ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠴᠢ ᠠᠨ ᠰᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠴᠢ ᠰᠢᠶᠠᠩ ᠳ᠋ᠦᠩ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-09-20

    9 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠴᠢ ᠰᠢᠶᠠᠩ ᠳ᠋ᠦᠩ᠎ᠲᠠᠢ ᠠᠭᠤᠯᠵᠠᠪᠠ᠃

孙绍骋会见齐向东.jpg


 

    ᠰᠦᠨ ᠱᠤᠤ ᠴᠧᠩ  ᠴᠢ ᠰᠢᠶᠠᠩ ᠳ᠋ᠦᠩ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠨᠠᠢ᠍ᠮᠠᠨ ᠶᠡᠬᠡ ᠪᠣᠳᠣᠯᠲᠠ ᠵᠢᠨ ᠬᠦᠴᠦᠨ᠎ᠤ ᠲᠣᠣᠷ ᠰᠦᠯᠵᠢᠶ᠎ᠡ ᠵᠢᠨ ᠭᠣᠣᠯ ᠵᠠᠩᠭᠢᠯᠠᠭ᠎ᠠ ᠵᠢᠨ ᠴᠡᠭ᠎ᠤᠨ ᠨᠢᠭᠡ ᠮᠥᠨ᠂ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠪᠣᠯ ᠪᠣᠳᠠᠲᠤ ᠬᠦᠴᠦᠨ ᠵᠶ᠋ᠡᠷ ᠴᠢᠩᠭ᠎ᠠ ᠰᠦᠯᠵᠢᠶᠡᠨ᠎ᠤ ᠠᠮᠤᠷ ᠲᠦᠪᠰᠢᠨᠳᠤ ᠠᠵᠤ ᠠᠬᠤᠢ᠌ᠯᠠᠯ ᠮᠥᠨ᠂ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠳᠠᠯᠳᠠ ᠬᠦᠴᠦᠨ ᠯᠤᠲᠤ ᠶᠡᠬᠡ ᠪᠠᠢ᠌ᠨ᠎ᠠ᠃ ᠬᠣᠶᠠᠷ ᠲᠠᠯ᠎ᠠ᠎ᠪᠠᠷ ᠵᠶ᠋ᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠲᠤᠷᠠᠯᠴᠠᠭ᠋ᠠᠨ᠎ᠤ ᠲᠣᠭᠲᠠᠴᠠ ᠵᠢ ᠲᠦᠷᠭᠡᠳᠬᠡᠨ ᠪᠠᠢ᠌ᠭᠤᠯᠵᠤ᠂ ᠬᠠᠮᠲᠤᠷᠠᠯᠴᠠᠭ᠋ᠠᠨ᠎ᠤ ᠭᠠᠷᠳᠠᠬᠤ ᠴᠡᠭ ᠵᠶ᠋ᠡᠨ ᠣᠨᠣᠪᠴᠢᠲᠠᠢ ᠡᠷᠢᠵᠦ ᠣᠯᠵᠤ᠂ ᠪᠣᠳᠠᠲᠠᠢ ᠬᠠᠮᠲᠤᠷᠠᠯᠴᠠᠭ᠋ᠠᠨ᠎ᠤ ᠵᠦᠢ᠍ᠯᠡᠰ ᠵᠶ᠋ᠠᠨ ᠲᠣᠳᠣᠷᠬᠠᠢ᠌ᠯᠠᠵᠤ᠂ ᠱᠠᠯᠠᠪᠳᠠᠨ ᠬᠥᠳᠡᠯᠦᠯᠴᠡᠵᠦ᠂ ᠲᠦᠷᠭᠡᠨ ᠠᠵᠢᠯᠯᠠᠵᠤ᠂ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠲᠦᠷᠭᠡᠨ ᠪᠦᠷᠢᠯᠳᠦᠭᠦᠯᠬᠦ ᠵᠢ ᠬᠦᠰᠡᠵᠦ ᠪᠠᠢ᠌ᠨ᠎ᠠ᠃ ᠠᠵᠤ ᠠᠬᠤᠢ᠌ᠯᠠᠯ᠎ᠤᠨ ᠳᠤᠷᠠᠳᠤᠭᠰᠠᠨ ᠬᠠᠮᠲᠤᠷᠠᠯᠴᠠᠬᠤ ᠰᠠᠨᠠᠮᠵᠢ ᠵᠢ ᠬᠣᠯᠪᠣᠭᠳᠠᠯ ᠪᠦᠬᠦᠢ ᠲᠠᠯ᠎ᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠬᠢᠨᠠᠮᠠᠭ᠋ᠠᠢ ᠰᠤᠳᠤᠯᠬᠤ ᠵᠢᠨ ᠬᠠᠮᠲᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠮᠥᠷᠳᠡᠨ ᠰᠠᠢ᠌ᠲᠤᠷ ᠬᠢᠬᠦ ᠬᠡᠷᠡᠭᠲᠡᠢ ᠭᠡᠪᠡ᠃

    ᠴᠢ ᠰᠢᠶᠠᠩ ᠳ᠋ᠦᠩ ᠴᠢ ᠠᠨ ᠰᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠦᠯᠦᠭᠯᠡᠯ᠎ᠤᠨ ᠦᠨᠳᠦᠰᠦᠨ ᠪᠠᠢ᠌ᠳᠠᠯ ᠵᠢᠴᠢ ᠥᠪᠥᠷ ᠮᠣᠩᠭᠣᠯ᠎ᠳᠠᠬᠢ ᠠᠵᠤ ᠦᠢ᠍ᠯᠡᠰ᠎ᠤᠨ ᠪᠠᠢ᠌ᠷᠢᠰᠢᠯ ᠵᠶ᠋ᠡᠨ ᠲᠣᠪᠴᠢ ᠲᠠᠨᠢᠯᠴᠠᠭᠤᠯᠪᠠ᠃ ᠲᠡᠷᠡ᠂ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ᠎ᠬᠢᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠂ ᠲᠠᠷᠠᠭ᠋ᠠᠴᠢ ᠵᠢᠨ ᠠᠯᠬᠤᠮ᠎ᠳᠤ ᠪᠣᠳᠣᠯᠲᠠ ᠵᠢᠨ ᠬᠦᠴᠦᠨ᠎ᠤ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠂ ᠳ᠋ᠠᠢ᠌ᠲ᠋ᠠ ᠵᠢᠨ ᠠᠮᠤᠷ ᠲᠦᠪᠰᠢᠨ᠂ ᠲᠣᠮᠣ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ ᠵᠡᠷᠭᠡ ᠬᠦᠷᠢᠶᠡᠨ᠎ᠳᠠᠬᠢ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠥᠪᠥᠷ ᠮᠣᠩᠭᠣᠯ᠎ᠯᠤᠭ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠪᠥᠷ ᠮᠣᠩᠭᠣᠯ᠎ᠤᠨ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ ᠭᠡᠪᠡ᠃

    ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map