ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠰᠢᠨ᠎ᠡ ᠪᠠᠷᠭᠤ ᠵᠡᠭᠦᠨ ᠬᠣᠰᠢᠭᠤᠨ᠎ᠤ ᠬᠠᠨᠳᠠᠭ᠋ᠠᠢ ᠰᠤᠮᠤᠨ᠎ᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ
ᠨᠡᠶ᠋ᠢᠲᠡᠯᠡᠭᠰᠡᠨ ᠴᠠᠭ᠄ 2024-08-05

    8 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠤᠤ ᠴᠧᠩ ᠬᠥᠯᠥᠨ ᠪᠤᠢ᠌ᠷ ᠬᠤᠳᠠ ᠵᠢᠨ ᠰᠢᠨ᠎ᠡ ᠪᠠᠷᠭᠤ ᠵᠡᠭᠦᠨ ᠬᠣᠰᠢᠭᠤᠨ᠎ᠤ ᠬᠠᠨᠳᠠᠭ᠋ᠠᠢ ᠰᠤᠮᠤᠨ᠎ᠳᠤ ᠬᠦᠷᠴᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠪᠠ᠃ ᠲᠡᠷᠡ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠤᠬᠠᠭ᠋ᠠᠯᠠᠨ ᠲᠥᠯᠥᠪᠯᠡᠨ ᠬᠡᠷᠡᠭᠵᠢᠭᠦᠯᠵᠦ᠂ ᠣᠯᠠᠨ ᠲᠦᠮᠡᠨ᠎ᠢ ᠥᠭᠡᠷᠡᠴᠢᠯᠡᠯᠲᠡ ᠵᠢ ᠨᠠᠩ ᠢᠯᠡᠭᠦᠦ ᠣᠢ᠌ᠯᠠᠭ᠋ᠠᠨ ᠳᠡᠮᠵᠢᠬᠦ ᠪᠤᠯᠭ᠋ᠠᠵᠤ᠂ ᠤᠯᠠᠨ ᠲᠦᠮᠡᠨ᠎ᠳᠤ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠨᠠᠩ ᠰᠠᠢ᠌ᠲᠤᠷ ᠬᠠᠮᠲᠤ᠎ᠪᠠᠷ ᠡᠳ᠋ᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

新巴尔虎.jpg

 


    ᠬᠠᠨᠳᠠᠭ᠋ᠠᠢ ᠰᠤᠮᠤ ᠵᠢᠨ ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠰᠦᠨ ᠱᠤᠤ ᠴᠧᠩ ᠲᠤᠬᠠᠢ ᠵᠢᠨ ᠭᠠᠵᠠᠷ᠎ᠤᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠤ ᠲᠥᠯᠥᠭᠡᠯᠡᠭᠴᠢᠳ᠎ᠲᠠᠢ ᠬᠠᠮᠲᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠣᠯᠣᠯᠲᠠ ᠲᠥᠷᠥᠭᠳᠡᠯ ᠵᠶ᠋ᠡᠨ ᠰᠣᠯᠢᠯᠴᠠᠪᠠ᠃ ᠰᠢᠨ᠎ᠡ ᠪᠠᠷᠭᠤ ᠵᠡᠭᠦᠨ ᠬᠣᠰᠢᠭᠤᠨ᠎ᠤ ᠨᠠᠮ᠎ᠤᠨ ᠬᠣᠷᠢᠶᠠᠨ᠎ᠤ ᠱᠦᠵᠢ ᠸᠠᠩ ᠨᠠᠢ ᠪᠢᠨ᠂ ᠬᠠᠨᠳᠠᠭ᠋ᠠᠢ ᠰᠤᠮᠤ ᠵᠢᠨ ᠨᠠᠮ᠎ᠤᠨ ᠬᠣᠷᠢᠶᠠᠨ᠎ᠤ ᠱᠦᠵᠢ ᠦ᠋ ᠶᠦᠩ ᠵᠦ᠍᠂ ᠬᠠᠨᠳᠠᠭ᠋ᠠᠢ ᠭᠠᠴᠠᠭ᠋ᠠᠨ᠎ᠤ ᠨᠠᠮ᠎ᠤᠨ ᠡᠭᠦᠷ᠎ᠤᠨ ᠱᠦᠵᠢ ᠰᠦᠩ ᠾᠧ ᠫᠧᠩ᠂ ᠰᠢᠨ᠎ᠡ ᠪᠠᠷᠭᠤ ᠵᠡᠭᠦᠨ ᠬᠣᠰᠢᠭᠤᠨ᠎ᠤ ᠨᠠᠮ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠬᠠᠨᠳᠠᠭ᠋ᠠᠢ ᠭᠠᠴᠠᠭ᠋ᠠᠨ᠎ᠤ ᠮᠠᠯᠴᠢᠨ ᠵᠢᠶᠠ ᠴᠦᠨ ᠵᠢᠶᠧ᠂ ᠬᠠᠨᠳᠠᠭ᠋ᠠᠢ ᠭᠠᠴᠠᠭ᠋ᠠᠨ᠎ᠤ ᠨᠠᠮ᠎ᠤᠨ ᠭᠡᠰᠢᠭᠦᠨ ᠮᠠᠯᠴᠢᠨ ᠰᠦᠩ ᠰᠢᠶᠣᠣ ᠵᠢᠶᠦ᠋ᠨ ᠤᠷᠢᠳ ᠬᠣᠵᠢᠳ ᠦᠭᠡ ᠬᠡᠯᠡᠪᠡ᠃ ᠤᠯᠠᠨ ᠵᠶ᠋ᠠᠷ ᠵᠶ᠋ᠠᠨ ᠠᠳᠠᠯᠢ ᠪᠤᠰᠤ ᠬᠠᠷᠠᠭ᠋ᠠᠰᠤ᠎ᠠᠴᠠ ᠲᠠᠨᠢᠯᠲᠠ ᠪᠠ ᠲᠥᠷᠥᠭᠳᠡᠯ ᠵᠶ᠋ᠡᠨ ᠶᠠᠷᠢᠵᠤ᠂ ᠥᠭᠡᠷᠡᠴᠢᠯᠡᠯᠲᠡ ᠪᠠ ᠬᠥᠭᠵᠢᠯᠲᠡ ᠵᠢ ᠶᠠᠷᠢᠯᠴᠠᠵᠤ᠂ ᠰᠦᠨ ᠱᠤᠤ ᠴᠧᠩ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠨᠥᠬᠥᠳ᠎ᠲᠠᠢ ᠶᠠᠷᠢᠯᠴᠠᠨ ᠰᠣᠯᠢᠯᠴᠠᠨ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠢ᠌ᠯ᠎ᠠ᠃

    ᠣᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ ᠰᠦᠨ ᠱᠤᠤ ᠴᠧᠩ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠂ ᠭᠣᠣᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠡᠷᠭᠡ ᠵᠢᠨ ᠲᠣᠭᠣᠷᠢᠨ᠎ᠳᠤ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠳᠤ ᠲᠠᠢ᠌ᠯᠤᠮᠵᠢ ᠬᠢᠪᠡ᠃ ᠲᠡᠷᠡ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠲᠣᠭᠲᠠᠭ᠋ᠠᠭᠰᠠᠨ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠭᠦ ᠲᠠᠯ᠎ᠠ᠎ᠳᠤ ᠬᠣᠯᠪᠣᠭᠳᠠᠬᠤ ᠪᠥᠭᠡᠳ ᠦᠨᠳᠦᠰᠦᠨ ᠱᠠᠲᠤᠨ᠎ᠤ ᠠᠵᠢᠯ ᠪᠣᠯᠣᠨ ᠠᠷᠠᠳ ᠢᠷᠭᠡᠳ᠎ᠤᠨ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠣᠯᠪᠤᠭ᠎ᠠ᠎ᠲᠠᠢ ᠶᠤᠮ᠃ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠡᠩ ᠲᠡᠷᠢᠭᠦᠨ᠎ᠳᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢ᠌ᠯᠠᠭ᠋ᠠᠵᠤ᠂ ᠭᠦᠨᠵᠡᠭᠡᠢ ᠣᠢ᠌ᠯᠠᠭ᠋ᠠᠨ ᠡᠵᠡᠮᠰᠢᠵᠦ᠂ ᠥᠭᠡᠷᠡᠴᠢᠯᠡᠯᠲᠡ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ᠃ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠲᠡᠭᠦᠨ᠎ᠳᠤ ᠠᠭᠤᠯᠤᠭᠳᠠᠵᠤ ᠪᠠᠢ᠌ᠭ᠎ᠠ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠣᠨᠣᠯ᠎ᠢ ᠭᠦᠨᠵᠡᠭᠡᠢ ᠣᠢ᠌ᠯᠠᠭ᠋ᠠᠵᠤ᠂ ᠨᠡᠪᠲᠡᠷᠡᠲᠡᠯ᠎ᠡ ᠣᠢ᠌ᠯᠠᠭ᠋ᠠᠬᠤ ᠵᠢ ᠪᠡᠶᠡᠯᠡᠭᠦᠯᠵᠦ᠂ ᠲᠡᠭᠦᠨ᠎ᠤ ᠮᠥᠨ ᠴᠢᠨᠠᠷ᠎ᠢ ᠮᠡᠳᠡᠬᠦ᠎ᠪᠠᠷ ᠪᠠᠷᠠᠬᠤ ᠦᠭᠡᠢ ᠨᠡᠩ ᠴᠤ᠌ ᠤᠴᠢᠷ ᠰᠢᠯᠲᠠᠭ᠋ᠠᠨ᠎ᠢ᠎ᠨᠢ ᠮᠡᠳᠡᠬᠦ ᠬᠡᠷᠡᠭᠲᠡᠢ ᠭᠡᠵᠡᠢ᠃

