ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢ᠌ᠭᠡᠮ᠎ᠤᠨ ᠠᠵᠢᠯ᠎ᠤᠨ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-02-27


      2 ᠰᠠᠷ᠎ᠠ ᠵᠢᠨ 26᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢ᠌ᠭᠡᠮ᠎ᠤᠨ ᠠᠵᠢᠯ᠎ᠤᠨ ᠬᠤᠷᠠᠯ ᠭᠦᠭᠡᠬᠣᠲᠠ᠎ᠳᠤ ᠬᠤᠷᠠᠯᠳᠤᠪᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠨᠡᠢ᠌ᠭᠡᠮ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ 《  ᠨᠢᠭᠡ ᠭᠣᠣᠯ ᠰᠢᠵᠢᠮ᠎ᠢ ᠲᠤᠭᠤᠰᠢᠯᠠᠭᠤᠯᠬᠤ ᠂  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠂  ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠂  ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ 》 ᠵᠢᠨ  ᠲᠣᠭᠣᠷᠢᠨ᠎ᠳᠤ ᠂  ᠨᠡᠢ᠌ᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠂  ᠮᠠᠨ᠎ᠤ ᠣᠷᠣᠨ᠎ᠤ ᠨᠡᠢ᠌ᠭᠡᠮ᠎ᠤᠨ ᠠᠵᠢᠯ᠎ᠢ  ᠳᠡᠭᠡᠳᠦ ᠲᠦᠪᠰᠢᠨ᠎ᠳᠤ  ᠤᠷᠤᠭᠤᠯᠬᠤ᠎ᠪᠠᠷ  ᠬᠦᠴᠦᠯᠡᠨ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ ᠃


0227自治区党委社会工作会议召开 孙绍骋出席并讲话.jpg

0227自治区党委社会工作会议召开 孙绍骋出席并讲话2.jpg


      2 ᠰᠠᠷ᠎ᠠ ᠵᠢᠨ 26᠎ᠤ ᠡᠳᠦᠷ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢ᠌ᠭᠡᠮ᠎ᠤᠨ ᠠᠵᠢᠯ᠎ᠤᠨ ᠬᠤᠷᠠᠯ ᠭᠦᠭᠡᠬᠣᠲᠠ᠎ᠳᠤ ᠬᠤᠷᠠᠯᠳᠤᠪᠠ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ  ᠲᠠᠯᠪᠢᠪᠠ ᠃

      ᠰᠤᠷᠪᠤᠯᠵᠢᠯᠠᠭᠴᠢ   ᠮᠠ ᠵᠢᠶᠠᠨ ᠪᠢᠩ   ᠰᠡᠭᠦᠳᠡᠷᠯᠡᠪᠡ


       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠂  ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠱ᠌ᠢ ᠭᠤᠸᠠᠩ ᠬᠤᠢ ᠬᠤᠷᠠᠯ᠎ᠢ ᠡᠷᠭᠢᠯᠡᠪᠡ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠂  ᠵᠠᠰᠠᠭ᠎ᠤᠨ ᠣᠷᠳᠣᠨ ᠂  ᠤᠯᠤᠰ ᠲᠦᠷᠦ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠵᠠᠢ ᠃

