ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠣᠶ ᠰᠢᠭᠤᠢ ᠨᠤᠲᠤᠭ ᠪᠡᠯᠴᠢᠭᠡᠷ᠎ᠤᠨ ᠠᠵᠢᠯ᠎ᠤᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-01-02


      12 ᠰᠠᠷ᠎ᠠ ᠵᠢᠨ 31᠎ᠤ  ᠡᠳᠦᠷ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠂ 《ᠤᠮᠠᠷᠠᠲᠤ ᠵᠢᠨ  ᠭᠤᠷᠪᠠᠨ ᠣᠷᠣᠨ 》᠎ᠤ  ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠵᠢᠨ ᠲᠣᠭᠣᠷᠢᠨ᠎ᠳᠤ ᠪᠠᠢ᠌ᠴᠠᠭ᠋ᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ ᠃


1.jpg

      12 ᠰᠠᠷ᠎ᠠ ᠵᠢᠨ 31᠎ᠤ  ᠡᠳᠦᠷ ᠂  ᠥᠪᠡᠷᠲᠡᠭᠡᠨ ᠵᠠᠰᠠᠬᠤ ᠣᠷᠣᠨ᠎ᠤ  ᠨᠠᠮ᠎ᠤᠨ  ᠬᠣᠷᠢᠶ᠎ᠠ ᠵᠢᠨ  ᠱᠦᠵᠢ ᠰᠦᠨ ᠱᠤᠤ ᠴᠧᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ  ᠬᠦᠷᠢᠶᠡᠯᠡᠩ᠎ᠤᠨ ᠡᠯᠡᠰᠦᠷᠬᠡᠭ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠪᠣᠢ᠌ᠵᠢᠭᠤᠯᠬᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠬᠦᠷᠴᠦ ᠂  ᠡᠯᠡᠰᠦᠷᠬᠡᠭᠵᠢᠯ᠎ᠢ  ᠰᠡᠷᠭᠡᠢ᠌ᠯᠡᠨ ᠡᠯᠡᠰᠦ ᠵᠢ ᠵᠠᠰᠠᠬᠤ ᠮᠡᠷᠭᠡᠵᠢᠯ᠎ᠤᠨ ᠰᠤᠳᠤᠯᠭ᠋ᠠᠨ ᠂  ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠂  ᠤᠢ ᠰᠢᠭᠤᠢ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠰᠤᠳᠤᠯᠭ᠋ᠠᠨ ᠵᠢᠴᠢ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠵᠤ ᠂  ᠵᠠᠷᠢᠮ ᠬᠠᠯᠠᠮᠵᠢᠯᠠᠨ ᠠᠩᠬᠠᠷᠴᠤ ᠪᠠᠢ᠌ᠭ᠎ᠠ ᠶᠠᠪᠤᠳᠠᠯ᠎ᠤᠨ  ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠠᠢ ᠭᠦᠨᠵᠡᠭᠡᠢ ᠰᠣᠯᠢᠯᠴᠠᠪᠠ ᠃  

       ᠰᠤᠷᠪᠤᠯᠵᠢᠯᠠᠬ᠍ᠴᠢ    ᠮᠠ ᠵᠢᠶᠠᠨ ᠪᠢᠩ    ᠰᠡᠭᠦᠳᠡᠷᠯᠡᠪᠡ


2.jpg

       ᠰᠦᠨ ᠱᠤᠤ ᠴᠧᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ  ᠬᠦᠷᠢᠶᠡᠯᠡᠩ᠎ᠤᠨ ᠡᠯᠡᠰᠦᠷᠬᠡᠭ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠪᠣᠢ᠌ᠵᠢᠭᠤᠯᠬᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠬᠦᠷᠴᠦ ᠂  ᠡᠯᠡᠰᠦᠷᠬᠡᠭᠵᠢᠯ᠎ᠢ  ᠰᠡᠷᠭᠡᠢ᠌ᠯᠡᠨ ᠡᠯᠡᠰᠦ ᠵᠢ ᠵᠠᠰᠠᠬᠤ ᠮᠡᠷᠭᠡᠵᠢᠯ᠎ᠤᠨ ᠰᠤᠳᠤᠯᠭ᠋ᠠᠨ ᠂  ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ ᠂  ᠤᠢ ᠰᠢᠭᠤᠢ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠰᠤᠳᠤᠯᠭ᠋ᠠᠨ ᠵᠢᠴᠢ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠵᠤ ᠂  ᠵᠠᠷᠢᠮ ᠬᠠᠯᠠᠮᠵᠢᠯᠠᠨ ᠠᠩᠬᠠᠷᠴᠤ ᠪᠠᠢ᠌ᠭ᠎ᠠ ᠶᠠᠪᠤᠳᠠᠯ᠎ᠤᠨ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠠᠢ ᠭᠦᠨᠵᠡᠭᠡᠢ ᠰᠣᠯᠢᠯᠴᠠᠪᠠ ᠃

