ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠣᠣ ᠴᠧᠩ ᠪᠦᠯᠭᠦᠮ ᠳᠠᠭ᠋ᠠᠭᠤᠯᠤᠨ ᠪᠷᠠᠽᠢᠯ ᠪᠣᠯᠣᠨ ᠦᠷᠦ᠋ᠭᠤᠸᠠᠶ᠎ᠳᠤ ᠠᠢ᠌ᠯᠴᠢᠯᠠᠪᠠ
ᠨᠡᠶ᠋ᠢᠲᠡᠯᠡᠭᠰᠡᠨ ᠴᠠᠭ᠄ 2025-02-10

 

       ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠳᠤᠮᠳᠠᠳᠤ ᠪᠷᠠᠽᠢᠯ᠂ ᠳᠤᠮᠳᠠᠳᠤ ᠦᠷᠦ᠋ᠭᠤᠸᠠᠶ ᠵᠢᠨ ᠲᠡᠷᠢᠭᠦᠨ᠎ᠤ ᠲᠣᠬᠢᠷᠠᠯᠴᠠᠭᠰᠠᠨ ᠴᠢᠬᠤᠯᠠ ᠬᠠᠮᠲᠤ ᠵᠢᠨ ᠲᠠᠨᠢᠯᠲᠠ ᠵᠢ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠬᠣᠶᠠᠷ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠤ ᠰᠣᠯᠢᠯᠴᠠᠭ᠎ᠠ ᠵᠢ ᠴᠢᠩᠭ᠋ᠠᠳᠬᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠵᠢ ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠵᠢ ᠨᠠᠩ ᠰᠠᠢ᠌ᠲᠤᠷ ᠪᠡᠶᠡᠯᠡᠭᠦᠯᠬᠦ ᠵᠢᠨ ᠲᠣᠭᠣᠷᠢᠨ᠎ᠳᠤ᠂ 2 ᠰᠠᠷ᠎ᠠ ᠵᠢᠨ 1᠎ᠤ ᠡᠳᠦᠷ᠎ᠠᠴᠠ 9᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠦᠯᠭᠦᠮ ᠳᠠᠭ᠋ᠠᠭᠤᠯᠤᠨ ᠪᠷᠠᠽᠢᠯ᠂ ᠦᠷᠦ᠋ᠭᠤᠸᠠᠶ᠎ᠳᠤ ᠠᠢ᠌ᠯᠴᠢᠯᠠᠪᠠ᠃


1.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠰᠠᠩᠲ᠋ᠤᠰ ᠭᠠᠷᠠᠮ᠎ᠳᠤ  ᠭᠠᠷᠠᠮ᠎ᠤᠨ ᠪᠦᠲᠦᠭᠡᠨ ᠪᠠᠢ᠌ᠭᠤᠯᠤᠯᠲᠠ ᠪᠣᠯᠣᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠡᠳ᠋ ᠪᠠᠷᠠᠭ᠎ᠠ ᠵᠢ ᠲᠥᠪᠯᠡᠷᠡᠭᠦᠯᠵᠦ ᠲᠠᠷᠬᠠᠭ᠋ᠠᠵᠤ ᠪᠠᠢ᠌ᠭ᠎ᠠ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ  ᠪᠠᠢ᠌ᠴᠠᠭ᠋ᠠᠪᠠ ᠃


2.jpg


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ  ᠳᠤᠮᠳᠠᠳᠤ ᠤᠯᠤᠰ (  ᠥᠪᠥᠷ ᠮᠣᠩᠭᠣᠯ ) —  ᠪᠷᠠᠽᠢᠯ᠎ᠤᠨ ᠰᠢᠷ᠎ᠠ ᠪᠤᠷᠴᠠᠭ᠎ᠤᠨ ᠦᠷᠭᠦᠯᠵᠢᠯᠡᠬᠦ   ᠪᠠᠢ᠌ᠯᠳᠤᠬᠤ ᠪᠣᠳᠣᠯᠭ᠎ᠠ ᠵᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ᠎ᠤᠨ ᠰᠦ ᠵᠢᠨ ᠦᠢ᠍ᠯᠡᠰ᠎ᠤᠨ ᠦᠷᠭᠦᠯᠵᠢᠯᠡᠬᠦ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠲᠤ᠎ᠪᠠᠷ ᠪᠠᠢ᠌ᠭᠤᠯᠬᠤ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢ ᠲᠣᠬᠢᠷᠠᠯᠴᠠᠨ ᠨᠡᠢ᠌ᠲᠡᠯᠡᠬᠦ ᠶᠣᠰᠣᠯᠠᠯ᠎ᠳᠤ ᠣᠷᠣᠯᠴᠠᠪᠠ᠃


3.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ  ᠰᠠᠩᠸᠤᠩ ᠫᠠᠦ᠋ᠯᠦ᠋᠎ᠳᠤ 《 2026 ᠳᠡᠯᠡᠬᠡᠢ ᠵᠢᠨ ᠬᠤᠨᠳᠠᠭ᠋ᠠᠲᠤ ᠬᠥᠯ ᠪᠥᠮᠪᠥᠭᠡ ᠵᠢᠨ ᠤᠷᠤᠯᠳᠤᠭ᠋ᠠᠨ᠎ᠤ ᠲᠤᠭᠴᠢ ᠡᠯᠰᠡᠬᠦ ᠵᠢᠴᠢ ᠥᠪᠥᠷ ᠮᠣᠩᠭᠣᠯ ᠰᠠᠩᠸᠤᠩ ᠫᠠᠦ᠋ᠯᠦ᠋ ᠵᠢᠨ ᠣᠷᠣᠨ ᠪᠦᠰᠡ ᠵᠢᠨ ᠡᠭᠢᠯᠡᠯᠲᠡ ᠵᠢᠨ ᠶᠣᠰᠣᠯᠠᠯ 》᠎ᠳᠤ  ᠣᠷᠣᠯᠴᠠᠪᠠ ᠃


4.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ ᠵᠧᠦ ᠵᠢᠨ ᠣᠷᠣᠯᠠᠭᠴᠢ ᠳᠠᠷᠤᠭ᠎ᠠ ᠯᠠᠮᠦ᠋ᠰ᠎ᠲᠠᠢ  ᠠᠭᠤᠯᠵᠠᠪᠠ᠃


5.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠳᠤᠮᠳᠠᠳᠤ ᠤᠯᠤᠰ (  ᠥᠪᠥᠷ ᠮᠣᠩᠭᠣᠯ ) —  ᠪᠷᠠᠽᠢᠯ᠎ᠤᠨ ᠪᠡᠯᠡ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ᠎ᠳᠤ ᠣᠷᠣᠯᠴᠠᠬᠰᠠᠨ ᠪᠥᠭᠡᠳ ᠪᠠᠶᠠᠷ᠎ᠤᠨ ᠦᠭᠡ ᠬᠡᠯᠡᠪᠡ᠃

