1 ᠳ᠋ᠦ᠍ᠭᠡᠷ ᠰᠠᠷ᠎ᠠ ᠵᠢᠨ 2᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠪᠣᠳᠣᠯᠲᠠ ᠵᠢᠨ ᠬᠦᠴᠦᠨ᠎ᠤ ᠠᠵᠤ ᠦᠢ᠍ᠯᠡᠰ᠎ᠤᠨ ᠬᠥᠭᠵᠢᠯᠲᠡ ᠵᠡᠷᠭᠡ ᠪᠠᠢ᠌ᠳᠠᠯ᠎ᠤᠨ ᠲᠤᠬᠠᠢ ᠪᠠᠢ᠌ᠴᠠᠭ᠋ᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ ᠃
ᠰᠦᠨ ᠱᠤᠤ ᠴᠧᠩ ᠤᠷᠢᠳ ᠬᠣᠵᠢᠳ ᠳᠤᠮᠳᠠᠳᠤ ᠤᠯᠤᠰ᠎ᠤᠨ ᠨᠡᠭᠦᠳᠡᠯ ᠳ᠋ᠠᠢ᠌ᠲ᠋ᠠ ᠵᠢᠨ ᠲᠥᠪ ᠂ ᠬᠣᠷᠢᠨᠭᠡᠷ᠎ᠤᠨ ᠳ᠋ᠠᠢ᠌ᠲ᠋ᠠ ᠵᠢᠨ ᠲᠣᠮᠣ ᠠᠰᠠᠷ᠎ᠲᠤ ᠬᠦᠷᠴᠦ ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠂ ᠲᠥᠷᠥᠯ ᠵᠦᠢ᠍ᠯ᠎ᠤᠨ ᠠᠵᠢᠯᠴᠢᠨ ᠬᠡᠷᠡᠭᠯᠡᠬᠦ ᠂ ᠭᠠᠵᠠᠷ ᠬᠡᠷᠡᠭᠯᠡᠬᠦ ᠂ ᠴᠠᠭᠢᠯᠭ᠋ᠠᠨ ᠬᠡᠷᠡᠭᠯᠡᠬᠦ ᠪᠠ ᠡᠵᠡᠩᠨᠡᠯᠲᠡ ᠵᠢᠨ ᠦᠷ᠎ᠡ ᠠᠰᠢᠭ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠵᠠᠢ ᠃
ᠬᠣᠯᠪᠣᠭᠳᠠᠯ ᠪᠦᠬᠦᠢ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠂ ᠰᠦᠨ ᠱᠤᠤ ᠴᠧᠩ ᠂ ᠪᠣᠳᠣᠯᠲᠠ ᠵᠢᠨ ᠬᠦᠴᠦᠨ᠎ᠤ ᠠᠵᠤ ᠦᠢ᠍ᠯᠡᠰ᠎ᠢ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ ᠴᠢᠬᠤᠯᠠ ᠴᠢᠭᠯᠡᠯ ᠪᠣᠯᠣᠨ᠎ᠠ ᠃ ᠭᠦᠭᠡᠬᠣᠲᠠ ᠵᠢᠨ ᠪᠣᠳᠣᠯᠲᠠ ᠵᠢᠨ ᠬᠦᠴᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠮᠠᠰᠢ ᠰᠠᠢ᠌ᠨ ᠪᠠᠢ᠌ᠨ᠎ᠠ ᠂ ᠲᠠᠷᠠᠭ᠋ᠠᠴᠢ ᠵᠢᠨ ᠠᠯᠬᠤᠮ᠎ᠳᠤ ᠨᠠᠩ ᠰᠠᠢ᠌ᠲᠤᠷ ᠬᠢᠵᠦ ᠂ ᠭᠣᠣᠯᠳᠠᠭᠤ ᠬᠡᠯᠬᠢᠶ᠎ᠡ ᠵᠢ ᠤᠷᠲᠤᠳᠬᠠᠬᠤ ᠂ ᠨᠡᠮᠡᠯᠲᠡ ᠥᠷᠲᠡᠭ᠎ᠢ ᠨᠡᠮᠡᠭᠳᠡᠭᠦᠯᠬᠦ ᠳᠡᠭᠡᠷ᠎ᠡ ᠬᠦᠴᠦ ᠣᠷᠣᠭᠤᠯᠵᠤ ᠂ ᠠᠵᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠦᠷ᠎ᠡ ᠠᠰᠢᠭ᠎ᠢ ᠡᠷᠬᠢᠮᠯᠡᠵᠦ ᠂ ᠠᠷᠭ᠎ᠠ ᠪᠦᠭᠦᠨ᠎ᠢ ᠰᠦᠪᠡᠭᠴᠢᠯᠡᠨ ᠮᠦ᠍ ᠪᠦᠷᠢ ᠵᠢᠨ ᠳᠤᠮᠳᠠᠴᠢ ᠦᠢ᠍ᠯᠡᠳᠪᠦᠷᠢᠯᠡᠯ᠎ᠤᠨ ᠦᠷᠲᠡᠭ ᠂ ᠮᠦ᠍ ᠪᠦᠷᠢ ᠵᠢᠨ ᠳᠤᠮᠳᠠᠴᠢ ᠭᠠᠢ᠌ᠯᠢ ᠵᠢᠨ ᠣᠷᠣᠯᠭ᠎ᠠ ᠵᠢ ᠳᠡᠭᠡᠭᠰᠢᠯᠡᠭᠦᠯᠵᠦ ᠂ ᠪᠣᠳᠣᠯᠲᠠ ᠵᠢᠨ ᠬᠦᠴᠦᠨ᠎ᠤ ᠠᠵᠤ ᠦᠢ᠍ᠯᠡᠰ᠎ᠠᠴᠠ ᠠᠵᠤ ᠠᠬᠤᠢ ᠵᠢᠨ ᠨᠡᠮᠡᠭᠳᠡᠯ ᠂ ᠡᠳ᠋᠎ᠤᠨ ᠵᠠᠰᠠᠭ᠎ᠤᠨ ᠣᠷᠣᠯᠭ᠎ᠠ ᠂ ᠤᠯᠠᠨ ᠲᠦᠮᠡᠨ᠎ᠤ ᠠᠵᠢᠯ ᠣᠯᠭᠣᠯᠲᠠ᠎ᠳᠤ ᠦᠵᠡᠭᠦᠯᠭᠦ ᠬᠤᠪᠢ ᠨᠡᠮᠡᠷᠢ ᠵᠢᠨ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠪᠡᠭᠡᠵᠢᠩᠯᠦᠭᠡ ᠵᠢᠨ ᠪᠦᠭᠦ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂ ᠪᠡᠭᠡᠵᠢᠩ᠎ᠤᠨ ᠬᠦᠴᠦᠨ᠎ᠢ ᠠᠰᠢᠭᠯᠠᠨ ᠪᠣᠳᠣᠯᠲᠠ ᠵᠢᠨ ᠬᠦᠴᠦᠨ᠎ᠤ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠬᠡᠯᠡᠪᠡ ᠃
ᠪᠠᠢ᠌ᠴᠠᠭ᠋ᠠᠨ ᠰᠤᠳᠤᠯᠬᠤ ᠬᠤᠭᠤᠴᠠᠭ᠋ᠠᠨ᠎ᠳᠤ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ ᠃ ᠲᠡᠷᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭᠲᠠᠭ᠋ᠠᠭᠰᠠᠨ 《ᠨᠢᠭᠡ ᠭᠣᠣᠯ ᠰᠢᠵᠢᠮ 》᠎ᠢ ᠲᠤᠭᠤᠰᠢᠯᠠᠭᠤᠯᠬᠤ ᠂ 《ᠬᠣᠶᠠᠷ ᠶᠡᠬᠡ ᠶᠠᠪᠤᠳᠠᠯ 》᠎ᠢ ᠰᠠᠢ᠌ᠲᠤᠷ ᠬᠢᠬᠦ ᠂ 《ᠲᠠᠪᠤᠨ ᠶᠡᠬᠡ ᠡᠭᠦᠷᠭᠡ 》 ᠵᠢ ᠪᠡᠶᠡᠯᠡᠭᠦᠯᠬᠦ ᠂ 《ᠵᠢᠷᠭᠤᠭ᠋ᠠᠨ ᠢᠨᠵᠧᠨᠧᠷᠢᠩ 》᠎ᠢ ᠬᠡᠷᠡᠭᠵᠢᠭᠦᠯᠬᠦ ᠂ 《ᠵᠢᠷᠭᠤᠭ᠋ᠠᠨ ᠠᠵᠢᠯᠯᠠᠭ᠎ᠠ 》 ᠵᠢ ᠥᠷᠨᠢᠭᠦᠯᠬᠦ ᠵᠡᠷᠭᠡ᠎ᠨᠢ ᠴᠥᠮ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠰ ᠭᠤᠢ᠌ᠪᠢᠰᠢ ᠦᠭᠡᠢ ᠤᠷᠤᠭᠰᠢᠯᠠᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠪᠣᠯᠣᠨ᠎ᠠ ᠃ 《ᠵᠢᠷᠭᠤᠭ᠋ᠠᠨ ᠠᠵᠢᠯᠯᠠᠭ᠎ᠠ 》 ᠪᠣᠯ ᠨᠢᠭᠲᠠ ᠬᠣᠯᠪᠤᠭ᠎ᠠ᠎ᠲᠠᠢ ᠣᠷᠭ᠋ᠠᠨᠢᠭ ᠪᠦᠬᠦᠯᠢ ᠴᠣᠭᠴᠠ ᠮᠥᠨ ᠂ ᠡᠯ᠎ᠡ ᠠᠵᠢᠯ ᠲᠥᠷᠥᠯ ᠂ ᠡᠯ᠎ᠡ ᠰᠢᠰᠲ᠋ᠧᠮ ᠂ ᠡᠯ᠎ᠡ ᠨᠢᠭᠡᠴᠢ ᠪᠣᠯᠣᠨ ᠡᠯ᠎ᠡ ᠲᠥᠷᠥᠯ ᠵᠦᠢ᠍ᠯ᠎ᠨᠢ ᠴᠥᠮ ᠭᠠᠷᠳᠠᠬᠤ ᠴᠡᠭ ᠵᠶ᠋ᠡᠨ ᠣᠨᠣᠪᠴᠢᠲᠠᠶ ᠡᠷᠢᠵᠦ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ ᠂ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠨ ᠂ ᠬᠠᠮᠲᠤᠷᠠᠯ ᠬᠦᠴᠦᠨ᠎ᠢ ᠨᠢᠭᠲᠠᠷᠠᠭᠤᠯᠵᠤ ᠂ ᠥᠪᠡᠷ ᠥᠪᠡᠷᠤᠨᠬᠢᠪᠠᠨ ᠬᠢᠵᠦ ᠂ ᠠᠰ ᠠᠰᠲᠠᠭᠠᠨ ᠲᠤᠯᠤᠯᠳᠤᠬᠤ ᠵᠢ ᠰᠡᠷᠭᠡᠢ᠌ᠯᠡᠬᠦ ᠬᠡᠷᠡᠭᠲᠡᠢ ᠃ ᠵᠢᠳᠬᠦᠯ ᠴᠢᠷᠮᠠᠢ᠌ᠯᠭ᠎ᠠ᠎ᠲᠠᠢ ᠵᠠᠰᠠᠭ᠎ᠤᠨ ᠣᠷᠳᠣᠨ ᠪᠣᠯᠣᠨ ᠪᠦᠲᠦᠮᠵᠢᠲᠡᠢ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ ᠂ ᠵᠠᠬ᠎ᠠ ᠳᠡᠯᠭᠡᠭᠦᠷ᠎ᠤᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠵᠢᠷᠤᠮᠯᠠᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠨᠡᠩ ᠰᠠᠢ᠌ᠲᠤᠷ ᠲᠦᠰᠢᠭᠯᠡᠨ ᠠᠵᠤ ᠠᠬᠤᠢ ᠵᠢᠨ ᠬᠥᠭᠵᠢᠯᠲᠡ ᠂ ᠨᠡᠢ᠌ᠭᠡᠮ᠎ᠤᠨ ᠵᠠᠰᠠᠯᠲᠠ ᠪᠣᠯᠣᠨ ᠤᠯᠠᠨ ᠲᠦᠮᠡᠨ᠎ᠳᠤ ᠦᠢ᠍ᠯᠡᠴᠢᠯᠡᠬᠦ 《ᠭᠤᠷᠪᠠᠨ ᠲᠦᠪᠰᠢᠨ 》᠎ᠢ ᠳᠡᠭᠡᠭᠰᠢᠯᠡᠭᠦᠯᠭᠦ ᠬᠡᠷᠡᠭᠲᠡᠢ ᠃ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠂ ᠠᠵᠢᠯ ᠬᠢᠵᠦ ᠦᠢ᠍ᠯᠡᠰ ᠪᠣᠰᠬᠠᠬᠤ ᠴᠤᠭ ᠵᠣᠷᠢᠭ᠎ᠢ ᠲᠠᠰᠤᠷᠠᠯᠳᠠ ᠦᠭᠡᠢ ᠬᠥᠪᠴᠢᠯᠡᠬᠦ ᠬᠡᠷᠡᠭᠲᠡᠢ ᠭᠡᠵᠦ ᠬᠡᠯᠡᠪᠡ ᠃
ᠪᠦᠦ ᠭᠠᠩ ᠂ ᠢᠦᠢ ᠯᠢ ᠰᠢᠨ ᠂ ᠪᠦᠦ ᠰᠢᠶᠠᠨ ᠬᠤᠸᠠ ᠣᠷᠣᠯᠴᠠᠵᠠᠢ ᠃