    ᠰᠦᠨ ᠱᠤᠤ ᠴᠧᠩ᠂ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ᠎ᠳᠠᠭᠠᠨ ᠬᠣᠭᠣᠰᠤᠨ ᠤᠷᠢᠶ᠎ᠠ ᠬᠠᠰᠬᠢᠷᠴᠤ ᠪᠤᠯᠬᠤ ᠦᠭᠡᠢ᠂ ᠰᠢᠨ᠎ᠡ ᠴᠠᠭ ᠦᠶ᠎ᠡ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠭᠡᠳ ᠣᠯᠣᠭᠰᠠᠨ ᠴᠢᠬᠤᠯᠠ ᠶᠡᠬᠡ ᠦᠷ᠎ᠡ ᠪᠦᠲᠦᠭᠡᠯ᠎ᠢ ᠤᠬᠠᠭᠤᠯᠬᠤ᠎ᠲᠠᠢ ᠤᠶᠠᠯᠳᠤᠭᠤᠯᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠢᠡᠨ ᠳᠠᠭ᠋ᠠᠬᠤ》 ᠣᠯᠠᠨ ᠲᠦᠮᠡᠨᠴᠢ ᠬᠥᠮᠦᠵᠢᠯ᠎ᠲᠠᠢ ᠤᠶᠠᠯᠳᠤᠭᠤᠯᠵᠤ᠂ ᠳᠥᠭᠦᠮ ᠣᠢ᠌ᠯᠠᠭ᠋ᠠᠮᠵᠢᠲᠠᠢ ᠦᠭᠡ ᠪᠠ ᠠᠷᠠᠳ ᠣᠯᠠᠨ᠎ᠤ ᠮᠡᠳᠡᠵᠦ ᠳᠡᠢ᠌ᠯᠭᠦ ᠶᠠᠪᠤᠳᠠᠯ ᠵᠶ᠋ᠠᠷ ᠶᠣᠰᠣ ᠤᠴᠢᠷ᠎ᠢ ᠲᠣᠳᠣᠷᠬᠠᠢ ᠶᠠᠷᠢᠵᠤ᠂ ᠥᠨᠥᠳᠥᠷ᠎ᠤᠨ ᠵᠣᠯ ᠵᠢᠷᠭ᠋ᠠᠯᠲᠤ ᠠᠮᠢᠳᠤᠷᠠᠯ ᠬᠠᠮᠢᠭ᠎ᠠ᠎ᠠᠴᠠ ᠢᠷᠡᠭᠰᠡᠨ᠂ ᠶᠠᠭ᠋ᠠᠬᠢᠭ᠋ᠠᠳ ᠡᠢ᠌ᠮᠦ ᠶᠡᠬᠡ ᠬᠤᠪᠢᠷᠠᠯᠲᠠ᠎ᠲᠠᠢ ᠪᠣᠯᠤᠭᠰᠠᠨ᠂ ᠬᠣᠢ᠌ᠰᠢᠳᠠ ᠥᠭᠡᠷᠡᠴᠢᠯᠡᠯᠲᠡ ᠵᠢ ᠬᠡᠷᠬᠢᠨ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠭᠡᠳᠡᠭ᠎ᠢ ᠤᠯᠠᠨ᠎ᠳᠤ ᠦᠨᠡᠨ ᠬᠦ᠌ ᠮᠡᠳᠡᠭᠦᠯᠵᠦ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠠᠩ ᠭᠦᠨᠵᠡᠭᠡᠢ ᠣᠢ᠌ᠯᠠᠭ᠋ᠠᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠨᠠᠩ ᠡᠷᠡᠰ ᠪᠠᠲᠤ ᠤᠬᠠᠮᠰᠠᠷ᠎ᠠᠴᠠ᠎ᠪᠠᠨ ᠪᠡᠶᠡᠯᠡᠭᠦᠯᠬᠦ ᠬᠡᠷᠡᠭᠲᠡᠢ ᠭᠡᠵᠡᠢ᠃

    ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠠᠴᠠ ᠭᠠᠴᠠᠭ᠎ᠠ ᠲᠣᠰᠬᠣᠨ ᠬᠦᠷᠲᠡᠯᠡᠬᠢ ᠡᠯ᠎ᠡ ᠱᠠᠲᠤ ᠳᠠᠪᠬᠤᠷᠭ᠎ᠠ ᠵᠢᠨ ᠡᠭᠦᠷᠭᠡ ᠬᠠᠷᠢᠭᠤᠴᠠᠯᠭ᠎ᠠ ᠠᠳᠠᠯᠢ ᠪᠤᠰᠤ᠂ ᠡᠯ᠎ᠡ ᠭᠠᠵᠠᠷ ᠣᠷᠣᠨ᠎ᠤ ᠪᠠᠢ᠌ᠳᠠᠯ ᠴᠤ᠌ ᠪᠦᠷᠢᠮᠦᠰᠦᠨ ᠠᠳᠠᠯᠢ ᠪᠢᠰᠢ᠂ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠵᠠᠪᠠᠯ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ᠂ ᠲᠣᠪᠣᠢ᠌ᠮ᠎ᠠ ᠠᠰᠠᠭᠤᠳᠠᠯ᠎ᠤᠨ ᠲᠣᠭᠣᠷᠢᠨ᠎ᠳᠤ ᠥᠭᠡᠷᠡᠴᠢᠯᠡᠯᠲᠡ ᠵᠢᠨ ᠬᠦᠴᠦᠯᠡᠬᠦ ᠴᠡᠭ᠎ᠢ ᠣᠨᠣᠪᠴᠢᠲᠠᠢ ᠣᠯᠵᠤ᠂ ᠳᠡᠭᠡᠷ᠎ᠡ᠎ᠠᠴᠠ ᠳᠣᠷᠣᠭᠰᠢ᠎ᠪᠠᠨ ᠡᠭᠡᠭᠡ ᠠᠳᠠᠯᠢ᠂ ᠵᠡᠭᠦᠨ᠎ᠠᠴᠠ ᠪᠠᠷᠠᠭᠤᠨᠰᠢ ᠡᠭᠡᠭᠡ ᠠᠳᠠᠯᠢ ᠪᠠᠢ᠌ᠬᠤ ᠵᠢ ᠡᠷᠡᠰ ᠴᠡᠭᠡᠷᠯᠡᠬᠦ ᠬᠡᠷᠡᠭᠲᠡᠢ᠃ ᠦᠨᠳᠦᠰᠦᠨ ᠱᠠᠲᠤᠨ᠎ᠳᠤ ᠠᠪᠴᠤ ᠬᠡᠯᠡᠪᠡᠯ ᠣᠯᠠᠨ ᠲᠦᠮᠡᠨ᠎ᠢ ᠬᠡᠷᠬᠢᠨ ᠬᠥᠲᠥᠯᠥᠨ ᠵᠢᠯᠤᠭᠣᠳᠴᠤ ᠤᠬᠠᠮᠰᠠᠷ᠎ᠠᠴᠠ᠎ᠪᠠᠨ ᠨᠤᠲᠤᠭ ᠪᠡᠯᠴᠢᠭᠡᠷ᠎ᠢ ᠬᠠᠢ᠌ᠷᠠᠯᠠᠨ ᠬᠠᠮᠠᠭ᠋ᠠᠯᠠᠵᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠡᠯᠴᠢᠭᠡᠷ᠎ᠢ ᠠᠮᠠᠷᠠᠭᠤᠯᠬᠤ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠬᠠᠰᠢᠶᠠᠯᠠᠨ ᠲᠡᠵᠢᠭᠡᠵᠦ ᠬᠣᠷᠢᠵᠤ ᠲᠡᠵᠢᠭᠡᠬᠦ ᠵᠢ ᠢᠳᠡᠪᠬᠢᠲᠡᠢ ᠬᠥᠭᠵᠢᠭᠦᠯᠵᠦ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠵᠤ ᠨᠤᠲᠤᠭ ᠪᠡᠯᠴᠢᠭᠡᠷ ᠮᠠᠭᠤᠳᠠᠬᠤ᠎ᠠᠴᠠ ᠵᠠᠢ᠌ᠯᠠᠰᠬᠢᠬᠦ ᠪᠤᠶ; ᠬᠡᠷᠬᠢᠨ ᠬᠢᠯᠢ ᠬᠢᠵᠠᠭ᠋ᠠᠷ ᠣᠷᠣᠨ᠎ᠤ ᠬᠥᠮᠥᠰ᠎ᠢ ᠦᠯᠡᠳᠡᠭᠡᠵᠦ᠂ ᠨᠠᠩ ᠣᠯᠠᠨ ᠬᠥᠮᠥᠰ᠎ᠢ ᠬᠢᠯᠢ ᠬᠢᠵᠠᠭ᠋ᠠᠷ ᠣᠷᠣᠨ᠎ᠳᠤ ᠣᠴᠢᠭᠤᠯᠵᠤ ᠠᠵᠢᠯ ᠣᠯᠭᠣᠨ ᠦᠢ᠍ᠯᠡᠰ ᠪᠣᠰᠬᠠᠬᠤ ᠵᠢ ᠪᠡᠶᠡᠯᠡᠭᠦᠯᠵᠦ᠂ ᠬᠢᠯᠢ ᠵᠢ ᠰᠠᠬᠢᠵᠤ ᠬᠢᠯᠢ ᠵᠢ ᠬᠠᠮᠠᠭ᠋ᠠᠯᠠᠬᠤ ᠬᠥᠮᠥᠨ ᠦᠭᠡᠢ ᠪᠤᠯᠬᠤ᠎ᠠᠴᠠ ᠵᠠᠢ᠌ᠯᠠᠰᠬᠢᠬᠦ ᠪᠤᠶ; ᠬᠡᠷᠬᠢᠨ ᠣᠯᠠᠨ ᠲᠦᠮᠡᠨ᠎ᠤ ᠡᠪᠡᠳᠴᠢᠨ ᠦᠵᠡᠭᠦᠯᠭᠦ ᠵᠢ ᠨᠠᠩ ᠳᠥᠭᠦᠮ ᠪᠤᠯᠭ᠋ᠠᠬᠤ ᠪᠤᠢ; ᠬᠡᠷᠬᠢᠨ ᠪᠣᠯᠬᠢ ᠳᠠᠳᠬᠠᠯ᠎ᠢ ᠥᠭᠡᠷᠡᠴᠢᠯᠡᠵᠦ ᠪᠣᠯᠪᠠᠰᠤᠨ ᠬᠡᠪ ᠰᠤᠷᠲᠠᠯ᠎ᠢ ᠪᠤᠢ ᠪᠤᠯᠭ᠋ᠠᠬᠤ ᠵᠢ ᠠᠬᠢᠭᠤᠯᠬᠤ ᠪᠤᠶ; ᠬᠡᠷᠬᠢᠨ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠨ ᠰᠠᠢ᠌ᠵᠢᠷᠠᠭᠤᠯᠵᠤ᠂ ᠤᠯᠠᠨ᠎ᠤ ᠡᠵᠡᠨ ᠬᠥᠮᠥᠨ᠎ᠤ ᠤᠬᠠᠮᠰᠠᠷ᠂ ᠬᠠᠮᠲᠤ ᠵᠢᠨ ᠤᠬᠠᠮᠰᠠᠷ᠎ᠢ ᠳᠡᠭᠡᠭᠰᠢᠯᠡᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠲᠤᠰᠠᠯᠠᠯᠴᠠᠵᠤ᠂ ᠰᠠᠢ᠌ᠨ ᠰᠠᠢ᠌ᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠢ᠌ᠭᠤᠯᠬᠤ ᠭᠡᠬᠦ ᠮᠡᠲᠦ ᠪᠤᠢ᠃ ᠡᠳᠡᠭᠡᠷ ᠪᠣᠯ ᠴᠥᠮ ᠥᠭᠡᠷᠡᠴᠢᠯᠡᠯᠲᠡ᠎ᠪᠠᠷ ᠳᠠᠮᠵᠢᠭᠤᠯᠤᠨ ᠰᠢᠢ᠍ᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠮᠥᠨ᠂ ᠪᠢᠳᠡ ᠥᠭᠡᠷᠡᠴᠢᠯᠡᠯᠲᠡ ᠵᠢ ᠠᠳᠬᠤᠬᠤ᠂ ᠪᠡᠷᠬᠡ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠤᠯᠠᠨ ᠲᠦᠮᠡᠨ᠎ᠤ ᠬᠦᠷᠢᠶᠡᠯᠡᠯ᠎ᠢ ᠣᠯᠣᠭᠰᠠᠨ᠂ ᠤᠯᠠᠨ ᠲᠦᠮᠡᠨ᠎ᠳᠤ ᠬᠠᠨᠤᠮᠵᠢᠲᠠᠢ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠦᠨᠡᠨ ᠪᠣᠳᠠᠲᠠᠢ ᠬᠢᠵᠦ ᠪᠦᠲᠦᠭᠡᠵᠦ᠂ ᠤᠯᠠᠨ ᠲᠦᠮᠡᠨ᠎ᠤ ᠠᠮᠢᠳᠤᠷᠠᠯ᠎ᠢ ᠤᠯᠠᠮ᠎ᠠᠴᠠ ᠤᠯᠠᠮ ᠰᠠᠢ᠌ᠨ ᠪᠤᠯᠭ᠋ᠠᠵᠤ᠂ ᠦᠨᠳᠦᠰᠦᠨ ᠱᠠᠲᠤᠨ᠎ᠤ ᠨᠡᠢ᠌ᠭᠡᠮ᠎ᠢ ᠨᠡᠩ ᠡᠶ᠎ᠡ ᠵᠣᠬᠢᠴᠠᠩᠭᠤᠢ ᠡᠮᠬᠢ ᠵᠢᠷᠤᠮ᠎ᠲᠠᠢ ᠪᠤᠯᠭ᠋ᠠᠬᠤ ᠬᠡᠷᠡᠭᠲᠡᠢ ᠭᠡᠵᠡᠢ᠃

    ᠤᠬᠠᠭᠤᠯᠤᠨ ᠲᠠᠢ᠌ᠯᠪᠤᠷᠢᠯᠠᠯᠲᠠ ᠲᠡᠭᠦᠰᠬᠦ ᠦᠶ᠎ᠡ᠎ᠳᠤ ᠰᠦᠨ ᠱᠤᠤ ᠴᠧᠩ ᠤᠯᠠᠨ᠎ᠠᠴᠠ ᠤᠳᠤ ᠭᠠᠴᠠᠭ᠎ᠠ᠎ᠳᠤ ᠪᠠᠰᠠ ᠶᠠᠮᠠᠷ ᠶᠠᠮᠠᠷ ᠬᠦᠴᠢᠷᠳᠡᠯ ᠪᠠᠢ᠌ᠬᠤ᠂ ᠶᠠᠮᠠᠷ ᠠᠵᠢᠯ᠎ᠢ ᠥᠷᠨᠢᠭᠦᠯᠬᠦ᠎ᠳᠤ ᠬᠠᠮᠤᠭ᠎ᠤᠨ ᠬᠦᠴᠢᠷ ᠪᠠᠢ᠌ᠬᠤ ᠲᠤᠬᠠᠢ ᠬᠠᠯᠠᠮᠵᠢᠯᠠᠨ ᠠᠰᠠᠭᠤᠵᠤ᠂ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ᠎ᠢ ᠠᠰᠠᠭᠤᠳᠠᠯ᠎ᠢ ᠢᠯᠡᠷᠡᠭᠦᠯᠬᠦ᠎ᠳᠡᠭᠡᠨ ᠰᠡᠷᠭᠡᠭ ᠪᠠᠢ᠌ᠵᠤ᠂ ᠵᠣᠷᠢᠭᠲᠠᠢ᠎ᠪᠠᠷ ᠠᠰᠠᠭᠤᠳᠠᠯ᠎ᠢ ᠳᠡᠭᠡᠭᠰᠢ᠎ᠪᠠᠨ ᠲᠤᠰᠬᠠᠵᠤ᠂ ᠲᠠᠷᠢᠬᠢ᠎ᠪᠠᠨ ᠬᠥᠳᠡᠯᠭᠡᠨ ᠠᠰᠠᠭᠤᠳᠠᠯ᠎ᠢ ᠰᠢᠢ᠍ᠳᠪᠦᠷᠢᠯᠡᠵᠦ᠂ ᠦᠨᠡᠨᠬᠦ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠪᠠᠷ ᠠᠵᠢᠯ ᠵᠶ᠋ᠠᠨ ᠰᠠᠢ᠌ᠲᠤᠷ ᠬᠢᠵᠦ᠂ ᠨᠤᠲᠤᠭ ᠣᠷᠣᠨ᠎ᠤ ᠠᠷᠠᠳ ᠤᠯᠠᠨ᠎ᠳᠠᠭᠠᠨ ᠪᠤᠶᠠᠨ ᠦᠢ᠍ᠯᠡᠳᠬᠦ ᠬᠡᠷᠡᠭᠲᠡᠢ ᠭᠡᠵᠦ ᠵᠣᠷᠢᠭᠵᠢᠭᠤᠯᠪᠠ᠃

    ᠢᠦᠢ ᠯᠢ ᠰᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map