ᠴᠠᠭ᠋ᠠᠨ ᠰᠠᠷ᠎ᠠ ᠤᠳᠠᠯ ᠦᠭᠡᠢ ᠬᠦᠷᠴᠦ ᠢᠷᠡᠬᠦ᠎ᠳᠤ ᠂ ᠬᠠᠬᠢᠷ ᠬᠦᠢ᠍ᠲᠡᠨ ᠤᠯᠠᠷᠢᠯ ᠵᠶ᠋ᠡᠷ ᠬᠠᠢ᠌ᠷ᠎ᠠ ᠰᠡᠳᠬᠢᠯᠭᠡ ᠭᠦᠨ ᠪᠠᠢ᠌ᠯ᠎ᠠ ᠃ 1 ᠰᠠᠷ᠎ᠠ ᠵᠢᠨ 21᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠳᠤ ᠭᠦᠨᠵᠡᠭᠡᠢ᠌ᠷᠡᠨ 《ᠠᠷᠠᠳ᠎ᠤᠨ ᠵᠢᠱ᠌ᠢᠶᠡᠴᠢ 》 ᠳᠦᠭᠦᠢ᠌ᠮ᠎ᠠ ᠵᠢ ᠡᠷᠭᠢᠨ ᠦᠵᠡᠵᠦ ᠲᠣᠬᠣᠨᠢᠭᠤᠯᠤᠭᠰᠠᠨᠤ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ ᠃
1 ᠰᠠᠷ᠎ᠠ ᠵᠢᠨ 21᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠤ ᠤᠯᠠᠭ᠋ᠠᠨᠬᠤᠸᠠ ᠪᠠᠯᠭ᠋ᠠᠰᠤᠨ᠎ᠳᠤ ᠬᠦᠷᠴᠦ ᠂ 《ᠠᠷᠠᠳ᠎ᠤᠨ ᠵᠢᠱ᠌ᠢᠶᠡᠴᠢ 》 ᠳᠦᠭᠦᠢ᠌ᠮ᠎ᠠ ᠵᠢ ᠡᠷᠭᠢᠨ ᠦᠵᠡᠵᠦ ᠲᠣᠬᠣᠨᠢᠭᠤᠯᠵᠠᠢ ᠃
ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠥᠷᠯᠥᠭᠡ ᠡᠷᠲᠡ ᠰᠦᠨ ᠱᠤᠤ ᠴᠧᠩ ᠭᠦᠭᠡᠬᠣᠲᠠ᠎ᠠᠴᠠ ᠮᠠᠰᠢᠨ ᠲᠡᠷᠭᠡ᠎ᠪᠠᠷ ᠳᠥᠷᠪᠡᠳ ᠬᠣᠰᠢᠭᠤᠨ᠎ᠤ ᠤᠯᠠᠭ᠋ᠠᠨᠬᠤᠸᠠ ᠪᠠᠯᠭ᠋ᠠᠰᠤᠨ᠎ᠤ ᠳᠦᠭᠦᠢ᠌ᠮ᠎ᠠ ᠨᠠᠰᠤᠲᠠᠨᠤᠬᠢᠨᠳᠤ ᠬᠦᠷᠴᠡᠢ ᠂ ᠨᠠᠰᠤᠲᠠᠨ᠎ᠤ ᠭᠡᠷ᠎ᠲᠤ᠎ᠨᠢ ᠣᠷᠣᠮᠠᠭᠴᠠ ᠲᠡᠷᠡ ᠂ 《ᠤᠳᠠᠯ ᠦᠭᠡᠢ ᠴᠠᠭ᠋ᠠᠨ ᠰᠠᠷ᠎ᠠ ᠪᠤᠯᠬᠤ ᠭᠡᠵᠦ ᠪᠠᠢ᠌ᠨ᠎ᠠ ᠂ ᠪᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠲᠠᠨ᠎ᠢ ᠡᠷᠭᠢᠨ ᠦᠵᠡᠵᠦ ᠪᠤᠢ ᠂ ᠲᠠᠨ᠎ᠳᠤ ᠰᠢᠨ᠎ᠡ ᠵᠢᠨ ᠵᠣᠯᠭ᠋ᠠᠯᠲᠠ ᠬᠢᠵᠦ ᠪᠠᠢ᠌ᠨ᠎ᠠ ᠂ ᠲᠠᠨ᠎ᠤ ᠪᠡᠶ᠎ᠡ ᠮᠠᠬᠠᠪᠤᠳ ᠡᠷᠡᠭᠦᠯ ᠴᠢᠭᠢᠷᠠᠭ ᠂ ᠭᠡᠷ ᠬᠣᠲᠠᠯᠠᠭ᠋ᠠᠷ ᠵᠶ᠋ᠠᠨ ᠵᠣᠯ ᠵᠢᠷᠭ᠋ᠠᠯ᠎ᠲᠠᠢ ᠪᠠᠢ᠌ᠬᠤ ᠵᠢ ᠵᠥᠩᠨᠡᠶ᠎ᠡ 》 ᠭᠡᠵᠦ ᠨᠠᠰᠤᠲᠠᠨ᠎ᠳᠤ ᠬᠡᠯᠡᠪᠡ ᠃ ᠰᠦᠨ ᠱᠣᠣ ᠴᠧᠩ ᠨᠠᠰᠤᠲᠠᠨ᠎ᠤ ᠠᠮᠢᠳᠤᠷᠠᠯ ᠪᠠ ᠡᠷᠡᠭᠦᠯ ᠮᠡᠨᠳᠦ ᠵᠢᠨ ᠪᠠᠢ᠌ᠳᠠᠯ᠎ᠢ ᠬᠠᠯᠠᠮᠵᠢᠯᠠᠨ ᠠᠰᠠᠭᠤᠪᠠ ᠃ ᠳᠦᠭᠦᠢ᠌ᠮ᠎ᠠ ᠨᠠᠰᠤᠲᠠᠨ ᠪᠠᠶᠠᠷᠯᠠᠨ ᠲᠤᠬᠳᠤᠯᠤᠬᠰᠠᠨ ᠰᠡᠳᠬᠢᠯ ᠵᠶ᠋ᠡᠨ ᠳᠠᠷᠤᠵᠤ ᠶᠠᠳᠠᠨ ᠂ ᠥᠪᠡᠷ᠎ᠤᠨ ᠪᠡᠶ᠎ᠡ᠎ᠪᠠᠷ ᠵᠶ᠋ᠡᠨ ᠥᠩᠭᠡᠷᠡᠭᠦᠯᠦᠭᠰᠡᠨ ᠰᠢᠨ᠎ᠡ ᠬᠤᠪᠢᠷᠠᠯᠲᠠ᠎ᠪᠠᠨ ᠰᠡᠳᠬᠢᠯ ᠳᠣᠭᠳᠣᠯᠤᠨ ᠶᠠᠷᠢᠵᠤ ᠪᠠᠢ᠌ᠯ᠎ᠠ ᠃ ᠰᠦᠨ ᠱᠤᠤ ᠴᠧᠩ ᠳᠦᠭᠦᠢ᠌ᠮ᠎ᠠ ᠨᠠᠰᠤᠲᠠᠨ᠎ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠢ᠌ᠬᠤ᠎ᠪᠠᠨ ᠢᠯᠡᠳᠬᠡᠪᠡ ᠂ ᠲᠡᠷᠡ ᠂ ᠲᠠ ᠤᠯᠤᠰ᠎ᠲᠤ ᠲᠣᠪᠣᠢ᠌ᠮ᠎ᠠ ᠬᠤᠪᠢ ᠨᠡᠮᠡᠷᠢ ᠦᠵᠡᠭᠦᠯᠵᠦ ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠥᠨ ᠮᠡᠲᠦ ᠳᠣᠲᠣᠨᠣ ᠪᠠᠢ᠌ᠬᠤ ᠵᠢ ᠦᠢ᠍ᠯᠡᠳᠦᠯᠭᠡᠵᠢᠭᠦᠯᠪᠡ ᠃ ᠲᠠᠨ᠎ᠤ ᠪᠡᠶ᠎ᠡ ᠮᠠᠬᠠᠪᠤᠳ ᠡᠷᠡᠭᠦᠯ ᠰᠠᠷᠠᠭᠤᠯ ᠂ ᠴᠤᠭ ᠵᠢᠪᠬᠤᠭ᠎ᠠ ᠲᠡᠭᠦᠯᠳᠡᠷ ᠪᠠᠢ᠌ᠬᠤ ᠵᠢ ᠦᠵᠡᠭᠡᠳ ᠪᠢ ᠦᠨᠡᠨ ᠰᠡᠳᠬᠢᠯ᠎ᠠᠴᠠ᠎ᠪᠠᠨ ᠪᠠᠶᠠᠷᠯᠠᠵᠤ ᠪᠠᠢ᠌ᠨ᠎ᠠ ᠭᠡᠵᠡᠢ ᠃ ᠰᠦᠨ ᠱᠤᠤ ᠴᠧᠩ ᠲᠤᠬᠠᠢ ᠵᠢᠨ ᠭᠠᠵᠠᠷ᠎ᠤᠨ ᠬᠠᠷᠢᠭᠤᠴᠠᠯᠭ᠋ᠠᠲᠠᠨ ᠨᠥᠬᠥᠳ᠎ᠲᠤ ᠨᠠᠰᠤᠲᠠᠨ᠎ᠢ ᠵᠠᠪᠠᠯ ᠰᠠᠢ᠌ᠲᠤᠷ ᠬᠠᠷᠠᠭ᠋ᠠᠯᠵᠠᠬᠤ ᠬᠡᠷᠡᠭᠲᠡᠢ ᠭᠡᠵᠦ ᠵᠠᠬᠢᠪᠠ ᠃
ᠲᠣᠬᠣᠨᠢᠭᠤᠯᠤᠭᠰᠠᠨᠤ ᠳᠠᠷᠠᠭ᠎ᠠ ᠂ ᠰᠦᠨ ᠱᠤᠤ ᠴᠧᠩ ᠤᠯᠠᠭ᠋ᠠᠨᠴᠠᠪ ᠬᠤᠳᠠ ᠪᠣᠯᠣᠨ ᠳᠥᠷᠪᠡᠳ ᠬᠣᠰᠢᠭᠤᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂ ᠬᠤᠳᠠ ᠂ ᠬᠣᠰᠢᠭᠤ ᠬᠣᠶᠠᠷ ᠱᠠᠲᠤᠨ᠎ᠤ ᠥᠩᠭᠡᠷᠡᠭᠰᠡᠨ ᠨᠢᠭᠡ ᠵᠢᠯ᠎ᠤᠨ ᠠᠵᠢᠯ᠎ᠢ ᠨᠤᠲᠠᠯᠠᠪᠠ ᠃ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭᠲᠠᠭ᠋ᠠᠭᠰᠠᠨ 《ᠨᠢᠭᠡ ᠭᠣᠣᠯ ᠰᠢᠵᠢᠮ᠎ᠢ ᠲᠤᠭᠤᠰᠢᠯᠠᠭᠤᠯᠵᠤ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ 》 ᠠᠵᠢᠯ᠎ᠤᠨ ᠰᠡᠳᠬᠢᠮᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤᠮᠳᠠ ᠠᠯᠬᠤᠮ ᠠᠯᠬᠤᠮ ᠵᠶ᠋ᠠᠷ ᠪᠦᠷᠢᠯᠳᠦᠭᠰᠡᠨ ᠶᠤᠮ ᠃ ᠡᠨᠡ ᠬᠦ᠌ ᠦᠨᠳᠦᠰᠦᠨ ᠰᠡᠳᠬᠢᠮᠵᠢ ᠵᠢ ᠲᠣᠭᠲᠠᠪᠤᠷᠢᠵᠢᠭᠤᠯᠤᠨ ᠬᠤᠪᠢᠷᠠᠭᠤᠯᠬᠤ ᠦᠭᠡᠢ ᠪᠠᠢ᠌ᠬᠤ ᠵᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠯ ᠪᠦᠷᠢ ᠬᠡᠳᠦᠨ ᠵᠦᠢ᠍ᠯ᠎ᠤᠨ ᠲᠤᠯᠭ᠋ᠠᠭᠤᠷᠢᠯᠠᠬᠤ ᠴᠢᠨᠠᠷᠲᠠᠢ ᠂ ᠬᠥᠲᠥᠯᠥᠨ ᠳᠠᠭ᠋ᠠᠭᠤᠯᠬᠤ ᠴᠢᠨᠠᠷᠲᠠᠢ ᠂ ᠬᠥᠰᠢᠵᠦ ᠬᠥᠳᠡᠯᠭᠡᠬᠦ ᠴᠢᠨᠠᠷᠲᠠᠢ ᠠᠵᠢᠯ᠎ᠢ ᠠᠳᠬᠤᠵᠤ ᠂ ᠨᠢᠳᠤᠨᠤᠨ 《ᠵᠢᠷᠭᠤᠭ᠋ᠠᠨ ᠢᠨᠵᠧᠨᠧᠷᠢᠩ 》᠎ᠢ ᠬᠡᠷᠡᠭᠵᠢᠭᠦᠯᠵᠦ ᠂ ᠡᠨᠡ ᠵᠢᠯ 《ᠵᠢᠷᠭᠤᠭ᠋ᠠᠨ ᠠᠵᠢᠯᠯᠠᠭ᠎ᠠ 》 ᠵᠢ ᠪᠠᠢ᠌ᠷᠢᠯᠠᠭᠤᠯᠵᠤ ᠂ ᠢᠮᠠᠭᠲᠠ ᠲᠤᠭᠤᠰᠢᠯᠠᠭᠤᠯᠤᠭᠰᠠᠨ ᠮᠥᠷᠲᠡᠭᠡᠨ ᠪᠠᠰᠠ ᠭᠣᠣᠯᠳᠠᠯᠭ᠎ᠠ ᠵᠢ ᠲᠤᠪᠤᠢ᠌ᠯᠭ᠋ᠠᠬᠰᠠᠨ ᠪᠠᠢ᠌ᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠡᠭᠦᠨ᠎ᠢ ᠪᠠᠲᠤ ᠡᠵᠡᠮᠳᠡᠵᠦ ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠰ ᠭᠤᠢ᠌ᠪᠢᠰᠢ ᠦᠭᠡᠢ ᠤᠷᠤᠭᠰᠢᠯᠠᠬᠤ ᠬᠡᠷᠡᠭᠲᠡᠢ ᠭᠡᠵᠡᠢ ᠃
ᠰᠦᠨ ᠱᠤᠤ ᠴᠧᠩ ᠂ 《ᠵᠢᠷᠭᠤᠭ᠋ᠠᠨ ᠠᠵᠢᠯᠯᠠᠭ᠎ᠠ 》 ᠵᠢ ᠬᠡᠷᠡᠭᠵᠢᠭᠦᠯᠬᠦ ᠪᠣᠯ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠮᠥᠨ ᠂ ᠡᠯ᠎ᠡ ᠱᠠᠲᠤ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠠᠴᠠ᠎ᠪᠠᠨ ᠡᠭᠦᠰᠴᠦ ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠂ ᠭᠣᠣᠯᠳᠠᠯᠭ᠎ᠠ ᠵᠢ ᠲᠣᠪᠤᠢ᠌ᠯᠭ᠋ᠠᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠡᠭᠡᠭᠡ ᠠᠳᠠᠯᠢᠬᠠᠨ ᠪᠠᠢ᠌ᠬᠤ᠎ᠠᠴᠠ ᠰᠡᠷᠭᠡᠢ᠌ᠯᠡᠬᠦ ᠬᠡᠷᠡᠭᠲᠡᠢ ᠃ ᠪᠣᠳᠠᠲᠠᠢ ᠠᠵᠢᠯ᠎ᠤᠨ ᠳᠤᠮᠳᠠ ᠂ ᠨᠢᠭᠡᠳᠦᠯᠲᠡᠢ ᠲᠥᠯᠥᠪᠵᠢᠭᠦᠯᠬᠦ ᠵᠢ ᠨᠡᠩ ᠴᠢᠬᠤᠯᠠᠴᠢᠯᠠᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠬᠡᠷᠡᠭᠯᠡᠬᠦ ᠵᠢ ᠨᠡᠩ ᠴᠢᠬᠤᠯᠠᠴᠢᠯᠠᠵᠤ ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠃ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ ᠂ ᠤᠮᠠᠷᠠᠲᠤ ᠬᠢᠯᠢ ᠵᠢᠨ ᠰᠣᠶᠣᠯ᠎ᠢ ᠳᠡᠭᠡᠭᠰᠢᠯᠡᠭᠦᠯᠭᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ ᠂ ᠳᠤᠮᠳᠠᠳᠤ ᠵᠢᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠎ᠳᠤ ᠬᠡᠷᠬᠢᠨ ᠠᠰᠢᠭᠲᠠᠢ ᠪᠣᠯ ᠲᠡᠭᠡᠵᠦ ᠬᠥᠭᠵᠢᠭᠦᠯᠬᠦ ᠬᠡᠷᠡᠭᠲᠡᠢ ᠃ ᠤᠯᠠᠭ᠋ᠠᠨᠴᠠᠪ ᠬᠣᠲᠠ ᠵᠢᠨ᠎ᠬᠢᠨ ᠳᠠᠪᠠᠭᠤᠯᠢᠭ᠎ᠲᠠᠭᠠᠨ ᠰᠠᠭᠤᠷᠢᠯᠠᠨ ᠂ ᠳᠠᠪᠠᠭᠤᠯᠢᠭ ᠵᠶ᠋ᠠᠨ ᠥᠷᠭᠡᠳᠬᠡᠵᠦ ᠂ ᠪᠣᠳᠣᠯᠲᠠ ᠵᠢᠨ ᠴᠢᠳᠠᠪᠤᠷᠢ ᠂ ᠲᠡᠮᠦᠷ᠎ᠤᠨ ᠬᠠᠢ᠌ᠯᠤᠰᠢ ᠂ ᠰᠣᠶᠣᠯ ᠵᠢᠭᠤᠯᠴᠢᠯᠠᠯ ᠵᠡᠷᠭᠡ ᠣᠨᠴᠠᠯᠢᠭᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠢᠳᠡᠪᠬᠢᠲᠡᠢ ᠠᠬᠢᠭᠤᠯᠵᠤ ᠂ ᠨᠠᠩ ᠰᠠᠨᠠᠭ᠋ᠠᠴᠢᠯᠠᠭ᠎ᠠ᠎ᠠᠴᠠ᠎ᠪᠠᠨ ᠭᠦᠭᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠨᠢᠭᠡ ᠴᠣᠭᠴᠠᠵᠢᠭᠰᠠᠨ ᠬᠥᠭᠵᠢᠯᠲᠡ᠎ᠳᠤ ᠠᠭᠤᠰᠤᠯᠴᠠᠬᠤ ᠬᠡᠷᠡᠭᠲᠡᠢ ᠃ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠂ ᠬᠠᠨᠳᠤᠯᠭ᠋ᠠᠲᠤ ᠴᠢᠨᠠᠷᠲᠠᠢ᠎ᠪᠠᠷ ᠳᠤᠲᠠᠭᠤᠳᠠᠯ ᠵᠶ᠋ᠠᠨ ᠨᠥᠬᠥᠪᠦᠷᠢᠯᠡᠵᠦ ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂ ᠬᠡᠪᠴᠢᠶᠡᠲᠦ ᠴᠢᠨᠠᠷᠲᠠᠢ᠎ᠪᠠᠷ ᠳᠠᠭᠢᠨ ᠶᠠᠳᠠᠭᠤᠷᠠᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠃ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢ ᠤᠷᠲᠤᠳᠬᠠᠨ ᠳᠠᠭ᠋ᠠᠭ᠋ᠠᠴᠢᠯᠠᠭᠤᠯᠬᠤ ᠪᠠ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠂ ᠴᠠᠭᠢᠯᠭ᠋ᠠᠨ ᠬᠠᠩᠭ᠋ᠠᠬᠤ ᠂ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠠᠰᠢᠭᠯᠠᠬᠤ ᠵᠡᠷᠭᠡ ᠠᠰᠠᠭᠤᠳᠠᠯ᠎ᠢ ᠬᠣᠲᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠤᠬᠠᠭ᠋ᠠᠯᠠᠭ᠎ᠠ ᠲᠥᠯᠥᠪᠯᠡᠭᠡ᠎ᠪᠠᠨ ᠡᠷᠲᠡᠬᠡᠨ ᠬᠢᠬᠦ ᠬᠡᠷᠡᠭᠲᠡᠢ ᠂ ᠬᠣᠰᠢᠭᠤ ᠰᠢᠶᠠᠨ᠎ᠤ᠎ᠬᠢᠨ ᠴᠦ᠍ ᠵᠣᠷᠢᠭᠲᠠᠢ᠎ᠪᠠᠷ ᠰᠦᠪᠡᠭᠴᠢᠯᠡᠵᠦ ᠂ ᠰᠠᠨᠠᠭ᠋ᠠᠴᠢᠯᠠᠭ᠎ᠠ᠎ᠠᠴᠠ᠎ᠪᠠᠨ ᠵᠢᠳᠬᠦᠯ ᠴᠢᠷᠮᠠᠢ᠌ᠯᠭ᠎ᠠ ᠭᠠᠷᠭ᠋ᠠᠵᠤ ᠂ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠡᠲᠡᠭᠡᠷ ᠶᠠᠪᠤᠳᠠᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠢ ᠭᠡᠵᠡᠢ ᠃
ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ ᠃