ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠤᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠤᠷᠤᠯᠴᠠᠵᠤ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2025-01-23

    1 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠣᠲᠠ᠎ᠳᠤ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠤᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃

孙绍骋在乌兰察布市.jpg


    1 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠣᠲᠠ᠎ᠳᠤ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠤᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ

    ᠬᠤᠷᠠᠯ᠎ᠠᠴᠠ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢ᠌ᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ ᠪᠠ ᠲᠣᠰ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭᠰᠠᠨ ᠪᠠᠢ᠌ᠳᠠᠯ᠎ᠢ ᠮᠡᠳᠡᠭᠳᠡᠪᠡ᠃ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠷ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠢ ᠲᠥᠯᠥᠭᠡᠯᠡᠨ ᠬᠠᠷᠭᠤᠭᠤᠯᠤᠨ ᠪᠠᠢ᠌ᠴᠠᠭ᠋ᠠᠬᠤ ᠵᠢᠨ ᠬᠠᠮᠲᠤ ᠥᠪᠡᠷ᠎ᠤᠨ ᠵᠠᠳᠠᠯᠤᠯᠲᠠ ᠬᠢᠵᠦ᠂ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ ᠳᠠᠷᠠᠭ᠋ᠠᠯᠠᠨ ᠦᠭᠡ ᠶᠠᠷᠢᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠦᠨᠡᠯᠡᠯᠲᠡ ᠬᠢᠪᠡ᠃

    ᠰᠦᠨ ᠱᠤᠤ ᠴᠧᠩ᠂ ᠡᠨᠡ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠨᠢ ᠭᠣᠣᠯ ᠰᠡᠳᠦᠪ᠎ᠤᠨ ᠲᠣᠭᠣᠷᠢᠨ᠎ᠳᠤ᠂ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠦᠨᠳᠦᠰᠦ ᠰᠤᠷᠪᠤᠯᠵᠢ ᠵᠢ᠎ᠨᠢ ᠵᠠᠳᠠᠯᠵᠤ᠂ ᠴᠢᠷᠮᠠᠢ᠌ᠬᠤ ᠴᠢᠭᠯᠡᠯ᠎ᠨᠢ ᠴᠥᠮ ᠦᠨᠡᠨ ᠪᠣᠳᠠᠲᠠᠢ ᠪᠠᠢ᠌ᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠨᠢ ᠦᠨᠡᠨᠴᠢ᠂ ᠰᠢᠭᠤᠳ ᠰᠢᠯᠤᠭᠤᠨ ᠪᠠᠢ᠌ᠵᠤ᠂ ᠬᠠᠷᠢᠯᠴᠠᠨ ᠬᠠᠪᠰᠤᠷᠤᠯᠴᠠᠬᠤ᠂ ᠬᠠᠮᠲᠤ᠎ᠪᠠᠷ ᠳᠡᠭᠡᠭᠰᠢᠯᠡᠬᠦ᠂ ᠪᠦᠯᠬᠦᠮᠳᠡᠯ᠎ᠢ ᠴᠢᠩᠭ᠋ᠠᠳᠬᠠᠬᠤ ᠬᠠᠷᠠᠯᠲᠠ᠎ᠳᠤ ᠬᠦᠷᠴᠡᠢ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ 《ᠬᠤᠷᠠᠯᠳᠤᠭᠤᠯᠬᠤ》᠎ᠨᠢ ᠵᠥᠪᠭᠡᠨ ᠨᠢᠭᠡᠳᠦᠭᠡᠷ ᠠᠯᠬᠤᠮ ᠲᠡᠳᠦᠢ ᠶᠤᠮ᠂ ᠦᠷ᠎ᠡ ᠪᠦᠲᠦᠮᠵᠢ᠎ᠨᠢ ᠶᠠᠮᠠᠷ ᠪᠤᠯᠬᠤ ᠵᠢᠨ ᠵᠠᠩᠭᠢᠯᠠᠭ᠎ᠠ᠎ᠨᠢ 《ᠴᠡᠭᠴᠡᠯᠡᠨ ᠰᠠᠢ᠌ᠵᠢᠷᠠᠭᠤᠯᠤᠭᠰᠠᠨ》᠎ᠨᠢ ᠬᠢᠷᠢ ᠵᠡᠷᠭᠡ ᠪᠠᠢ᠌ᠬᠤ ᠵᠢ ᠦᠵᠡᠨ᠎ᠡ᠂ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠬᠢᠨᠠᠮᠠᠭ᠋ᠠᠢ ᠡᠮᠬᠢᠳᠬᠡᠵᠦ᠂ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠵᠢ ᠦᠨᠡᠨ ᠪᠣᠳᠠᠲᠠᠢ ᠠᠳᠬᠤᠬᠤ ᠬᠡᠷᠡᠭᠲᠡᠢ᠂ ᠶᠠᠭ᠋ᠠᠬᠢᠭᠰᠠᠨ ᠴᠤ᠌ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠵᠤ ᠪᠤᠯᠬᠤ ᠦᠭᠡᠢ ᠭᠡᠪᠡ᠃

    ᠰᠦᠨ ᠱᠤᠤ ᠴᠧᠩ᠂ ᠪᠣᠳᠠᠲᠠᠢ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠳᠬᠤᠬᠤ ᠶᠠᠪᠤᠴᠠ᠎ᠳᠤ᠂ ᠭᠤᠷᠪᠠᠨ ᠭᠦᠨ ᠳᠠᠪᠬᠤᠷᠭ᠎ᠠ ᠵᠢᠨ ᠠᠰᠠᠭᠤᠳᠠᠯ᠎ᠢ ᠭᠦᠨᠵᠡᠭᠡᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠨᠢᠭᠡ᠎ᠳᠤ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ 《ᠳᠡᠭᠡᠷ᠎ᠡ ᠱᠠᠲᠤᠨ᠎ᠳᠤ ᠬᠡᠷᠬᠢᠨ ᠬᠠᠨᠳᠤᠬᠤ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠵᠢ ᠲᠣᠰ ᠭᠠᠵᠠᠷ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠭᠰᠠᠨ ᠡᠯ᠎ᠡ ᠵᠦᠢ᠍ᠯ᠎ᠤᠨ ᠡᠭᠦᠷᠭᠡ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠪᠡᠶᠡᠯᠡᠭᠦᠯᠬᠦ ᠬᠡᠷᠡᠭᠲᠡᠢ᠃ ᠬᠣᠶᠠᠷ᠎ᠲᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂ 《ᠤᠯᠠᠨ ᠲᠦᠮᠡᠨ᠎ᠳᠤ ᠬᠡᠷᠬᠢᠨ ᠬᠠᠨᠳᠤᠬᠤ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠠᠭᠠᠨ ᠰᠠᠨᠠᠭ᠋ᠠᠴᠢᠯᠠᠭ᠎ᠠ᠎ᠠᠴᠠ᠎ᠪᠠᠨ ᠤᠯᠠᠨ ᠲᠦᠮᠡᠨ᠎ᠳᠤ ᠦᠢ᠍ᠯᠡᠴᠢᠯᠡᠬᠦ ᠬᠠᠷᠠᠭ᠋ᠠᠰᠤ᠎ᠠᠴᠠ 《ᠦᠨᠳᠦᠰᠦᠨ ᠱᠠᠲᠤᠨ᠎ᠳᠤ ᠣᠶ᠋ᠢᠷᠠᠳᠴᠤ》᠂ ᠤᠯᠠᠨ ᠲᠦᠮᠡᠨ᠎ᠳᠤ ᠪᠤᠶᠠᠨ ᠦᠢ᠍ᠯᠡᠳᠴᠦ᠂ ᠪᠣᠳᠠᠲᠠᠢ ᠠᠵᠢᠯ ᠬᠢᠬᠦ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠰᠠᠬᠢᠯᠭ᠎ᠠ ᠪᠠᠲᠤ ᠶᠣᠰᠣ ᠳᠦᠷᠢᠮ᠎ᠢ ᠴᠢᠩᠭ᠎ᠠ ᠵᠢᠷᠤᠮᠯᠠᠵᠤ᠂ 《ᠥᠪᠡᠷ᠎ᠤᠨ ᠪᠡᠶ᠎ᠡ᠎ᠳᠡᠭᠡᠨ ᠬᠡᠷᠬᠢᠨ ᠬᠠᠨᠳᠤᠬᠤ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠡᠷᠬᠡ ᠵᠢ ᠬᠠᠮᠢᠭ᠎ᠠ᠎ᠠᠴᠠ ᠣᠯᠬᠤ᠂ ᠡᠷᠬᠡ ᠵᠢ ᠬᠡᠨ᠎ᠤ ᠲᠥᠯᠥᠭᠡ ᠬᠡᠷᠡᠭᠵᠢᠭᠦᠯᠬᠦ ᠵᠢ ᠲᠣᠳᠣᠷᠬᠠᠢ ᠪᠤᠯᠭ᠋ᠠᠵᠤ᠂ ᠲᠤᠰ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠣᠨᠴᠠ ᠡᠷᠬᠡ ᠵᠢᠨ ᠦᠵᠡᠯ ᠰᠠᠨᠠᠭ᠎ᠠ ᠪᠠ ᠣᠨᠴᠠ ᠡᠷᠬᠡ ᠵᠢᠨ ᠦᠢ᠍ᠯᠡ ᠠᠵᠢᠯᠯᠠᠭ᠎ᠠ ᠵᠢ ᠡᠷᠡᠰ ᠡᠰᠡᠷᠭᠦᠴᠡᠵᠦ᠂ ᠲᠣᠭᠲᠠᠭ᠋ᠠᠯ᠎ᠢ ᠵᠥᠷᠢᠴᠡᠨ ᠰᠠᠬᠢᠯᠭ᠎ᠠ ᠪᠠᠲᠤ ᠵᠢ ᠡᠪᠳᠡᠬᠦ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠭᠡᠪᠡ᠃

    ᠢᠦᠢ ᠯᠢ ᠰᠢᠨ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map