      12 ᠰᠠᠷ᠎ᠠ ᠵᠢᠨ 31᠎ᠤ  ᠡᠳᠦᠷ ᠂  ᠥᠪᠡᠷᠲᠡᠭᠡᠨ ᠵᠠᠰᠠᠬᠤ ᠣᠷᠣᠨ᠎ᠤ  ᠨᠠᠮ᠎ᠤᠨ  ᠬᠣᠷᠢᠶ᠎ᠠ ᠵᠢᠨ  ᠱᠦᠵᠢ ᠰᠦᠨ ᠱᠤᠤ ᠴᠧᠩ  ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠬᠦᠷᠴᠦ ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ  ᠰᠣᠨᠣᠰᠪᠠ ᠃

       ᠰᠤᠷᠪᠤᠯᠵᠢᠯᠠᠬ᠍ᠴᠢ    ᠮᠠ ᠵᠢᠶᠠᠨ ᠪᠢᠩ    ᠰᠡᠭᠦᠳᠡᠷᠯᠡᠪᠡ



       ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠂  ᠰᠦᠨ ᠱᠤᠤ ᠴᠧᠩ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠲᠣᠭᠲᠠᠭ᠋ᠠᠭᠰᠠᠨ 《ᠨᠢᠭᠡ ᠭᠣᠣᠯ ᠰᠢᠵᠢᠮ 》᠂ 《ᠬᠣᠶᠠᠷ ᠶᠡᠬᠡ ᠶᠠᠪᠤᠳᠠᠯ 》᠂ 《ᠲᠠᠪᠤᠨ ᠶᠡᠬᠡ ᠡᠭᠦᠷᠭᠡ 》᠂ 《ᠵᠢᠷᠭᠤᠭ᠋ᠠᠨ ᠢᠨᠵᠧᠨᠧᠷᠢᠩ 》᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠳᠤᠷᠠᠳᠤᠭᠰᠠᠨ 《ᠵᠢᠷᠭᠤᠭ᠋ᠠᠨ ᠠᠵᠢᠯᠯᠠᠭ᠎ᠠ 》  ᠵᠡᠷᠭᠡ᠎ᠨᠢ ᠴᠥᠮ ᠶᠡᠷᠦᠩᠬᠡᠢ ᠱᠦᠵᠢ  ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠲᠣᠬᠢᠷᠠᠭᠤᠯᠤᠯᠲᠠ ᠪᠠᠢ᠌ᠷᠢᠯᠠᠭᠤᠯᠤᠯᠲᠠ ᠪᠣᠯᠣᠨ᠎ᠠ ᠂  ᠪᠢᠳᠡ ᠡᠷᠬᠡᠪᠰᠢ ᠠᠵᠢᠯ ᠵᠶ᠋ᠠᠨ ᠲᠡᠷᠢᠭᠦᠨ᠎ᠳᠤ ᠲᠠᠯᠪᠢᠵᠤ ᠂  ᠴᠤᠴᠠᠯᠲᠠ ᠦᠭᠡᠢ ᠠᠳᠬᠤᠵᠤ ᠂  ᠰᠡᠳᠬᠢᠴᠡ᠎ᠪᠠᠨ ᠪᠣᠳᠠᠲᠤ ᠠᠵᠢᠯᠯᠠᠭ᠎ᠠ ᠪᠠ ᠠᠵᠢᠯ᠎ᠤᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠬᠡᠯᠡᠪᠡ ᠃