       ᠪᠷᠠᠽᠢᠯ᠎ᠳᠤ ᠠᠢ᠌ᠯᠴᠢᠯᠠᠬᠤ ᠬᠤᠭᠤᠴᠠᠭ᠋ᠠᠨ᠎ᠳᠠᠭᠠᠨ ᠰᠦᠨ ᠱᠤᠤ ᠴᠧᠩ ᠡᠩ ᠲᠡᠷᠢᠭᠦᠨ᠎ᠳᠤ ᠰᠠᠩᠲ᠋ᠤᠰ ᠭᠠᠷᠠᠮ᠎ᠳᠤ ᠬᠦᠷᠴᠦ᠂ ᠭᠠᠷᠠᠮ᠎ᠤᠨ ᠪᠦᠲᠦᠭᠡᠨ ᠪᠠᠢ᠌ᠭᠤᠯᠤᠯᠲᠠ ᠪᠣᠯᠣᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠡᠳ᠋ ᠪᠠᠷᠠᠭ᠎ᠠ ᠵᠢ ᠲᠥᠪᠯᠡᠷᠡᠭᠦᠯᠵᠦ ᠲᠠᠷᠬᠠᠭ᠋ᠠᠵᠤ ᠪᠠᠢ᠌ᠭ᠎ᠠ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ᠂ ᠳᠤᠮᠳᠠᠳᠤ ᠤᠯᠤᠰ (  ᠥᠪᠥᠷ ᠮᠣᠩᠭᠣᠯ ) —  ᠪᠷᠠᠽᠢᠯ᠎ᠤᠨ ᠰᠢᠷ᠎ᠠ ᠪᠤᠷᠴᠠᠭ᠎ᠤᠨ ᠦᠷᠭᠦᠯᠵᠢᠯᠡᠬᠦ   ᠪᠠᠢ᠌ᠯᠳᠤᠬᠤ ᠪᠣᠳᠣᠯᠭ᠎ᠠ ᠵᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ᠎ᠤᠨ ᠰᠦ ᠵᠢᠨ ᠦᠢ᠍ᠯᠡᠰ᠎ᠤᠨ ᠦᠷᠭᠦᠯᠵᠢᠯᠡᠬᠦ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠲᠤ᠎ᠪᠠᠷ ᠪᠠᠢ᠌ᠭᠤᠯᠬᠤ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢ ᠲᠣᠬᠢᠷᠠᠯᠴᠠᠨ ᠨᠡᠢ᠌ᠲᠡᠯᠡᠬᠦ ᠶᠣᠰᠣᠯᠠᠯ᠎ᠳᠤ ᠣᠷᠣᠯᠴᠠᠪᠠ᠃ ᠲᠤᠬᠠᠢ ᠵᠢᠨ ᠭᠠᠵᠠᠷ᠎ᠤᠨ ᠴᠠᠭ ᠵᠶ᠋ᠠᠷ 2 ᠰᠠᠷ᠎ᠠ ᠵᠢᠨ 3᠎ᠤ ᠦᠳᠡ ᠵᠢᠨ ᠬᠣᠢ᠌ᠨ᠎ᠠ᠂ ᠰᠦᠨ ᠱᠤᠤ ᠴᠧᠩ ᠰᠠᠩᠸᠤᠩ ᠫᠠᠦ᠋ᠯᠦ᠋᠎ᠳᠤ 《 2026 ᠳᠡᠯᠡᠬᠡᠢ ᠵᠢᠨ ᠬᠤᠨᠳᠠᠭ᠋ᠠᠲᠤ ᠬᠥᠯ ᠪᠥᠮᠪᠥᠭᠡ ᠵᠢᠨ ᠤᠷᠤᠯᠳᠤᠭ᠋ᠠᠨ᠎ᠤ ᠲᠤᠭᠴᠢ ᠡᠯᠰᠡᠬᠦ ᠵᠢᠴᠢ ᠥᠪᠥᠷ ᠮᠣᠩᠭᠣᠯ ᠰᠠᠩᠸᠤᠩ ᠫᠠᠦ᠋ᠯᠦ᠋ ᠵᠢᠨ ᠣᠷᠣᠨ ᠪᠦᠰᠡ ᠵᠢᠨ ᠡᠭᠢᠯᠡᠯᠲᠡ ᠵᠢᠨ ᠶᠣᠰᠣᠯᠠᠯ 》᠎ᠳᠤ ᠣᠷᠣᠯᠴᠠᠵᠤ᠂ ᠰᠠᠩᠸᠤᠩ ᠫᠠᠦ᠋ᠯᠦ᠋ ᠵᠧᠦ ᠵᠢᠨ ᠣᠷᠣᠯᠠᠭᠴᠢ ᠳᠠᠷᠤᠭ᠎ᠠ ᠯᠠᠮᠦ᠋ᠰ ᠵᠡᠷᠭᠡ ᠲᠤᠰᠢᠶᠠᠯᠲᠠᠨ᠎ᠲᠠᠢ ᠠᠭᠤᠯᠵᠠᠪᠠ᠃ ᠳᠠᠷᠠᠭ᠎ᠠ᠎ᠨᠢ ᠶᠠᠪᠤᠭᠳᠠᠭᠰᠠᠨ ᠳᠤᠮᠳᠠᠳᠤ ᠤᠯᠤᠰ (  ᠥᠪᠥᠷ ᠮᠣᠩᠭᠣᠯ ) —  ᠪᠷᠠᠽᠢᠯ᠎ᠤᠨ ᠪᠡᠯᠡ ᠣᠷᠣᠭᠤᠯᠤᠯᠲᠠ ᠠᠷᠠᠯᠵᠢᠶᠠᠨ᠎ᠤ ᠬᠠᠮᠲᠤᠷᠠᠯᠴᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ ᠰᠦᠨ ᠱᠤᠤ ᠴᠧᠩ ᠪᠠᠶᠠᠷ᠎ᠤᠨ ᠦᠭᠡ ᠬᠡᠯᠡᠪᠡ᠃ ᠲᠡᠷᠡ ᠪᠠᠶᠠᠷ᠎ᠤᠨ ᠦᠭᠡ᠎ᠳᠡᠭᠡᠨ᠂ ᠲᠡᠷᠢᠭᠦᠯᠡᠭᠴᠢ ᠰᠢ ᠵᠢᠨ ᠫᠢᠩ ᠳᠤᠮᠳᠠᠳᠤ ᠪᠷᠠᠽᠢᠯ᠎ᠤᠨ ᠬᠠᠷᠢᠯᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠢᠳᠤᠨᠤᠨ᠎ᠤ 11 ᠰᠠᠷ᠎ᠠ᠎ᠳᠤ ᠪᠷᠠᠽᠢᠯ᠎ᠳᠤ ᠠᠢ᠌ᠯᠴᠢᠯᠠᠬᠤ ᠬᠤᠭᠤᠴᠠᠭ᠋ᠠᠨ᠎ᠳᠤ ᠳᠤᠮᠳᠠᠳᠤ ᠪᠷᠠᠽᠢᠯ 《  ᠨᠡᠩ ᠲᠥᠪ ᠭᠣᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ᠎ᠢ ᠭᠠᠷ ᠬᠣᠯᠪᠣᠨ ᠪᠠᠢ᠌ᠭᠤᠯᠬᠤ ᠲᠤᠬᠠᠢ ᠳᠤᠮᠳᠠᠳᠤ ᠪᠷᠠᠽᠢᠯ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠢᠯᠡᠷᠬᠡᠢ᠌ᠯᠡᠯᠲᠡ 》  ᠵᠢᠴᠢ ᠠᠯᠢ ᠤᠯᠠᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠵᠤ᠂ ᠬᠣᠶᠠᠷ ᠤᠯᠤᠰ᠎ᠤᠨ ᠬᠠᠷᠢᠯᠴᠠᠭ᠎ᠠ ᠲᠡᠦᠬᠡ ᠵᠢᠨ ᠬᠠᠮᠤᠭ᠎ᠤᠨ ᠰᠠᠢ᠌ᠨ ᠴᠠᠭ ᠦᠶ᠎ᠡ᠎ᠳᠤ ᠣᠷᠣᠪᠠ᠃ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠨᠢᠭᠡᠨ ᠥᠪᠡᠷᠲᠡᠭᠡᠨ ᠵᠠᠰᠠᠬᠤ ᠣᠷᠣᠨ ᠮᠥᠨ᠃ ᠪᠷᠠᠽᠢᠯ᠎ᠤᠨ ᠬᠣᠯᠪᠣᠭᠳᠠᠯ ᠪᠦᠬᠦᠢ ᠭᠠᠵᠠᠷ ᠣᠷᠣᠨ᠎ᠯᠤᠭ᠎ᠠ ᠠᠵᠤ ᠠᠬᠤᠢ ᠵᠢᠨ ᠬᠠᠷᠢᠯᠴᠠᠨ ᠨᠥᠬᠥᠪᠦᠷᠢᠯᠡᠬᠦ ᠴᠢᠨᠠᠷ ᠵᠶ᠋ᠠᠷ ᠴᠢᠩᠭ᠎ᠠ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠰᠣᠶᠣᠯ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠳᠠᠯᠳᠠ ᠬᠦᠴᠦᠨ ᠯᠤᠲᠤ ᠶᠡᠬᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠢ᠌ᠨ᠎ᠠ᠃ ᠳᠤᠷᠠᠲᠠᠶ᠎ᠠ ᠬᠣᠶᠠᠷ ᠲᠠᠯ᠎ᠠ᠎ᠪᠠᠷ ᠵᠶ᠋ᠠᠨ ᠭᠠᠷ ᠬᠣᠯᠪᠣᠨ᠂ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠵᠢᠨ ᠰᠢᠨ᠎ᠡ ᠰᠢᠪᠲᠤᠯᠤᠯᠲᠠ᠎ᠲᠠᠢ ᠪᠤᠯᠬᠤ ᠵᠢ ᠬᠠᠮᠲᠤ᠎ᠪᠠᠷ ᠠᠬᠢᠭᠤᠯᠤᠨ᠎ᠠ᠃ ᠡᠭᠦᠨ᠎ᠤ ᠵᠡᠷᠭᠡ᠎ᠪᠠᠷ ᠪᠷᠠᠽᠢᠯ᠎ᠤᠨ ᠬᠣᠯᠪᠣᠭᠳᠠᠯ ᠪᠦᠬᠦᠢ ᠭᠠᠵᠠᠷ ᠣᠷᠣᠨ᠎ᠯᠤᠭ᠎ᠠ ᠨᠥᠭᠦᠷᠰᠡᠭ ᠬᠤᠳᠠ ᠵᠢᠨ ᠬᠠᠷᠢᠯᠴᠠᠭ᠎ᠠ ᠪᠠᠢ᠌ᠭᠤᠯᠤᠨ ᠭᠦᠨᠵᠡᠭᠡᠢ᠌ᠷᠡᠭᠦᠯᠵᠦ᠂ ᠬᠠᠮᠲᠤᠷᠠᠯᠴᠠᠨ ᠬᠥᠭᠵᠢᠬᠦ ᠰᠢᠨ᠎ᠡ ᠵᠠᠮ᠎ᠢ ᠬᠠᠮᠲᠤ᠎ᠪᠠᠷ ᠰᠦᠪᠡᠭᠴᠢᠯᠡᠬᠦ ᠵᠢ ᠬᠦᠰᠡᠵᠦ ᠪᠠᠢ᠌ᠨ᠎ᠠ ᠭᠡᠵᠦ ᠬᠡᠯᠡᠪᠡ᠃ ᠲᠣᠰ ᠤᠳᠠᠭ᠎ᠠ ᠵᠢᠨ ᠲᠠᠨᠢᠯᠴᠠᠭᠤᠯᠭ᠎ᠠ ᠵᠢᠨ ᠬᠤᠷᠠᠯ᠎ᠢ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠪᠷᠠᠽᠢᠯ᠎ᠤᠨ ᠭᠠᠳᠠᠭ᠋ᠠᠳᠤ ᠭᠠᠷᠭ᠋ᠠᠯᠲᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠲᠣᠪᠴᠢᠶ᠎ᠠ᠎ᠠᠴᠠ ᠬᠠᠮᠲᠤᠷᠠᠨ ᠡᠷᠭᠢᠯᠡᠵᠦ᠂ ᠳᠤᠮᠳᠠᠳᠤ ᠪᠷᠠᠽᠢᠯ ᠬᠣᠶᠠᠷ ᠲᠠᠯ᠎ᠠ ᠵᠢᠨ ᠨᠡᠢ᠌ᠲᠡ 200 ᠭᠠᠷᠤᠢ ᠠᠵᠤ ᠠᠬᠤᠢ᠌ᠯᠠᠯ ᠣᠷᠣᠯᠴᠠᠵᠤ᠂ ᠬᠠᠮᠲᠤᠷᠠᠯᠴᠠᠭ᠋ᠠᠨ᠎ᠤ ᠲᠥᠷᠥᠯ ᠵᠦᠢ᠍ᠯ᠂ ᠵᠥᠪᠯᠡᠯᠴᠡᠭᠡᠷ 17 ᠲᠣᠭᠲᠠᠵᠤ᠂ ᠲᠠᠷᠢᠮᠠᠯ᠎ᠤᠨ ᠦᠢ᠍ᠯᠡᠰ᠂ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠡᠨᠧᠷᠭᠢ᠂ ᠢᠳᠡᠭᠡᠨ ᠵᠢᠴᠢ ᠰᠦ ᠵᠢᠨ ᠦᠢ᠍ᠯᠡᠰ ᠵᠡᠷᠭᠡ ᠣᠯᠠᠨ ᠬᠦᠷᠢᠶᠡᠨ᠎ᠳᠤ ᠬᠣᠯᠪᠣᠭᠳᠠᠵᠤ᠂ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ᠎ᠨᠢ 100 ᠳ᠋ᠦᠩᠰᠢᠭᠤᠷ   ᠰᠢᠬᠠᠮ ᠲᠥᠭᠥᠷᠢᠭ᠎ᠲᠤ ᠬᠦᠷᠴᠡᠢ᠃


6.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠷᠢᠯᠭ᠎ᠠ᠎ᠪᠠᠷ ᠠᠢ᠌ᠰᠲ ᠬᠣᠱ᠌ᠣᠣ᠎ᠳᠤ ᠦᠷᠦ᠋ᠭᠤᠸᠠᠢ ᠵᠢᠨ ᠬᠣᠶᠠᠳᠤᠭ᠋ᠠᠷ ᠬᠤᠭᠤᠴᠠᠭ᠋ᠠᠨ᠎ᠤ ᠲᠠᠷᠢᠶᠠᠯᠠᠩ᠎ᠤᠨ ᠦᠵᠡᠰᠭᠦᠯᠡᠩ᠎ᠤᠨ ᠴᠤᠭᠯᠠᠭ᠋ᠠᠨ᠎ᠳᠤ  ᠣᠷᠣᠯᠴᠠᠪᠠ ᠃


7.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠠᠢ᠌ᠰᠲ ᠬᠣᠱ᠌ᠣᠣ᠎ᠳᠤ ᠢᠯᠢ ᠪᠦᠯᠦᠭᠯᠡᠯ ᠪᠣᠯᠣᠨ ᠺᠸᠨᠠ ᠰᠦ ᠵᠢᠨ ᠦᠢ᠍ᠯᠡᠰ᠂ ᠬᠥᠯᠥᠨ ᠪᠤᠢ᠌ᠷ᠎ᠤᠨ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ ᠪᠣᠯᠣᠨ ᠠᠭ᠌ᠸᠯᠢᠨᠸᠢᠰᠲ ᠺᠤᠮᠫᠠᠨᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠬᠤ ᠵᠢ ᠭᠡᠷᠡᠴᠢᠯᠡᠪᠡ᠃


8.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠦᠷᠦ᠋ᠭᠤᠸᠠᠶ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠳᠤ ᠬᠦᠷᠴᠦ ᠨᠢᠺᠦ᠋ᠯᠠᠰ · ᠠᠷᠸᠢᠲᠸᠨᠢ ᠳᠡᠳ᠋ ᠰᠠᠢ᠌ᠳ (  ᠣᠷᠣᠯᠠᠭᠴᠢ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ )᠎ᠲᠠᠢ  ᠬᠡᠯᠡᠯᠴᠡᠭᠡ  ᠬᠢᠪᠡ ᠃

