ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ ᠰᠦᠨ ᠱᠤᠤ ᠴᠧᠩ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-03-03

      3 ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ ᠰᠦᠨ ᠱᠤᠤ ᠴᠧᠩ ᠬᠤᠷᠠᠯ᠎ᠳᠤ ᠣᠷᠣᠯᠴᠠᠭᠰᠠᠨ ᠪᠦᠬᠡᠤᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠯᠢ ᠢᠦᠶ ᠭᠠᠩ ᠬᠤᠷᠠᠯ᠎ᠢ ᠡᠷᠭᠢᠯᠡᠪᠡ᠃





      3 ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠵᠠᠬᠢᠷᠤᠯ ᠰᠦᠨ ᠱᠤᠤ ᠴᠧᠩ ᠬᠤᠷᠠᠯ᠎ᠳᠤ ᠣᠷᠣᠯᠴᠠᠭᠰᠠᠨ ᠪᠦᠬᠡᠤᠨ ᠶᠠᠷᠢᠶ᠎ᠠ ᠲᠠᠯᠪᠢᠪᠠ᠃  

      ᠰᠤᠷᠪᠤᠯᠵᠢᠯᠠᠭᠴᠢ    ᠮᠠ ᠵᠢᠶᠠᠨ ᠪᠢᠩ    ᠰᠡᠭᠦᠳᠡᠷᠯᠡᠪᠡ



       ᠰᠦᠨ ᠱᠤᠤ ᠴᠧᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠠᠮ᠎ᠤᠨ ᠦᠨᠳᠦᠰᠦᠨ ᠤᠨᠤᠯ᠎ᠢ ᠰᠤᠷᠤᠯᠴᠠᠵᠤ᠂ ᠬᠤᠪᠢᠰᠤᠩᠭᠤᠢ ᠪᠣᠳᠠᠰᠴᠢ ᠦᠵᠡᠯ ᠪᠣᠯᠤᠨ ᠲᠡᠦᠬᠡ ᠵᠢᠨ ᠪᠣᠳᠠᠰᠴᠢ ᠦᠵᠡᠯ᠎ᠢ ᠡᠵᠡᠮᠰᠢᠵᠦ᠂ ᠪᠠᠶ᠋ᠢᠯᠳᠤᠬᠤ ᠪᠤᠳᠤᠯᠭ᠎ᠠ ᠵᠢᠨ ᠰᠡᠳᠭᠢᠬᠦᠢ ᠵᠢᠨ ᠴᠢᠳᠠᠪᠤᠷᠢ᠂ ᠬᠤᠪᠢᠰᠤᠩᠭᠤᠢ ᠰᠡᠳᠭᠢᠬᠦᠢ ᠵᠢᠨ ᠴᠢᠳᠠᠪᠤᠷᠢ᠂ ᠶᠡᠷᠦᠩᠬᠡᠶ᠋ᠢᠯᠡᠭᠰᠡᠨ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠴᠢᠳᠠᠪᠤᠷᠢ᠂ ᠪᠦᠬᠦ ᠲᠠᠯ᠎ᠠ ᠵᠢ ᠡᠵᠡᠮᠳᠡᠬᠦ ᠴᠢᠳᠠᠪᠤᠷᠢ᠎ᠪᠠᠨ ᠲᠡᠭᠡᠭᠰᠢᠯᠡᠭᠦᠯᠬᠦ ᠪᠣᠯ ᠨᠠᠮ᠎ᠤᠨ ᠭᠡᠰᠢᠭᠦᠨ ᠺᠠᠳ᠋ᠷ᠎ᠤᠨ ᠨᠠᠮ᠎ᠤᠨ ᠰᠤᠷᠭ᠋ᠠᠭᠤᠯᠢ᠎ᠳᠤ ᠰᠤᠷᠤᠯᠴᠠᠬᠤ ᠭᠣᠣᠯ ᠡᠭᠦᠷᠭᠡ ᠪᠣᠯᠤᠨ᠎ᠠ᠂ ᠡᠷᠬᠡᠪᠰᠢ ᠤᠨᠤᠯ᠎ᠢ ᠰᠤᠷᠤᠯᠴᠠᠬᠤ ᠪᠠ ᠤᠨᠤᠯ᠎ᠢ ᠬᠡᠷᠡᠭᠯᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦ᠍ᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠣᠶ᠋ᠢᠯᠠᠭ᠋ᠠᠵᠤ᠂ ᠮᠠᠷᠺᠰ᠎ᠤᠨ ᠦᠵᠡᠯ᠎ᠤᠨ 《ᠵᠢᠩᠬᠢᠨᠢ ᠡᠷᠳᠡᠮ》᠎ᠢ  ᠦᠨᠡᠨ ᠬᠦ᠌ ᠠᠵᠢᠯ᠎ᠢ ᠵᠢᠯᠣᠭᠣᠳᠬᠤ᠂ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠦᠵᠡᠯ ᠰᠠᠨᠠᠭ᠋ᠠᠨ᠎ᠤ ᠵᠡᠪᠰᠡᠭ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ᠃ ᠲᠡᠷᠡ᠂ ᠠᠵᠢᠯ ᠵᠶ᠋ᠠᠨ ᠰᠠᠶ᠋ᠢᠲᠤᠷ ᠬᠢᠬᠦ᠎ᠳᠤ 《ᠦᠵᠡᠯᠲᠡ》 ᠪᠠᠶ᠋ᠢᠬᠤ ᠬᠡᠷᠡᠭᠲᠡᠢ ᠪᠥᠭᠡᠳ ᠪᠠᠰᠠ 《ᠠᠷᠭ᠎ᠠ》 ᠪᠠᠶ᠋ᠢᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠠᠷᠭ᠎ᠠ ᠵᠢᠨ ᠣᠨᠣᠯ᠎ᠢ ᠪᠠᠷᠢᠮᠲᠠᠯᠠᠵᠤ᠂ ᠡᠭᠦᠷᠭᠡ᠂ ᠬᠦᠴᠦᠨ᠂ ᠴᠠᠭ᠎ᠤᠨ ᠳᠠᠷᠠᠭ᠋ᠠᠯᠠᠯ᠎ᠢ ᠰᠠᠶ᠋ᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨᠵᠢ ᠴᠢᠨᠠᠷ ᠵᠶ᠋ᠠᠷ ᠠᠳᠠᠯᠢᠪᠲᠤᠷ ᠠᠵᠢᠯ᠎ᠳᠤ 《ᠠᠳᠠᠯᠢ ᠲᠥᠷᠥᠯ᠎ᠢ ᠨᠡᠶ᠋ᠢᠯᠡᠭᠦᠯᠬᠦ》 ᠵᠢ  ᠰᠤᠷᠴᠤ᠂ ᠬᠣᠯᠪᠣᠭᠳᠠᠬᠤ ᠴᠢᠨᠠᠷ ᠵᠶ᠋ᠠᠷ ᠴᠢᠩᠭ᠎ᠠ ᠠᠵᠢᠯ᠎ᠳᠤ 《ᠵᠡᠯ᠎ᠡ ᠤᠷᠢᠶᠠᠩᠭᠤ ᠵᠢ ᠲᠠᠲᠠᠵᠤ ᠭᠤᠸᠠ ᠵᠢᠮᠢᠰ ᠲᠡᠭᠦᠬᠦ》᠎ᠳᠡᠭᠡᠨ ᠴᠢᠳᠠᠮᠠᠭ᠋ᠠᠶ ᠪᠠᠶ᠋ᠢᠵᠤ᠂ ᠨᠢᠭᠲᠠ ᠬᠤᠯᠪᠤᠭᠳᠠᠭᠰᠠᠨ ᠠᠵᠢᠯ᠎ᠳᠤ 《ᠡᠵᠡᠮᠳᠡᠯ᠎ᠤᠨ ᠴᠢᠨᠠᠷᠲᠠᠶ ᠢᠨᠵᠧᠨᠧᠷᠢᠩ》᠎ᠢ ᠰᠠᠶ᠋ᠢᠲᠤᠷ ᠡᠵᠡᠮᠳᠡᠵᠦ᠂ ᠬᠦᠨᠳᠦ ᠬᠥᠩᠭᠡᠨ ᠠᠯᠭᠤᠷ ᠪᠠᠴᠢᠮ᠎ᠢ᠎ᠨᠢ ᠲᠣᠳᠣᠷᠬᠠᠶ ᠢᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠵᠤ᠂ ᠱᠠᠯᠠᠪᠳᠠᠨ ᠠᠳᠬᠤᠵᠤ ᠲᠦᠷᠭᠡᠨ ᠬᠢᠬᠦ ᠬᠡᠷᠡᠭᠲᠡᠶ᠃ ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ ᠵᠢ ᠪᠠᠷᠢᠮᠲᠠᠯᠠᠵᠤ᠂ ᠭᠠᠵᠠᠷ ᠣᠷᠣᠨ ᠤᠴᠢᠷ ᠶᠠᠪᠤᠳᠠᠯ᠎ᠳᠤᠨᠢ ᠲᠤᠬᠢᠷᠠᠭᠤᠯᠤᠨ ᠠᠷᠭ᠋ᠠᠴᠠᠭ᠋ᠠᠬᠤ ᠪᠤᠳᠤᠯᠭ᠎ᠠ ᠲᠣᠭᠲᠠᠭ᠋ᠠᠵᠤ᠂ ᠡᠭᠦᠷᠭᠡ ᠪᠠᠭᠤᠯᠭ᠋ᠠᠬᠤ᠎ᠳᠠᠭᠠᠨ ᠪᠣᠳᠠᠲᠤ ᠪᠠᠶ᠋ᠢᠳᠠᠯ᠎ᠠᠴᠠ ᠰᠠᠯᠵᠤ ᠪᠣᠯᠬᠤ ᠦᠭᠡᠢ ᠪᠠᠶ᠋ᠢᠵᠤ᠂ ᠱᠠᠭ᠋ᠠᠷᠳᠠᠯᠭ᠎ᠠ ᠳᠤᠷᠠᠳᠬᠤ᠎ᠳᠠᠭᠠᠨ ᠶᠡᠬᠡ ᠤᠰᠤ᠎ᠪᠠᠷ ᠨᠡᠯᠦᠢ᠌ᠲᠡᠯ᠎ᠡ ᠤᠰᠤᠯᠠᠵᠤ ᠪᠣᠯᠬᠤ ᠦᠭᠡᠢ ᠪᠠᠶ᠋ᠢᠵᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ᠎ᠳᠠᠭᠠᠨ ᠱᠠᠳᠤ ᠱᠠᠳᠤ᠎ᠪᠠᠷ ᠡᠭᠦᠷᠭᠡ ᠨᠡᠮᠡᠵᠦ ᠪᠣᠯᠬᠤ ᠦᠭᠡᠢ ᠪᠠᠶ᠋ᠢᠵᠤ᠂ ᠠᠵᠢᠯ ᠬᠢᠬᠦ᠎ᠳᠡᠭᠡᠨ ᠲᠦᠬᠦᠮ ᠶᠠᠪᠤᠳᠠᠯ᠎ᠢ ᠶᠠᠷᠰᠢᠭ ᠲᠦᠪᠡᠭ᠎ᠲᠠᠢ ᠪᠣᠯᠭ᠋ᠠᠵᠤ ᠪᠣᠯᠬᠤ ᠦᠭᠡᠢ ᠪᠠᠶ᠋ᠢᠵᠤ᠂ ᠶᠠᠮᠠᠷ ᠠᠰᠠᠭᠤᠳᠠᠯ ᠪᠣᠯ ᠲᠡᠷᠡ ᠠᠰᠠᠭᠤᠳᠠᠯ᠎ᠢ ᠰᠢᠢ᠍ᠳᠪᠦᠷᠢᠯᠡᠵᠦ᠂ ᠬᠡᠨ ᠰᠢᠢ᠍ᠳᠪᠦᠷᠢᠯᠡᠬᠦ ᠶᠣᠰᠣᠲᠠᠢ ᠠᠰᠠᠭᠤᠳᠠᠯ᠎ᠢ ᠲᠡᠷᠡ ᠬᠥᠮᠦᠨ᠎ᠢ᠎ᠨᠢ ᠡᠷᠢᠨ ᠬᠠᠷᠢᠭᠤᠴᠠᠯᠭ᠎ᠠ ᠨᠡᠬᠡᠮᠵᠢᠯᠡᠨ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠠ ᠬᠡᠷᠡᠭᠵᠢᠭᠦᠯᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ ᠦᠢ᠍ᠯᠡᠳᠦᠯᠭᠡ ᠵᠢᠨ ᠰᠢᠯᠭ᠋ᠠᠯᠲᠠ᠎ᠪᠠᠷ ᠪᠠᠷᠢᠮᠵᠢᠶ᠎ᠠ ᠪᠣᠯᠭ᠋ᠠᠬᠤ ᠵᠢ ᠪᠠᠷᠢᠮᠲᠠᠯᠠᠵᠤ᠂ 《ᠶᠠᠪᠤᠴᠠ ᠵᠢ ᠴᠢᠬᠤᠯᠠᠴᠢᠯᠠᠭ᠋ᠠᠳ ᠦᠷ᠎ᠡ ᠳ᠋ᠦᠩ᠎ᠢ ᠴᠢᠬᠤᠯᠠᠴᠢᠯᠠᠬᠤ ᠦᠭᠡᠢ》 ᠪᠠᠶ᠋ᠢᠬᠤ ᠤᠬᠠᠮᠰᠠᠷ᠎ᠢ ᠲᠠᠶᠠᠭᠳᠠᠵᠤ᠂ ᠳᠡᠭᠡᠳᠦ ᠱᠠᠳᠤ ᠵᠢᠨ᠎ᠬᠢᠨ ᠶᠠᠪᠤᠴᠠ᠎ᠳᠤ ᠭᠠᠷ ᠲᠦᠷᠦᠬᠦ ᠵᠢ ᠦᠨᠡᠨ ᠬᠦ᠌ ᠪᠠᠭ᠋ᠠᠰᠬᠠᠵᠤ᠂ ᠲᠤᠤᠷᠠᠳᠤ ᠱᠠᠲᠤᠨ᠎ᠤ᠎ᠬᠢᠨ᠎ᠳᠤ ᠪᠦᠲᠦᠭᠡᠯᠴᠢ ᠴᠢᠨᠠᠷᠲᠠᠢ ᠨᠠᠶ᠋ᠢᠳᠠᠪᠤᠷᠢᠵᠢᠭᠤᠯᠬᠤ ᠨᠡᠩ ᠤᠯᠠᠨ ᠣᠷᠣᠨ ᠵᠠᠢ ᠥᠭᠴᠦ᠂ ᠲᠤᠤᠷᠠᠳᠤ ᠱᠠᠳᠤᠨ᠎ᠤ᠎ᠬᠢᠨ ᠠᠯᠢᠪᠠ ᠤᠴᠢᠷ ᠶᠠᠪᠤᠳᠠᠯ᠎ᠢ ᠴᠦᠮ ᠦᠷ᠎ᠡ ᠳ᠋ᠦᠩ ᠵᠶ᠋ᠠᠷ ᠶᠠᠷᠢᠯᠴᠠᠵᠤ᠂ ᠤᠶᠤᠨ ᠴᠢᠳᠠᠯ ᠵᠶ᠋ᠠᠨ ᠪᠣᠳᠠᠲᠤ ᠶᠠᠪᠤᠳᠠᠯ ᠬᠢᠵᠦ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠳᠡᠭᠡᠷ᠎ᠡ ᠲᠠᠯᠪᠢᠬᠤ ᠬᠡᠷᠡᠭᠲᠡᠢ᠃ ᠪᠦᠬᠦ ᠰᠡᠳᠭᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠬᠦᠰᠡᠯ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ᠂ ᠤᠨᠢᠨ ᠳᠡᠭᠡᠷ᠎ᠡ᠎ᠨᠢ ᠬᠠᠪᠰᠤᠷᠴᠤ᠂ ᠬᠡᠢ ᠬᠤᠭᠤᠰᠤᠨ ᠪᠠᠶ᠋ᠢᠵᠤ ᠪᠤᠯᠬᠤ ᠦᠭᠡᠢ᠂ ᠤᠯᠠᠨ ᠲᠦᠮᠡᠨ᠎ᠤ ᠶᠠᠪᠤᠳᠠᠯ᠎ᠢ ᠦᠨᠡᠨ ᠬᠦ᠌ ᠰᠠᠶ᠋ᠢᠲᠤᠷ ᠬᠢᠵᠦ᠂ ᠥᠪᠡᠷ᠎ᠤᠨ ᠠᠵᠢᠯ᠎ᠳᠠᠭᠠᠨ ᠬᠤᠯᠪᠤᠭᠳᠠᠬᠤ ᠡᠲᠡᠭᠡᠳ᠎ᠲᠡᠭᠡᠨ ᠰᠠᠶ᠋ᠢᠲᠤᠷ ᠦᠢ᠍ᠯᠡᠴᠢᠯᠡᠬᠦ ᠬᠡᠷᠡᠭᠲᠡᠢ᠃ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠦᠢ᠍ᠯᠡᠴᠢᠯᠡᠬᠦ᠎ᠨᠢ ᠮᠥᠨ ᠴᠦ᠍ ᠠᠷᠠᠳ ᠲᠦᠮᠡᠨ᠎ᠳᠤ ᠦᠢ᠍ᠯᠡᠴᠢᠯᠡᠵᠦ ᠪᠠᠶ᠋ᠢᠭ᠎ᠠ ᠶᠠᠪᠤᠳᠠᠯ ᠪᠣᠯᠤᠨ᠎ᠠ᠂ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠨᠠᠷᠢᠯᠢᠭ ᠣᠨᠣᠴᠠᠲᠠᠢ ᠵᠣᠯᠭ᠋ᠠᠭᠤᠯᠵᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠤᠨ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠡᠯ᠎ᠡ ᠲᠦᠷᠦᠯ᠎ᠤᠨ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠢ ᠵᠢᠨ ᠬᠣᠭᠣᠷᠣᠨᠳᠣ᠂ ᠳᠡᠭᠡᠳᠦ ᠱᠠᠳᠤ᠎ᠨᠢ ᠲᠤᠤᠷᠠᠳᠤ ᠱᠠᠳᠤ᠎ᠳᠠᠭᠠᠨ ᠴᠤ᠌ ᠦᠢ᠍ᠯᠡᠴᠢᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠠᠵᠢᠯ ᠶᠠᠪᠤᠳᠠᠯ ᠭᠦᠢ᠍ᠴᠡᠳᠭᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠠᠵᠢᠯ᠎ᠤᠨ ᠲᠣᠭᠲᠠᠴᠠ᠎ᠪᠠᠨ ᠰᠢᠯᠤᠭᠤᠳᠬᠠᠵᠤ᠂ ᠦᠢ᠍ᠯᠡᠴᠢᠯᠡᠭᠡᠨ᠎ᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠪᠡᠯ ᠪᠦᠬᠦ ᠨᠡᠶ᠋ᠢᠭᠡᠮ᠎ᠤᠨ ᠠᠮᠢᠵᠢᠷᠠᠯ᠎ᠤᠨ ᠬᠦᠴᠦᠨ ᠲᠠᠷᠤᠢ ᠭᠦᠢ᠍ᠴᠡᠳ ᠪᠣᠯᠬᠤ ᠶᠤᠮ ᠭᠡᠵᠡᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map