2 ᠰᠠᠷ᠎ᠠ ᠵᠢᠨ 22᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠪᠠᠢ᠌ᠭᠤᠯᠭ᠎ᠠ ᠵᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠺᠠᠳ᠋ᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠨᠡᠢ᠌ᠲᠡᠯᠡᠪᠡ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ ᠃
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠤᠩᠰᠢᠨ ᠨᠡᠢ᠌ᠲᠡᠯᠡᠪᠡ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠪᠦᠦ ᠰᠢᠶᠠᠨ ᠬᠤᠸᠠ ᠨᠥᠬᠥᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠠᠷᠤᠭ᠎ᠠ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠵᠤ ᠂ ᠵᠧᠩ ᠬᠣᠩ ᠹᠠᠨ ᠨᠥᠬᠥᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠠᠷᠤᠭ᠎ᠠ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠬᠤ᠎ᠪᠠᠨ ᠪᠣᠯᠢᠨ᠎ᠠ ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭᠲᠠᠵᠠᠢ ᠃
2 ᠰᠠᠷ᠎ᠠ ᠵᠢᠨ 22᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠪᠠᠢ᠌ᠭᠤᠯᠭ᠎ᠠ ᠵᠢᠨ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠺᠠᠳ᠋ᠷ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ᠎ᠨᠢ ᠪᠠᠭᠤᠯᠭ᠋ᠠᠬᠤ ᠲᠣᠭᠲᠠᠭ᠋ᠠᠯ᠎ᠢ ᠨᠡᠢ᠌ᠲᠡᠯᠡᠪᠡ ᠃
ᠰᠦᠨ ᠱᠤᠤ ᠴᠧᠩ ᠂ ᠡᠨᠡ ᠤᠳᠠᠭ᠎ᠠ ᠵᠢᠨ ᠺᠠᠳ᠋ᠷ᠎ᠤᠨ ᠲᠣᠬᠢᠷᠠᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠬᠡ ᠲᠠᠯ᠎ᠠ᠎ᠠᠴᠠ ᠡᠭᠦᠰᠴᠦ ᠂ ᠠᠵᠢᠯ᠎ᠤᠨ ᠬᠡᠷᠡᠭᠴᠡᠭᠡ ᠪᠣᠯᠣᠨ ᠤᠳᠤᠷᠢᠳᠬᠤ ᠪᠠᠭ᠎ᠤᠨ ᠪᠠᠢ᠌ᠭᠤᠯᠤᠯᠲᠠ ᠵᠢᠨ ᠪᠣᠳᠠᠲᠤ ᠪᠠᠢ᠌ᠳᠠᠯ᠎ᠢ ᠦᠨᠳᠦᠰᠦᠯᠡᠨ ᠂ ᠪᠦᠭᠦ ᠲᠠᠯ᠎ᠠ᠎ᠪᠠᠷ ᠪᠣᠳᠣᠯᠬᠢᠯᠠᠵᠤ ᠂ ᠨᠠᠷᠢᠨ ᠬᠢᠨᠠᠮᠠᠭ᠋ᠠᠢ ᠰᠤᠳᠤᠯᠵᠤ ᠭᠠᠷᠭ᠋ᠠᠭᠰᠠᠨ ᠲᠣᠭᠲᠠᠭ᠋ᠠᠯ ᠪᠣᠯᠣᠨ᠎ᠠ ᠃ ᠤᠯᠠᠨ ᠵᠶ᠋ᠠᠷ ᠵᠶ᠋ᠠᠨ ᠤᠯᠤᠰ ᠲᠦᠷᠦ ᠵᠢ ᠡᠷᠭᠢᠮᠯᠡᠭᠦ ᠂ ᠶᠡᠬᠡ ᠲᠠᠯ᠎ᠠ ᠵᠢ ᠬᠠᠷᠠᠭ᠋ᠠᠯᠵᠠᠬᠤ ᠂ ᠰᠠᠬᠢᠯᠭ᠎ᠠ ᠪᠠᠲᠤ ᠵᠢ ᠰᠠᠬᠢᠬᠤ ᠥᠨᠳᠥᠷᠴᠡ᠎ᠠᠴᠠ ᠪᠦᠦ ᠰᠢᠶᠠᠨ ᠬᠤᠸᠠ ᠨᠥᠬᠥᠷ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠳᠡᠮᠵᠢᠨ ᠬᠠᠮᠵᠢᠵᠤ ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠥᠪᠥᠷ ᠮᠣᠩᠭᠣᠯ᠎ᠤᠨ ᠰᠤᠷᠲᠠᠯ ᠤᠬᠠᠭᠤᠯᠭ᠎ᠠ ᠵᠢᠨ ᠠᠵᠢᠯ᠎ᠢ ᠨᠡᠩ ᠰᠠᠢ᠌ᠲᠤᠷ ᠬᠢᠬᠦ ᠬᠡᠷᠡᠭᠲᠡᠢ ᠭᠡᠵᠡᠢ ᠃
ᠰᠦᠨ ᠱᠤᠤ ᠴᠧᠩ ᠂ ᠣᠢ᠌ᠷ᠎ᠠ ᠵᠢᠨ ᠬᠡᠳᠦᠨ ᠵᠢᠯ᠎ᠳᠤ ᠰᠤᠷᠲᠠᠯ ᠤᠬᠠᠭᠤᠯᠭ᠎ᠠ ᠵᠢᠨ ᠰᠢᠰᠲᠸᠮ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ ᠂ ᠭᠣᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠵᠢ ᠪᠤᠵᠠᠭ᠋ᠠᠢ᠌ᠷᠠᠭᠤᠯᠬᠤ ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠴᠣᠭᠴᠠᠯᠠᠬᠤ ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠵᠦ ᠂ 《 ᠥᠪᠥᠷ ᠮᠣᠩᠭᠣᠯ᠎ᠤᠨ ᠵᠥᠪ ᠲᠠᠯ᠎ᠠ ᠵᠢᠨ ᠳᠦᠷᠢ ᠲᠥᠷᠬᠦ ᠵᠢ ᠱᠤᠭᠤᠬᠤ 》 ᠵᠢᠨ ᠲᠥᠯᠥᠭᠡ ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ ᠂ ᠲᠣᠭ᠎ᠢ ᠮᠠᠨᠳᠤᠭᠤᠯᠬᠤ ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ ᠂ ᠰᠢᠨ᠎ᠡ ᠬᠥᠮᠥᠨ᠎ᠢ ᠬᠥᠮᠥᠵᠢᠭᠦᠯᠬᠦ ᠂ ᠰᠣᠶᠣᠯ᠎ᠢ ᠮᠠᠨᠳᠤᠭᠤᠯᠬᠤ ᠂ ᠳᠦᠷᠢ ᠲᠥᠷᠬᠦ ᠵᠢ ᠢᠯᠡᠷᠡᠭᠦᠯᠬᠦ ᠡᠯ᠎ᠡ ᠵᠦᠢ᠍ᠯ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠬᠦᠴᠦᠷᠬᠡᠭ ᠶᠡᠬᠡ ᠬᠦᠴᠦᠨ᠎ᠢ ᠨᠢᠭᠲᠠᠷᠠᠭᠤᠯᠵᠤ ᠂ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ ᠃ ᠨᠠᠮ᠎ᠤᠨ ᠰᠢᠨ᠎ᠡ ᠡᠭᠦᠳᠦᠭᠰᠡᠨ ᠤᠨᠤᠯ ᠵᠢᠡᠷ ᠵᠡᠪᠰᠡᠭᠯᠡᠬᠦ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ ᠂ 《 ᠲᠦᠷᠪᠡᠨ ᠰᠤᠷᠤᠯᠴᠠᠯᠭ᠎ᠠ 》 ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠵᠦ ᠂ ᠤᠨᠤᠯ᠎ᠤᠨ ᠤᠬᠠᠭᠤᠯᠭ᠎ᠠ ᠵᠢ ᠤᠯᠠᠨ ᠲᠦᠮᠡᠨ᠎ᠲᠠᠢ ᠨᠡᠩ ᠣᠢ᠌ᠷᠠᠲᠤᠭᠤᠯᠵᠤ ᠂ ᠨᠡᠩ ᠠᠮᠢᠵᠢᠷᠠᠯ᠎ᠤᠨ ᠬᠦᠴᠦᠨ᠎ᠲᠠᠢ ᠪᠤᠯᠭ᠋ᠠᠬᠤ ᠬᠡᠷᠡᠭᠲᠡᠢ ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ ᠂ ᠬᠢᠯᠢ ᠬᠢᠵᠠᠭ᠋ᠠᠷ᠎ᠤᠨ ᠵᠠᠰᠠᠯᠲᠠ ᠵᠢᠨ ᠰᠤᠳᠤᠯᠭ᠋ᠠᠨ᠎ᠢ ᠰᠠᠢ᠌ᠲᠤᠷ ᠠᠳᠬᠤᠵᠤ ᠂ 《 ᠵᠢᠷᠭᠤᠭ᠋ᠠᠨ ᠥᠭᠦᠯᠡᠪᠦᠷᠢ ᠦᠭᠡ ᠵᠢᠨ ᠪᠣᠳᠠᠲᠤ ᠶᠠᠪᠤᠳᠠᠯ ᠪᠠ ᠶᠣᠰᠣ ᠤᠴᠢᠷ 》᠎ᠢ ᠠᠮᠢᠳᠤᠯᠢᠭ ᠲᠤᠭᠤᠰᠢᠲᠠᠢ ᠶᠠᠷᠢᠬᠤ ᠬᠡᠷᠡᠭᠲᠡᠢ ᠃ ᠠᠵᠤ ᠠᠬᠤᠢ ᠵᠢᠨ ᠬᠥᠭᠵᠢᠯᠲᠡ᠎ᠳᠤ ᠰᠦᠷ ᠬᠦᠴᠦᠨ ᠨᠡᠮᠡᠷᠢᠯᠡᠵᠦ ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠥᠷᠨᠢᠭᠦᠨ ᠪᠠᠢ᠌ᠳᠠᠯ ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠂ ᠠᠵᠢᠯ ᠦᠢ᠍ᠯᠡᠰ᠎ᠤᠨ ᠶᠡᠬᠡ ᠵᠢ ᠪᠦᠲᠦᠭᠡᠵᠦ ᠪᠤᠯᠬᠤ ᠰᠠᠷᠠᠭᠤᠯ ᠢᠷᠡᠭᠡᠳᠦᠢ ᠵᠢ ᠨᠡᠩ ᠥᠷᠭᠡᠨ ᠳᠡᠯᠭᠡᠷ ᠭᠦᠨ ᠭᠦᠨᠵᠡᠭᠡᠢ ᠢᠯᠡᠷᠡᠭᠦᠯᠵᠦ ᠂ ᠡᠯ᠎ᠡ ᠲᠠᠯ᠎ᠠ ᠵᠢᠨ᠎ᠬᠢᠨ᠎ᠤ ᠴᠤᠭ ᠰᠦᠯᠳᠡ ᠡᠷᠴᠢ ᠵᠣᠷᠢᠭ᠎ᠢ ᠤᠯᠠᠮ ᠪᠠᠳᠠᠷᠠᠭᠤᠯᠬᠤ ᠬᠡᠷᠡᠭᠲᠡᠢ ᠃ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ ᠂ ᠰᠤᠳᠤᠯᠤᠨ ᠲᠠᠢ᠌ᠯᠪᠤᠷᠢᠯᠠᠬᠤ ᠂ ᠤᠬᠠᠭᠤᠯᠤᠨ ᠳᠡᠯᠭᠡᠨ ᠦᠵᠡᠭᠦᠯᠭᠦ ᠂ ᠵᠣᠬᠢᠶᠠᠨ ᠪᠦᠲᠦᠭᠡᠵᠦ ᠣᠨᠳᠣᠣᠰᠢᠭᠤᠯᠬᠤ ᠂ ᠲᠦᠷᠦᠯ ᠲᠡᠮᠳᠡᠭ᠎ᠢ ᠳᠡᠯᠭᠡᠷᠡᠭᠦᠯᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ ᠂ ᠨᠡᠩ ᠤᠯᠠᠨ 《 ᠨᠡᠷ᠎ᠡ ᠠᠯᠳᠠᠷᠰᠢᠭᠰᠠᠨ 》 ᠂ 《 ᠭᠣᠢ᠌ᠳᠠ ᠰᠠᠢ᠌ᠬᠠᠨ 》 ᠤᠳᠬ᠎ᠠ ᠤᠷᠠᠯᠢᠭ᠎ᠤᠨ ᠪᠦᠲᠦᠭᠡᠭᠳᠡᠬᠦᠨ᠎ᠢ ᠵᠣᠬᠢᠶᠠᠨ ᠪᠦᠲᠦᠭᠡᠬᠦ ᠬᠡᠷᠡᠭᠲᠡᠢ ᠃ ᠰᠣᠶᠣᠯ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠰᠣᠶᠣᠯ᠎ᠤᠨ ᠦᠢ᠍ᠯᠡᠰ᠎ᠤᠨ ᠬᠥᠭᠵᠢᠯᠲᠡ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ ᠂ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂ ᠡᠯ᠎ᠡ ᠲᠦᠷᠦᠯ᠎ᠤᠨ ᠠᠶᠤᠯ ᠲᠦᠭᠰᠢᠭᠦᠷᠢ ᠵᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠭᠦ ᠬᠡᠷᠡᠭᠲᠡᠢ ᠭᠡᠪᠡ ᠃
2 ᠰᠠᠷ᠎ᠠ ᠵᠢᠨ 22᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠰᠢᠶᠠᠨ ᠬᠤᠸᠠ ᠂ ᠵᠧᠩ ᠬᠣᠩ ᠹᠠᠨ ᠣᠪᠣᠷ ᠵᠶ᠋ᠠᠨ ᠢᠯᠡᠳᠬᠡᠬᠦ ᠦᠭᠡ ᠬᠡᠯᠡᠪᠡ᠃
ᠪᠦᠦ ᠰᠢᠶᠠᠨ ᠬᠤᠸᠠ ᠂ ᠵᠧᠩ ᠬᠣᠩ ᠹᠠᠨ ᠣᠪᠣᠷ ᠵᠶ᠋ᠠᠨ ᠢᠯᠡᠳᠬᠡᠬᠦ ᠦᠭᠡ ᠬᠡᠯᠡᠵᠡᠢ ᠃