       ᠰᠦᠨ ᠱᠤᠤ ᠴᠧᠩ ᠂  ᠶᠡᠷᠦᠩᠬᠡᠢ ᠱᠦᠵᠢ ᠰᠢ ᠵᠢᠨ ᠫᠢᠩ᠎ᠤᠨ ᠨᠡᠢ᠌ᠭᠡᠮ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠨᠢ ᠰᠢᠨ᠎ᠡ ᠴᠠᠭ ᠦᠶ᠎ᠡ ᠵᠢᠨ ᠨᠡᠢ᠌ᠭᠡᠮ᠎ᠤᠨ ᠠᠵᠢᠯ᠎ᠤᠨ ᠦᠨᠳᠦᠰᠦᠨ ᠵᠠᠷᠴᠢᠮ ᠂  ᠦᠷᠳᠡᠭ᠎ᠤᠨ ᠬᠠᠨᠳᠤᠰᠢ ᠂  ᠬᠥᠭᠵᠢᠯᠲᠡ ᠵᠢᠨ ᠴᠢᠭᠯᠡᠯ ᠂  ᠭᠣᠣᠯᠳᠠᠯᠭ᠎ᠠ᠎ᠲᠠᠢ ᠡᠭᠦᠷᠭᠡ ᠂  ᠰᠠᠭᠤᠷᠢ ᠪᠠᠲᠤᠯᠠᠭ᠎ᠠ ᠵᠡᠷᠭᠡ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ ᠂  ᠪᠢᠳᠡᠨ᠎ᠤ ᠠᠵᠢᠯ ᠵᠶ᠋ᠠᠨ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠵᠠᠢ ᠃  ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠰᠢᠨ᠎ᠡ ᠴᠠᠭ ᠦᠶ᠎ᠡ ᠵᠢᠨ ᠨᠡᠢ᠌ᠭᠡᠮ᠎ᠤᠨ ᠠᠵᠢᠯ᠎ᠢ ᠰᠠᠢ᠌ᠲᠤᠷ ᠬᠢᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠨ  ᠦᠨᠡᠨ ᠬᠦ᠌ ᠴᠢᠩᠭ᠋ᠠᠳᠬᠠᠵᠤ ᠂  ᠪᠠᠲᠤ ᠴᠢᠩᠭ᠎ᠠ ᠤᠯᠤᠰ ᠲᠦᠷᠦ ᠵᠢᠨ ᠤᠬᠠᠮᠰᠠᠷ ᠂  ᠵᠢᠭᠰᠠᠭ᠋ᠠᠯ᠎ᠤᠨ ᠭᠠᠵᠠᠷ᠎ᠤᠨ ᠤᠬᠠᠮᠰᠠᠷ ᠪᠣᠯᠣᠨ ᠲᠦᠭᠰᠢᠭᠦᠷᠢ ᠵᠢᠨ ᠤᠬᠠᠮᠰᠠᠷ ᠵᠶ᠋ᠠᠷ ᠳᠤᠲᠠᠭᠤᠳᠠᠯ ᠵᠶ᠋ᠠᠨ ᠨᠥᠬᠥᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂  ᠨᠡᠢ᠌ᠭᠡᠮ᠎ᠤᠨ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠃  ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠨᠠᠮ᠎ᠤᠨ ᠪᠠᠢ᠌ᠭᠤᠯᠤᠯᠲᠠ ᠵᠢ ᠲᠣᠪᠣᠢ᠌ᠮ᠎ᠠ ᠰᠠᠢ᠌ᠲᠤᠷ ᠠᠳᠬᠤᠵᠤ ᠂  ᠨᠠᠮ᠎ᠤᠨ ᠪᠠᠢ᠌ᠭᠤᠯᠤᠯᠲᠠ ᠵᠢᠨ ᠪᠦᠲᠦᠮᠵᠢᠳᠠᠢ ᠠᠷᠭ᠎ᠠ ᠵᠢ ᠢᠳᠡᠪᠬᠢᠲᠡᠢ ᠰᠦᠪᠡᠭᠴᠢᠯᠡᠵᠦ ᠂ 《  ᠶᠠᠭ᠋ᠠᠬᠢᠵᠤ ᠪᠠᠢ᠌ᠭᠤᠯᠬᠤ 》 ᠂ 《  ᠶᠠᠭ᠋ᠠᠬᠢᠵᠤ ᠬᠡᠷᠡᠭᠯᠡᠬᠦ 》 ᠂ 《  ᠬᠡᠨ ᠬᠠᠷᠢᠭᠤᠴᠠᠬᠤ 》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ ᠂  ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠡᠯ᠎ᠡ ᠲᠦᠷᠦᠯ᠎ᠤᠨ ᠬᠥᠮᠥᠰ᠎ᠤᠨ ᠭᠤᠢ᠌ᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ ᠂  ᠨᠠᠮ ᠵᠶ᠋ᠠᠨ ᠳᠠᠭ᠋ᠠᠬᠤ ᠵᠢ ᠬᠥᠲᠥᠯᠥᠨ ᠵᠢᠯᠤᠭᠣᠳᠬᠤ ᠬᠡᠷᠡᠭᠲᠡᠢ ᠃  ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠬᠤ ᠵᠢ ᠭᠦᠨᠵᠡᠭᠡᠢ ᠠᠬᠢᠭᠤᠯᠵᠤ ᠂  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠦᠢ᠍ᠯᠡᠳᠦᠯ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ ᠴᠢᠳᠠᠪᠬᠢ ᠵᠢ ᠴᠢᠩᠭ᠋ᠠᠳᠬᠠᠵᠤ ᠂  ᠳᠡᠭᠡᠷ᠎ᠡ ᠱᠠᠲᠤᠨ᠎ᠤ 《  ᠦᠢ᠍ᠯᠡᠳᠦᠭᠰᠡᠨ 》 ᠴᠢᠬᠤᠯᠠ ᠪᠤᠰᠤ ᠳᠠᠷᠤᠭ᠋ᠠᠰᠤ ᠪᠣᠯᠣᠨ ᠳᠣᠣᠷ᠎ᠠ ᠱᠠᠲᠤᠨ᠎ᠤ 《  ᠥᠪᠡᠰᠦᠪᠡᠨ ᠦᠢ᠍ᠯᠡᠳᠦᠭᠰᠡᠨ 》 ᠢᠯᠡᠭᠦᠴᠡ ᠳᠠᠷᠤᠭ᠋ᠠᠰᠤ ᠵᠢ ᠨᠢᠭᠡᠳᠦᠯᠲᠡᠢ ᠲᠥᠯᠥᠪᠵᠢᠭᠦᠯᠦᠨ ᠦᠨᠳᠦᠰᠦᠨ᠎ᠠᠴᠠ᠎ᠨᠢ ᠵᠠᠰᠠᠵᠤ ᠂  ᠬᠡᠮᠵᠢᠶ᠎ᠡ᠎ᠠᠴᠠ  ᠬᠡᠲᠦᠷᠡᠲᠡᠯ᠎ᠡ ᠭᠠᠳᠠᠭᠰᠢᠯᠠᠭᠤᠯᠬᠤ ᠂  ᠳᠠᠭ᠋ᠠᠭ᠋ᠠᠴᠠ᠎ᠠᠴᠠ ᠬᠡᠲᠦᠷᠡᠲᠡᠯ᠎ᠡ ᠲᠡᠭᠡᠭᠡᠪᠦᠷᠢᠯᠡᠬᠦ ᠂  ᠬᠡᠲᠦᠷᠡᠲᠡᠯ᠎ᠡ ᠮᠠᠯᠲᠠᠬᠤ ᠂  ᠳᠠᠭ᠋ᠠᠭ᠋ᠠᠴᠠ᠎ᠠᠴᠠ  ᠬᠡᠲᠦᠷᠡᠲᠡᠯ᠎ᠡ ᠪᠡᠯᠴᠢᠭᠡᠷᠯᠡᠭᠦᠯᠬᠦ ᠂  ᠲᠥᠰᠥᠪ᠎ᠠᠴᠠ ᠬᠡᠲᠦᠷᠡᠭᠦᠯᠬᠦ ᠵᠡᠷᠭᠡ ᠡᠷᠦᠢ ᠬᠤᠷᠤᠢ ᠦᠭᠡᠢ ᠦᠵᠡᠭᠳᠡᠯ᠎ᠢ ᠬᠦᠴᠦᠲᠡᠢ ᠴᠡᠭᠴᠡᠯᠡᠨ ᠵᠠᠰᠠᠵᠤ ᠂  ᠨᠡᠢ᠌ᠭᠡᠮ᠎ᠤᠨ ᠵᠥᠷᠢᠴᠡᠯ᠎ᠢ ᠭᠦᠨᠵᠡᠭᠡᠢ ᠠᠷᠢᠯᠭ᠋ᠠᠵᠤ ᠂  ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠵᠦ ᠂  ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ  ᠤᠳᠤᠷᠢᠳᠤᠭᠰᠠᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠦᠨᠳᠦᠰᠦᠨ ᠱᠠᠲᠤᠨ᠎ᠤ ᠵᠠᠰᠠᠯᠲᠠ ᠵᠢᠨ ᠪᠠᠢ᠌ᠷᠢᠰᠢᠯ᠎ᠢ ᠬᠦᠴᠦᠯᠡᠨ ᠪᠠᠢ᠌ᠭᠤᠯᠬᠤ ᠬᠡᠷᠡᠭᠲᠡᠢ ᠃  ᠣᠯᠠᠨ ᠲᠦᠮᠡᠨ᠎ᠲᠠᠢ ᠪᠦᠯᠬᠦᠮᠳᠡᠨ ᠣᠯᠠᠨ ᠲᠦᠮᠡᠨ᠎ᠳᠤ ᠦᠢ᠍ᠯᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂ 《  ᠨᠠᠮ᠎ᠤᠨ ᠠᠴᠢ᠎ᠳᠤ ᠲᠠᠯᠠᠷᠬᠠᠵᠤ ᠂  ᠨᠠᠮ᠎ᠤᠨ ᠦᠭᠡ ᠵᠢ ᠰᠣᠨᠣᠰᠴᠤ ᠂  ᠨᠠᠮ ᠵᠶ᠋ᠠᠨ ᠳᠠᠭ᠋ᠠᠬᠤ 》 ᠲᠤᠬᠠᠢ ᠣᠯᠠᠨ ᠲᠦᠮᠡᠨ᠎ᠤ ᠬᠥᠮᠦᠵᠢᠯ᠎ᠢ ᠦᠷᠭᠦᠯᠵᠢᠯᠡᠨ ᠥᠷᠨᠢᠭᠦᠯᠵᠦ ᠂  ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠠᠷᠠᠳ ᠲᠦᠮᠡᠨ᠎ᠤ ᠰᠠᠨᠠᠭᠤᠯᠭ᠎ᠠ ᠵᠢ ᠬᠤᠷᠢᠶᠠᠵᠤ ᠂  ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠰᠢᠰᠲ᠋ᠧᠮ ᠪᠣᠯᠣᠨ ᠨᠡᠢ᠌ᠭᠡᠮ᠎ᠤᠨ ᠠᠵᠢᠯ᠎ᠤᠨ ᠲᠤᠰᠬᠠᠢ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠬᠦᠴᠦᠯᠡᠨ ᠴᠢᠩᠭ᠋ᠠᠳᠬᠠᠵᠤ ᠂  ᠠᠷᠠᠳ᠎ᠤᠨ ᠵᠣᠪᠠᠭᠤᠷᠢ ᠵᠢ ᠨᠠᠩ ᠰᠠᠢ᠌ᠲᠤᠷ ᠰᠢᠢ᠍ᠳᠪᠦᠷᠢᠯᠡᠵᠦ ᠂  ᠠᠷᠠᠳ᠎ᠤᠨ ᠣᠶᠤᠨ ᠤᠬᠠᠭ᠋ᠠᠨ᠎ᠢ ᠨᠠᠩ ᠰᠠᠢ᠌ᠲᠤᠷ ᠲᠥᠪᠯᠡᠷᠡᠭᠦᠯᠵᠦ ᠂  ᠠᠷᠠᠳ᠎ᠤᠨ ᠰᠡᠳᠬᠢᠯ᠎ᠢ ᠨᠠᠩ ᠰᠠᠢ᠌ᠲᠤᠷ ᠨᠢᠭᠲᠠᠷᠠᠭᠤᠯᠬᠤ ᠬᠡᠷᠡᠭᠲᠡᠢ ᠃  ᠨᠡᠢ᠌ᠭᠡᠮ᠎ᠤᠨ ᠠᠵᠢᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠂  ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠲᠣᠳᠣᠷᠬᠠᠢ ᠂  ᠳᠦᠷᠢᠮ ᠲᠣᠭᠲᠠᠴᠠ ᠰᠢᠯᠢᠳᠡᠭ ᠂  ᠭᠡᠯᠪᠡᠷᠢ ᠠᠷᠭ᠎ᠠ ᠪᠠᠷᠢᠯ ᠰᠢᠨ᠎ᠡ ᠂  ᠲᠤᠰ ᠪᠡᠶ᠎ᠡ ᠵᠢᠨ ᠪᠠᠢ᠌ᠭᠤᠯᠤᠯᠲᠠ ᠬᠦᠴᠦᠷᠬᠡᠭ ᠪᠠᠢ᠌ᠬᠤ ᠵᠢ ᠪᠡᠶᠡᠯᠡᠭᠦᠯᠵᠦ ᠂  ᠨᠢᠭᠡᠳᠬᠡᠬᠦ ᠰᠠᠯᠭ᠋ᠠᠬᠤ ᠵᠢ ᠤᠶᠠᠯᠳᠤᠭᠤᠯᠵᠤ ᠂  ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯ᠎ᠤᠨ ᠪᠠᠢ᠌ᠷᠢᠰᠢᠯ᠎ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠪᠡ ᠃