       ᠰᠦᠨ ᠱᠤᠤ ᠴᠧᠩ ᠂ 《ᠵᠢᠷᠭᠤᠭ᠋ᠠᠨ ᠠᠵᠢᠯᠯᠠᠭ᠎ᠠ 》 ᠎ᠨᠢ ᠰᠢᠰᠲ᠋ᠧᠮ ᠨᠢᠭᠡ ᠪᠦᠷᠢ ᠂  ᠠᠵᠢᠯ ᠳᠦᠷᠦᠯ ᠨᠢᠭᠡ ᠪᠦᠷᠢ᠎ᠲᠠᠢ ᠨᠢᠭᠲᠠ ᠬᠣᠯᠪᠤᠭ᠎ᠠ᠎ᠲᠠᠢ ᠶᠤᠮ ᠂  ᠡᠯ᠎ᠡ ᠰᠠᠯᠠᠭ᠎ᠠ ᠮᠥᠴᠢᠷ ᠡᠯ᠎ᠡ ᠰᠢᠰᠲ᠋ᠧᠮ ᠡᠯ᠎ᠡ ᠨᠢᠭᠡᠴᠢ ᠵᠢᠨ᠎ᠬᠢᠨ ᠳᠦᠷᠦᠯ ᠵᠦᠢ᠍ᠯ᠎ᠢ ᠵᠢᠷᠤᠵᠤ ᠲᠥᠯᠥᠪᠯᠡᠬᠦ ᠂  ᠠᠵᠢᠯ ᠪᠠᠢ᠌ᠷᠢᠯᠠᠭᠤᠯᠬᠤ᠎ᠳᠠᠭᠠᠨ ᠪᠦᠷ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠡᠭᠦᠷᠭᠡᠯᠡᠵᠦ ᠂  ᠪᠤᠰᠤᠳ ᠰᠠᠯᠠᠭ᠎ᠠ ᠮᠥᠴᠢᠷ᠎ᠯᠦᠭᠡ ᠢᠳᠡᠪᠬᠢᠲᠡᠢ ᠬᠠᠮᠵᠢᠯᠴᠠᠨ ᠠᠵᠢᠯ ᠵᠶ᠋ᠠᠨ ᠰᠠᠢ᠌ᠲᠤᠷ ᠬᠢᠵᠦ ᠂ 《ᠵᠢᠷᠭᠤᠭ᠋ᠠᠨ ᠠᠵᠢᠯᠯᠠᠭ᠎ᠠ 》 ᠵᠢ  ᠨᠠᠢ᠌ᠳᠠᠪᠤᠷᠢᠵᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠃  ᠵᠠᠬ᠎ᠠ ᠳᠡᠯᠭᠡᠭᠦᠷ᠎ᠤᠨ ᠤᠬᠠᠮᠰᠠᠷ ᠵᠶ᠋ᠠᠨ ᠴᠢᠩᠭ᠋ᠠᠳᠬᠠᠵᠤ ᠂  ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ᠎ᠤ  ᠬᠠᠷᠢᠴᠠᠭ᠎ᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ 《ᠵᠢᠷᠭᠤᠭ᠋ᠠᠨ ᠠᠵᠢᠯᠯᠠᠭ᠎ᠠ 》 ᠵᠢ  ᠬᠡᠷᠡᠭᠵᠢᠭᠦᠯᠬᠦ ᠶᠠᠪᠤᠴᠠ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠬᠡᠷᠡᠭᠵᠢᠭᠦᠯᠵᠦ ᠲᠠᠢ᠌ᠯᠭᠦ ᠵᠢ ᠎ᠨᠢ ᠵᠠᠪᠠᠯ ᠭᠦᠢ᠍ᠴᠡᠳ ᠬᠡᠷᠡᠭᠯᠡᠵᠦ ᠂  ᠡᠯ᠎ᠡ ᠵᠦᠢ᠍ᠯ᠎ᠤᠨ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ ᠃

       ᠰᠦᠨ ᠱᠤᠤ ᠴᠧᠩ ᠂  ᠡᠨᠡ ᠵᠢᠯ ᠮᠠᠨ᠎ᠤ ᠣᠷᠣᠨ᠎ᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ  ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ ᠂  ᠪᠦᠭᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠠᠵᠢᠯ᠎ᠢ ᠭᠦᠢ᠍ᠴᠡᠳ ᠨᠤᠲᠠᠯᠠᠭᠤᠰᠢᠲᠠᠢ ᠶᠤᠮ ᠭᠡᠪᠡ ᠃  ᠲᠡᠷᠡ ᠡᠯ᠎ᠡ ᠱᠠᠲᠤᠨ᠎ᠤ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ᠎ᠬᠢᠨ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ ᠂ 《ᠤᠮᠠᠷᠠᠲᠤ ᠵᠢᠨ  ᠭᠤᠷᠪᠠᠨ ᠣᠷᠣᠨ 》᠎ᠤ  ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ ᠃  ᠨᠢᠭᠡᠨᠲᠡ ᠪᠠᠢ᠌ᠭᠤᠯᠤᠭᠰᠠᠨ ᠲᠥᠷᠥᠯ ᠵᠦᠢ᠍ᠯ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ ᠂  ᠣᠶ ᠰᠢᠭᠤᠢ ᠨᠤᠲᠤᠭ ᠪᠡᠯᠴᠢᠭᠡᠷ᠎ᠤᠨ ᠡᠳᠡᠭᠡᠷᠡᠯᠲᠡ ᠵᠢᠨ ᠨᠣᠷᠮ᠎ᠠ ᠵᠢ ᠦᠨᠡᠨ ᠬᠦ᠌ ᠳᠡᠭᠡᠭᠰᠢᠯᠡᠭᠦᠯᠵᠦ ᠂  ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠰᠠᠢ᠌ᠲᠤᠷ ᠪᠡᠬᠢᠵᠢᠭᠦᠯᠬᠦ ᠬᠡᠷᠡᠭᠲᠡᠢ ᠃  ᠲᠤᠬᠠᠢ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠴᠤ ᠡᠯᠡᠰᠦ ᠵᠢ ᠵᠠᠰᠠᠬᠤ ᠥᠪᠡᠷ᠎ᠤᠨ ᠥᠷᠲᠡᠭ᠎ᠢ ᠠᠷᠪᠢᠯᠠᠬᠤ ᠵᠢ ᠪᠠᠷᠢᠮᠲᠠᠯᠠᠵᠤ ᠂  ᠮᠠᠰᠢᠨᠴᠢᠯᠠᠯᠲᠠ ᠵᠢᠨ ᠲᠦᠪᠰᠢᠨ᠎ᠢ  ᠳᠡᠭᠡᠭᠰᠢᠯᠡᠭᠦᠯᠦᠨ ᠡᠯᠡᠰᠦ ᠵᠢ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂  ᠬᠥᠳᠡᠯᠮᠦᠷᠢᠯᠡᠬᠦ᠎ᠪᠠᠷ  ᠲᠡᠳᠬᠦᠮᠵᠢ ᠵᠢ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠃  ᠣᠶ ᠰᠢᠭᠤᠢ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠬᠦ ᠪᠠᠢ᠌ᠭᠤᠯᠤᠯ᠎ᠢ ᠤᠯᠠᠮ ᠨᠢᠭᠡ ᠠᠯᠬᠤᠮ ᠰᠢᠯᠤᠭᠤᠳᠬᠠᠵᠤ ᠂  ᠬᠠᠤᠯᠢ ᠬᠡᠷᠡᠭᠵᠢᠭᠦᠯᠬᠦ ᠬᠦᠴᠦᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠦᠨ ᠂  ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ  ᠴᠢᠩᠭ᠋ᠠᠳᠬᠠᠵᠤ ᠂  ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠱᠠᠩᠨᠠᠵᠤ ᠨᠥᠬᠥᠪᠦᠷᠢᠯᠡᠬᠦ ᠲᠥᠷᠥ ᠵᠢᠨ ᠪᠣᠳᠣᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠳᠠᠪᠤᠷᠢᠵᠢᠭᠤᠯᠤᠨ ᠂  ᠱᠠᠩᠨᠠᠵᠤ ᠲᠣᠷᠭ᠋ᠠᠬᠤ ᠵᠢ ᠲᠣᠳᠣᠷᠬᠠᠢ ᠪᠤᠯᠭ᠋ᠠᠵᠤ ᠂  ᠨᠤᠲᠤᠭ   ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ᠃  ᠤᠢ ᠰᠢᠭᠤᠢ ᠨᠤᠲᠤᠭ ᠪᠡᠯᠴᠢᠭᠡᠷ᠎ᠤᠨ  ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠂  ᠨᠡᠭᠦᠷᠡᠰᠦᠲᠥ᠋ᠷᠥᠭᠴᠢ ᠵᠢ ᠰᠢᠩᠭᠡᠬᠡᠨ ᠠᠪᠬᠤ ᠠᠷᠠᠯᠵᠢᠶᠠᠨ᠎ᠤ ᠬᠡᠪᠴᠢᠶ᠎ᠡ ᠵᠢ ᠥᠷᠭᠡᠳᠬᠡᠨ ᠂  ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ᠎ᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ ᠂  ᠠᠮᠢ ᠠᠬᠤᠢ ᠵᠢᠨ ᠦᠷ᠎ᠡ ᠠᠰᠢᠭ ᠪᠣᠯᠣᠨ ᠠᠵᠤ ᠠᠬᠤᠢ ᠵᠢᠨ ᠦᠷ᠎ᠡ ᠠᠰᠢᠭ᠎ᠤᠨ ᠬᠣᠣᠰ ᠠᠰᠢᠭ᠎ᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ ᠃

       ᠬᠠᠮᠤᠭ᠎ᠤᠨ ᠰᠠᠭᠦᠯ᠎ᠳᠤ ᠂  ᠰᠦᠨ ᠱᠤᠤ ᠴᠧᠩ ᠤᠯᠠᠨ᠎ᠤ ᠰᠢᠨ᠎ᠡ ᠣᠨ᠎ᠳᠠᠭᠠᠨ ᠪᠠᠶᠠᠷ ᠭᠦᠷ᠎ᠲᠠᠢ ᠪᠠᠢ᠌ᠬᠤ ᠵᠢ ᠵᠥᠩᠨᠡᠵᠦ ᠂  ᠤᠯᠠᠨ᠎ᠤ ᠰᠢᠨ᠎ᠡ ᠵᠢᠯ᠎ᠳᠡᠭᠡᠨ ᠡᠷᠴᠢ ᠵᠣᠷᠢᠭ ᠵᠶ᠋ᠠᠨ ᠰᠤᠯᠠᠷᠠᠭᠤᠯᠤᠯ ᠦᠭᠡᠢ ᠪᠠᠷᠢᠮᠲᠠᠯᠠᠵᠤ ᠂ 《ᠮᠣᠩᠭᠣᠯ ᠮᠣᠷᠢᠨ 》᠎ᠤ  ᠵᠣᠷᠢᠭ ᠰᠠᠨᠠᠭ᠎ᠠ ᠵᠢ ᠪᠠᠳᠠᠷᠠᠭᠤᠯᠵᠤ ᠂ 《ᠤᠮᠠᠷᠠᠲᠤ ᠵᠢᠨ  ᠭᠤᠷᠪᠠᠨ ᠣᠷᠣᠨ 》᠎ᠤ  ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠂  ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠪᠦᠭᠦ ᠲᠠᠯ᠎ᠠ᠎ᠪᠠᠷ ᠰᠠᠢ᠌ᠲᠤᠷ ᠪᠡᠶᠡᠯᠡᠭᠦᠯᠬᠦ ᠵᠢ ᠬᠦᠰᠡᠪᠡ ᠃

       ᠢᠦᠢ ᠯᠢ ᠰᠢᠨ ᠂  ᠳᠠᠢ᠌ᠴᠢᠨ ᠠᠵᠢᠯᠯᠠᠭ᠎ᠠ᠎ᠳᠤ ᠣᠷᠣᠯᠴᠠᠵᠠᠢ ᠃

      


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map