ᠂ ᠲᠡᠳᠡᠨ᠎ᠲᠠᠢ ᠠᠵᠤ ᠠᠬᠤᠢ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠵᠡᠷᠭᠡ ᠲᠠᠯ᠎ᠠ᠎ᠪᠠᠷ ᠭᠦᠨᠵᠡᠭᠡᠢ ᠶᠠᠷᠢᠯᠴᠠᠨ ᠰᠣᠯᠢᠯᠴᠠᠪᠠ ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠦᠦᠳᠠᠭᠤᠯᠠ ᠂ ᠢᠦᠢ ᠯᠢ ᠰᠢᠨ ᠠᠭᠤᠯᠵᠠᠯᠲᠠ᠎ᠳᠤ ᠣᠷᠣᠯᠴᠠᠵᠠᠢ ᠃