       ᠬᠤᠷᠠᠯ ᠳᠡᠭᠡᠷ᠎ᠡ ᠂  ᠭᠦᠭᠡᠬᠣᠲᠠ ᠂  ᠪᠠᠶᠠᠨᠨᠠᠭᠤᠷ ᠬᠣᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠭᠤᠯᠤᠮᠵᠢ ᠣᠷᠣᠨ ᠲᠣᠭ᠎ᠠ ᠵᠢᠨ ᠬᠣᠷᠢᠶ᠎ᠠ ᠵᠢᠨ  ᠠᠯᠪᠠᠨ ᠭᠡᠷ ᠂  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠰᠠᠨᠠᠯ ᠵᠶ᠋ᠡᠨ  ᠰᠣᠯᠢᠯᠴᠠᠵᠤ ᠦᠭᠡ ᠬᠡᠯᠡᠵᠡᠢ ᠃

       ᠬᠤᠷᠠᠯ᠎ᠢ ᠸᠢᠳᠢᠤ᠋ ᠭᠡᠯᠪᠡᠷᠢ᠎ᠪᠠᠷ ᠬᠤᠷᠠᠯᠳᠤᠭᠤᠯᠵᠤ ᠂  ᠡᠯ᠎ᠡ ᠠᠢ᠌ᠮᠠᠭ ᠬᠤᠳᠠ ᠪᠣᠯᠣᠨ ᠮᠠᠨᠵᠤᠤᠷ ᠬᠤᠳᠠ ᠂  ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map