ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ ᠂ 1 ᠰᠠᠷ᠎ᠠ ᠵᠢᠨ 23᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠤᠤᠯ᠎ᠤᠨ ᠲᠡᠷᠢᠭᠦᠯᠡᠭᠴᠢ ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠤᠨ ᠤᠤᠯ᠎ᠤᠨ ᠳᠡᠳ᠋ ᠡᠷᠭᠢᠯᠡᠭᠴᠢ ᠷᠧᠨ ᠶᠠ ᠫᠢᠩ᠎ᠢ ᠳᠣᠲᠣᠨᠣ᠎ᠪᠠᠷ ᠡᠷᠭᠢᠨ ᠦᠵᠡᠵᠦ ᠲᠣᠬᠣᠨᠢᠭᠤᠯᠤᠨ ᠂ ᠲᠡᠭᠦᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ ᠃
1 ᠰᠠᠷ᠎ᠠ ᠵᠢᠨ 23᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠤᠤᠯ᠎ᠤᠨ ᠲᠡᠷᠢᠭᠦᠯᠡᠭᠴᠢ ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠤᠨ ᠤᠤᠯ᠎ᠤᠨ ᠳᠡᠳ᠋ ᠡᠷᠭᠢᠯᠡᠭᠴᠢ ᠷᠧᠨ ᠶᠠ ᠫᠢᠩ᠎ᠢ ᠳᠣᠲᠣᠨᠣ᠎ᠪᠠᠷ ᠡᠷᠭᠢᠨ ᠦᠵᠡᠵᠦ ᠲᠣᠬᠣᠨᠢᠭᠤᠯᠤᠨ ᠂ ᠲᠡᠭᠦᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠪᠡ ᠃
ᠲᠤᠰ ᠬᠣᠷᠢᠶᠠᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
《 ᠰᠢᠨᠡᠯᠡᠬᠦ ᠣᠢ᠌ᠷᠠᠲᠤᠯᠠ ᠂ ᠥᠨᠥᠳᠥᠷ ᠲᠠᠨ᠎ᠳᠤ ᠰᠢᠨ᠎ᠡ ᠵᠢᠨ ᠮᠡᠨᠳᠦ ᠬᠦᠷᠭᠡᠬᠦ᠎ᠪᠠᠷ ᠢᠷᠡᠯ᠎ᠡ 》 ᠂ ᠰᠦᠨ ᠱᠤᠤ ᠴᠧᠩ ᠭᠡᠷ᠎ᠲᠤ ᠣᠷᠣᠮᠠᠭᠴᠠ᠎ᠪᠠᠨ ᠷᠧᠨ ᠶᠠ ᠫᠢᠩ᠎ᠳᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠭᠰᠡᠨ ᠪᠥᠭᠡᠳ ᠲᠡᠭᠦᠨ᠎ᠤ ᠪᠡᠶ᠎ᠡ ᠮᠠᠬᠠᠪᠤᠳ ᠪᠣᠯᠣᠨ ᠠᠮᠢᠳᠤᠷᠠᠯ᠎ᠤᠨ ᠪᠠᠢ᠌ᠳᠠᠯ᠎ᠢ ᠬᠠᠯᠠᠮᠵᠢᠯᠠᠨ ᠠᠰᠠᠭᠤᠪᠠ ᠃ ᠰᠦᠨ ᠱᠤᠤ ᠴᠧᠩ 2024 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠠᠢ᠌ᠳᠠᠯ ᠪᠣᠯᠣᠨ ᠡᠨᠡ ᠵᠢᠯ᠎ᠤᠨ ᠠᠵᠢᠯ᠎ᠤᠨ ᠲᠣᠬᠢᠷᠠᠭᠤᠯᠤᠯᠲᠠ ᠵᠢ ᠲᠣᠪᠴᠢ ᠲᠠᠨᠢᠯᠴᠠᠭᠤᠯᠵᠤ ᠂ ᠷᠧᠨ ᠶᠠ ᠫᠢᠩ ᠵᠡᠷᠭᠡ ᠠᠬᠠᠮᠠᠳ ᠨᠥᠬᠥᠳ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠵᠦ ᠂ ᠲᠡᠳᠡᠨ᠎ᠳᠤ ᠥᠩᠭᠡᠷᠡᠭᠰᠡᠨ᠎ᠲᠠᠢ᠎ᠪᠠᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢ ᠬᠠᠯᠠᠮᠵᠢᠯᠠᠨ ᠳᠡᠮᠵᠢᠵᠦ ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠵᠢ ᠢᠯᠡᠭᠦᠬᠡᠨ ᠳᠤᠷᠠᠳᠴᠤ ᠂ ᠤᠯᠠᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠥᠪᠥᠷ ᠮᠣᠩᠭᠣᠯ᠎ᠤᠨ ᠶᠠᠪᠤᠳᠠᠯ᠎ᠢ ᠨᠡᠩ ᠰᠠᠢ᠌ᠲᠤᠷ ᠬᠢᠬᠦ ᠵᠢ ᠬᠦᠰᠡᠪᠡ ᠃ ᠷᠧᠨ ᠶᠠ ᠫᠢᠩ ᠂ ᠮᠠᠨ᠎ᠤ ᠮᠠᠰᠢ ᠤᠯᠠᠨ ᠠᠬᠠᠮᠠᠳ ᠨᠥᠬᠥᠳ ᠨᠡᠢ᠌ᠳᠡᠮ᠎ᠳᠡᠭᠡᠨ ᠡᠨᠡ ᠬᠣᠶᠠᠷ ᠵᠢᠯ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠠᠢ᠌ᠳᠠᠯ ᠮᠠᠰᠢ ᠰᠠᠢ᠌ᠨ ᠪᠠᠢ᠌ᠨ᠎ᠠ ᠭᠡᠵᠦ ᠦᠵᠡᠵᠦ ᠪᠠᠢ᠌ᠨ᠎ᠠ ᠂ ᠢᠯᠠᠩᠭᠤᠶ᠎ᠠ ᠨᠢᠳᠤᠨᠤᠨ ᠵᠢᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠭᠰᠠᠨ᠎ᠨᠢ ᠬᠥᠮᠥᠰ᠎ᠢ ᠤᠷᠮᠠᠰᠢᠭᠤᠯᠵᠤ ᠪᠤᠢ ᠃ ᠪᠢᠳᠡ ᠯᠠᠪᠲᠠᠢ ᠭᠢᠯᠪᠠᠷ ᠪᠤᠰᠤ᠎ᠪᠠᠷ ᠢᠷᠡᠭᠰᠡᠨ ᠰᠠᠢ᠌ᠨ ᠰᠠᠢ᠌ᠬᠠᠨ ᠪᠠᠢ᠌ᠳᠠᠯ᠎ᠢ ᠮᠠᠰᠢ ᠨᠠᠨᠳᠢᠩᠨᠠᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠳᠡᠮᠵᠢᠵᠦ ᠂ ᠥᠪᠥᠷ ᠮᠣᠩᠭᠣᠯ᠎ᠤᠨ ᠬᠥᠭᠵᠢᠯᠲᠡ᠎ᠳᠤ ᠦᠷᠭᠦᠯᠵᠢᠯᠡᠨ ᠬᠤᠪᠢ ᠨᠡᠮᠡᠷᠢ ᠦᠵᠡᠭᠦᠯᠵᠦ ᠂ ᠬᠦᠴᠦᠨ ᠴᠢᠳᠠᠯ ᠵᠶ᠋ᠡᠨ ᠡᠷᠭᠦᠨ᠎ᠡ ᠭᠡᠵᠦ ᠢᠯᠡᠳᠬᠡᠪᠡ ᠃