       ᠦᠷᠦ᠋ᠭᠤᠸᠠᠢ᠎ᠳᠤ ᠠᠢ᠌ᠯᠴᠢᠯᠠᠬᠤ ᠬᠤᠭᠤᠴᠠᠭ᠋ᠠᠨ᠎ᠳᠠᠭᠠᠨ ᠰᠦᠨ ᠱᠤᠤ ᠴᠧᠩ ᠤᠷᠢᠯᠭ᠎ᠠ᠎ᠪᠠᠷ ᠠᠢ᠌ᠰᠲ ᠬᠣᠱ᠌ᠣᠣ᠎ᠳᠤ ᠦᠷᠦ᠋ᠭᠤᠸᠠᠢ ᠵᠢᠨ ᠬᠣᠶᠠᠳᠤᠭ᠋ᠠᠷ ᠬᠤᠭᠤᠴᠠᠭ᠋ᠠᠨ᠎ᠤ ᠲᠠᠷᠢᠶᠠᠯᠠᠩ᠎ᠤᠨ ᠦᠵᠡᠰᠭᠦᠯᠡᠩ᠎ᠤᠨ ᠴᠤᠭᠯᠠᠭ᠋ᠠᠨ᠎ᠳᠤ ᠣᠷᠣᠯᠴᠠᠵᠤ᠂ ᠲᠤᠬᠠᠢ ᠵᠢᠨ ᠭᠠᠵᠠᠷ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠮᠡᠷᠭᠡᠵᠢᠯ᠎ᠤᠨ ᠬᠡᠷᠡᠭᠯᠡᠯᠲᠡ ᠵᠡᠷᠭᠡ ᠪᠠᠢ᠌ᠳᠠᠯ᠎ᠢ ᠰᠢᠨᠵᠢᠯᠡᠨ ᠪᠠᠢ᠌ᠴᠠᠭ᠋ᠠᠵᠤ᠂ ᠢᠯᠢ ᠪᠦᠯᠦᠭᠯᠡᠯ ᠪᠣᠯᠣᠨ ᠺᠸᠨᠠ ᠰᠦ ᠵᠢᠨ ᠦᠢ᠍ᠯᠡᠰ᠂ ᠬᠥᠯᠥᠨ ᠪᠤᠢ᠌ᠷ᠎ᠤᠨ ᠲᠠᠷᠢᠶᠠᠯᠠᠩ᠎ᠤᠨ ᠠᠲᠠᠷ ᠬᠠᠭ᠋ᠠᠯᠪᠤᠷᠢᠯᠠᠯᠲᠠ ᠵᠢᠨ ᠪᠦᠯᠦᠭᠯᠡᠯ ᠪᠣᠯᠣᠨ ᠠᠭ᠌ᠸᠯᠢᠨᠸᠢᠰᠲ ᠺᠤᠮᠫᠠᠨᠢ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠬᠤ ᠵᠢ ᠭᠡᠷᠡᠴᠢᠯᠡᠪᠡ᠃ ᠮᠤᠨᠲᠸᠸᠢᠳᠢᠶᠠ᠎ᠳᠤ ᠰᠦᠨ ᠱᠤᠤ ᠴᠧᠩ ᠦᠷᠦ᠋ᠭᠤᠸᠠᠶ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠳᠤ ᠬᠦᠷᠴᠦ ᠨᠢᠺᠦ᠋ᠯᠠᠰ · ᠠᠷᠸᠢᠲᠸᠨᠢ ᠳᠡᠳ᠋ ᠰᠠᠢ᠌ᠳ (  ᠣᠷᠣᠯᠠᠭᠴᠢ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ )᠎ᠲᠠᠢ  ᠬᠡᠯᠡᠯᠴᠡᠭᠡ ᠬᠢᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠰᠠᠨ ᠬᠤᠰᠸ ᠮᠤᠵᠢ ᠵᠢᠨ ᠨᠥᠭᠦᠷᠰᠡᠭ ᠬᠣᠲᠠ ᠵᠢᠨ ᠬᠡᠯᠡᠯᠴᠡᠭᠡᠷ ᠰᠣᠯᠢᠯᠴᠠᠬᠤ ᠶᠣᠰᠣᠯᠠᠯ᠎ᠳᠤ ᠣᠷᠣᠯᠴᠠᠪᠠ᠃


9.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠷᠠᠽᠢᠯ᠎ᠤᠨ ᠲᠠᠷᠢᠶᠠᠯᠠᠩ ᠪᠣᠯᠣᠨ ᠮᠠᠯ ᠠᠵᠤ ᠠᠬᠤᠢ ᠵᠢᠨ ᠶᠠᠮᠤᠨ᠎ᠤ ᠳᠡᠳ᠋ ᠰᠠᠢ᠌ᠳ ᠺᠸᠯᠠᠢ᠌ᠪᠦ᠋ᠸᠸ ·  ᠰᠦᠯᠸᠢ᠌ᠰ᠎ᠲᠠᠢ  ᠠᠭᠤᠯᠵᠠᠪᠠ᠃


10.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ  ᠦᠷᠦ᠋ᠭᠤᠸᠠᠢ ᠵᠢᠨ ᠮᠠᠯ ᠠᠵᠤ ᠠᠬᠤᠢ ᠲᠠᠷᠢᠶᠠᠯᠠᠩ ᠵᠢᠭ᠋ᠠᠰᠤᠨ᠎ᠤ ᠠᠵᠤ ᠠᠬᠤᠢ ᠵᠢᠨ ᠶᠠᠮᠤᠨ᠎ᠤ ᠰᠠᠢ᠌ᠳ ᠹᠸᠷᠨᠠᠨᠳᠤ᠋ ·  ᠮᠠᠲ᠋ᠦ᠋ᠸᠰ᠎ᠲᠠᠢ  ᠠᠭᠤᠯᠵᠠᠪᠠ ᠃

       ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠪᠣᠯ ᠲᠤᠰ ᠤᠳᠠᠭ᠎ᠠ ᠵᠢᠨ ᠠᠢ᠌ᠯᠴᠢᠯᠠᠯᠲᠠ ᠵᠢᠨ ᠴᠢᠬᠤᠯᠠ ᠬᠠᠷᠠᠯᠲᠠ ᠪᠣᠯᠣᠨ᠎ᠠ᠃ ᠪᠷᠠᠽᠢᠯ ᠪᠣᠯᠣᠨ ᠦᠷᠦ᠋ᠭᠤᠸᠠᠢ᠎ᠳᠤ ᠪᠠᠢ᠌ᠬᠤ ᠬᠤᠭᠤᠴᠠᠭ᠋ᠠᠨ᠎ᠳᠠᠭᠠᠨ ᠰᠦᠨ ᠱᠤᠤ ᠴᠧᠩ ᠪᠷᠠᠽᠢᠯ᠎ᠤᠨ ᠲᠠᠷᠢᠶᠠᠯᠠᠩ ᠪᠣᠯᠣᠨ ᠮᠠᠯ ᠠᠵᠤ ᠠᠬᠤᠢ ᠵᠢᠨ ᠶᠠᠮᠤᠨ᠎ᠤ ᠳᠡᠳ᠋ ᠰᠠᠢ᠌ᠳ ᠺᠸᠯᠠᠢ᠌ᠪᠦ᠋ᠸᠸ ·  ᠰᠦᠯᠸᠢ᠌ᠰ᠂ ᠦᠷᠦ᠋ᠭᠤᠸᠠᠢ ᠵᠢᠨ ᠮᠠᠯ ᠠᠵᠤ ᠠᠬᠤᠢ ᠲᠠᠷᠢᠶᠠᠯᠠᠩ ᠵᠢᠭ᠋ᠠᠰᠤᠨ᠎ᠤ ᠠᠵᠤ ᠠᠬᠤᠢ ᠵᠢᠨ ᠶᠠᠮᠤᠨ᠎ᠤ ᠰᠠᠢ᠌ᠳ ᠹᠸᠷᠨᠠᠨᠳᠤ᠋·  ᠮᠠᠲ᠋ᠦ᠋ᠸᠰ᠎ᠲᠠᠢ ᠲᠤᠰ ᠲᠤᠰ ᠠᠭᠤᠯᠵᠠᠪᠠ᠃ ᠲᠡᠷᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠮᠠᠯ ᠠᠵᠤ ᠠᠬᠤᠢ ᠲᠠᠷᠢᠶᠠᠯᠠᠩ᠎ᠤᠨ ᠲᠣᠮᠣ ᠣᠷᠣᠨ᠂ ᠪᠷᠠᠽᠢᠯ᠂ ᠦᠷᠦ᠋ᠭᠤᠸᠠᠢ ᠪᠣᠯ ᠳᠡᠯᠡᠬᠡᠢ ᠵᠢᠨ ᠮᠠᠯ ᠠᠵᠤ ᠠᠬᠤᠢ ᠲᠠᠷᠢᠶᠠᠯᠠᠩ᠎ᠤᠨ ᠲᠣᠮᠣ ᠤᠯᠤᠰ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠴᠢᠬᠤᠯᠠ ᠤᠯᠤᠰ ᠪᠠᠢ᠌ᠵᠤ᠂ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠬᠤ ᠪᠣᠯ ᠪᠢᠳᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠃ ᠥᠪᠥᠷ ᠮᠣᠩᠭᠣᠯ ᠬᠣᠶᠠᠷ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠲᠠᠢ ᠮᠠᠯ ᠠᠵᠤ ᠠᠬᠤᠢ ᠲᠠᠷᠢᠶᠠᠯᠠᠩ᠎ᠤᠨ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠢᠯᠠᠩᠭᠤᠶ᠎ᠠ ᠦᠷ᠎ᠡ ᠵᠢᠨ ᠦᠢ᠍ᠯᠡᠰ ᠭᠡᠬᠦ ᠡᠨᠡ ᠬᠦ᠌ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ᠎ᠤᠨ ᠣᠷᠳᠣᠨ᠎ᠠᠴᠠ ᠲᠠᠪᠴᠠᠩ ᠪᠠᠢ᠌ᠭᠤᠯᠬᠤ᠎ᠪᠠᠷ ᠳᠠᠮᠵᠢᠨ ᠨᠠᠩ ᠣᠯᠠᠨ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠮᠤ ᠪᠤᠳᠠᠭ᠎ᠠ᠂ ᠪᠤᠭ ᠮᠠᠯ᠂ ᠦᠬᠡᠷ᠂ ᠡᠪᠡᠰᠦ ᠵᠡᠷᠭᠡ ᠵᠢᠨ ᠦᠷ᠎ᠡ ᠡᠳ᠋᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠭᠠᠷ ᠬᠣᠯᠪᠣᠨ ᠠᠬᠢᠭᠤᠯᠵᠤ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠬᠦ ᠵᠢ ᠬᠦᠰᠡᠵᠦ ᠪᠠᠢ᠌ᠨ᠎ᠠ ᠭᠡᠪᠡ᠃


11.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠳᠤᠮᠳᠠᠳᠤ ᠤᠯᠤᠰ᠎ᠤᠨ ᠪᠷᠠᠽᠢᠯ᠎ᠳᠤ ᠰᠠᠭᠤᠭ᠎ᠠ ᠡᠯᠴᠢᠨ ᠰᠠᠢ᠌ᠳ ᠵᠦ᠍ ᠴᠢᠩ ᠴᠢᠶᠣᠤ᠎ᠲᠠᠢ  ᠠᠭᠤᠯᠵᠠᠪᠠ ᠃


12.jpg


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠦᠷᠦ᠋ᠭᠤᠸᠠᠢ᠎ᠳᠤ ᠰᠠᠭᠤᠭ᠎ᠠ ᠡᠯᠴᠢᠨ ᠰᠠᠢ᠌ᠳ ᠬᠤᠸᠠᠩ ᠶᠠ ᠵᠦᠩ᠎ᠲᠠᠢ  ᠠᠭᠤᠯᠵᠠᠪᠠ᠃

       ᠠᠢ᠌ᠯᠴᠢᠯᠠᠯᠲᠠ ᠵᠢᠨ ᠬᠤᠭᠤᠴᠠᠭ᠋ᠠᠨ᠎ᠳᠤ ᠰᠦᠨ ᠱᠤᠤ ᠴᠧᠩ ᠪᠠᠰᠠ ᠳᠤᠮᠳᠠᠳᠤ ᠤᠯᠤᠰ᠎ᠤᠨ ᠪᠷᠠᠽᠢᠯ᠎ᠳᠤ ᠰᠠᠭᠤᠭ᠎ᠠ ᠡᠯᠴᠢᠨ ᠰᠠᠢ᠌ᠳ ᠵᠦ᠍ ᠴᠢᠩ ᠴᠢᠶᠣᠤ᠂ ᠦᠷᠦ᠋ᠭᠤᠸᠠᠢ᠎ᠳᠤ ᠰᠠᠭᠤᠭ᠎ᠠ ᠡᠯᠴᠢᠨ ᠰᠠᠢ᠌ᠳ ᠬᠤᠸᠠᠩ ᠶᠠ ᠵᠦᠩ᠂ ᠪᠷᠠᠽᠢᠯ᠎ᠤᠨ ᠰᠠᠩᠸᠤᠩ ᠫᠠᠦ᠋ᠯᠥ᠋᠎ᠳᠤ ᠰᠠᠭᠤᠭ᠎ᠠ ᠶᠡᠷᠦᠩᠬᠡᠢ ᠺᠣᠨᠰᠦ᠋ᠯ ᠢᠦᠢ ᠫᠧᠩ᠎ᠲᠠᠢ ᠠᠭᠤᠯᠵᠠᠵᠤ᠂ ᠡᠯ᠎ᠡ ᠡᠯᠴᠢᠨ ᠰᠠᠢ᠌ᠳ᠎ᠤᠨ ᠶᠠᠮᠤᠨ ᠺᠣᠨᠰᠦ᠋ᠯ᠎ᠤᠨ ᠭᠠᠵᠠᠷ᠎ᠤᠨ᠎ᠬᠢᠨ᠎ᠤ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠡᠯᠴᠢᠨ ᠰᠠᠢ᠌ᠳ᠎ᠤᠨ ᠶᠠᠮᠤᠨ ᠺᠣᠨᠰᠦ᠋ᠯ᠎ᠤᠨ ᠭᠠᠵᠠᠷ᠎ᠤᠨ᠎ᠬᠢᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠬᠤ᠎ᠳᠤ ᠬᠦᠴᠦᠨ ᠨᠡᠮᠡᠷᠢᠯᠡᠬᠦ ᠵᠢ ᠴᠢᠩ ᠰᠡᠳᠬᠢᠯ᠎ᠠᠴᠠ᠎ᠪᠠᠨ ᠬᠦᠰᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map