ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ ᠴᠤᠭᠯᠠᠷᠠᠯ᠎ᠤᠨ ᠠᠭᠤᠯᠭ᠎ᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠤᠷᠰᠢᠨ ᠠᠵᠢᠯᠯᠠᠭᠤᠯᠬᠤ ᠪᠣᠯᠪᠠᠰᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-03-06

    3 ᠳ᠋ᠤᠭ᠋ᠠᠷ ᠰᠠᠷ᠎ᠠ ᠵᠢᠨ 4᠎ᠤ ᠡᠳᠦᠷ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ ᠴᠤᠭᠯᠠᠷᠠᠯ᠎ᠤᠨ ᠠᠭᠤᠯᠭ᠎ᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠤᠷᠰᠢᠨ ᠠᠵᠢᠯᠯᠠᠭᠤᠯᠬᠤ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠹᠠᠨ ᠵᠢᠶᠠᠨ ᠬᠤᠸᠠ ᠲᠣᠰ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ 28 ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠠᠵᠢᠯᠲᠠᠨ᠂ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠭᠤᠷᠪᠠᠳᠠᠭᠢ ᠲᠠᠯ᠎ᠠ ᠵᠢᠨ ᠮᠡᠷᠭᠡᠵᠢᠯᠲᠡᠨ ᠵᠡᠷᠭᠡ ᠨᠡᠶ᠋ᠢᠲᠡ 80 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

培训1.jpg


    ᠹᠠᠨ ᠵᠢᠶᠠᠨ ᠬᠤᠸᠠ ᠵᠢᠭ᠋ᠠᠵᠤ ᠭᠠᠷᠭ᠋ᠠᠬᠤ᠎ᠳᠤ᠎ᠪᠠᠨ᠂ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ ᠴᠤᠭᠯᠠᠷᠠᠯ᠎ᠢ ᠨᠡᠭᠡᠭᠡᠨ ᠠᠵᠢᠯᠯᠠᠭᠤᠯᠤᠭᠰᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠭᠤᠷᠪᠠᠨ ᠱᠠᠲᠤᠨ᠎ᠤ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠨᠡᠶ᠋ᠢᠲᠡ 151 ᠥᠷᠲᠡᠭᠡ ᠴᠡᠭ᠎ᠢ ᠬᠠᠮᠤᠷᠴᠤ᠂ ᠪᠥᠬᠥ ᠣᠷᠣᠨ᠎ᠤ ᠡᠯ᠎ᠡ ᠱᠠᠲᠤᠨ᠎ᠤ ᠵᠠᠰᠠᠭ᠎ᠤᠨ ᠣᠷᠳᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠤᠷᠤᠯᠴᠠᠨ ᠤᠬᠠᠭᠤᠯᠬᠤ᠂ ᠮᠠᠨ᠎ᠤ ᠣᠷᠣᠨ᠎ᠤ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠨ ᠳᠤᠮᠳᠠ ᠲᠦᠪᠰᠢᠨ᠎ᠳᠤ ᠳᠠᠪᠰᠢᠬᠤ》 ᠠᠮᠢᠳᠤᠯᠢᠭ ᠦᠢ᠍ᠯᠡᠳᠦᠯᠭᠡ ᠪᠠ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠦᠵᠡᠭᠦᠯᠬᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠴᠢᠩᠭ᠋ᠠᠳᠬᠠᠬᠤ ᠵᠢᠨ ᠴᠢᠬᠤᠯᠠ ᠲᠠᠪᠴᠠᠩ ᠪᠣᠯᠤᠭᠰᠠᠨ ᠪᠠᠢ᠌ᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠠᠢ᠌ᠲᠤᠷ ᠤᠬᠠᠭᠤᠯᠤᠨ ᠲᠠᠢ᠌ᠯᠪᠤᠷᠢᠯᠠᠬᠤ ᠵᠢ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ᠎ᠪᠠᠨ ᠪᠣᠯᠭ᠋ᠠᠵᠤ᠂ ᠰᠢᠨ᠎ᠡ ᠪᠠᠢ᠌ᠳᠠᠯ ᠳᠣᠣᠷᠠᠬᠢ ᠵᠠᠰᠠᠭ᠎ᠤᠨ ᠣᠷᠳᠣᠨ᠎ᠤ ᠰᠦᠯᠵᠢᠶᠡᠨ᠎ᠤ ᠪᠠᠢ᠌ᠭᠤᠯᠤᠯᠲᠠ ᠪᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ ᠵᠢ ᠰᠠᠢ᠌ᠲᠤᠷ ᠡᠷᠬᠢᠯᠡᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃ 《ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨ᠎ᠡ ᠵᠠᠮ ᠨᠡᠭᠡᠭᠡᠨ ᠳᠤᠮᠳᠠ ᠲᠦᠪᠰᠢᠨ᠎ᠳᠤ ᠳᠠᠪᠰᠢᠬᠤ》᠎ᠪᠠᠷ ᠴᠢᠩᠭ᠎ᠠ ᠠᠳᠬᠤᠨ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠋ᠠᠨ》᠎ᠢ ᠥᠷᠨᠢᠭᠦᠯᠬᠦ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠠᠬᠢᠯᠲᠠ ᠵᠢᠨ ᠦᠷ᠎ᠡ ᠪᠦᠲᠦᠮᠵᠢ ᠵᠢ ᠶᠡᠬᠡ᠎ᠪᠠᠷ ᠤᠬᠠᠭᠤᠯᠵᠤ᠂ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠤᠯᠠᠮᠵᠢᠯᠠᠨ ᠳᠡᠯᠭᠡᠷᠡᠭᠦᠯᠬᠦ ᠬᠦᠴᠦᠨ ᠪᠠ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃

培训2.jpg

 

    ᠲᠣᠰ ᠪᠣᠯᠪᠠᠰᠤᠷᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶᠠᠨ᠎ᠤ ᠳᠡᠭᠡᠳᠦ ᠵᠡᠷᠭᠡ ᠵᠢᠨ ᠢᠨᠵᠧᠨᠧᠷ 《ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠥᠷᠥ ᠵᠢᠨ ᠪᠣᠳᠣᠯᠭ᠎ᠠ ᠵᠢᠨ ᠵᠠᠳᠠᠯᠤᠯᠲᠠ》 ᠵᠢᠨ ᠲᠣᠭᠣᠷᠢᠨ᠎ᠳᠤ ᠲᠤᠰᠬᠠᠢ ᠰᠡᠳᠦᠪ ᠵᠶ᠋ᠡᠷ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠭᠤᠷᠪᠠᠳᠠᠭᠢ ᠲᠠᠯ᠎ᠠ ᠵᠢᠨ ᠮᠡᠷᠭᠡᠵᠢᠯ᠎ᠤᠨ ᠠᠵᠢᠯᠯᠠᠭᠤᠯᠵᠤ ᠪᠠᠲᠤᠯᠠᠬᠤ ᠪᠦᠯᠬᠦᠮ᠎ᠤᠨ ᠲᠤᠰᠬᠠᠢ ᠮᠡᠷᠭᠡᠵᠢᠯᠲᠡᠨ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠠᠭᠤᠯᠭ᠎ᠠ ᠵᠢᠨ ᠬᠠᠮᠢᠶᠠᠷᠤᠯᠲᠠ ᠵᠢᠨ ᠰᠢᠨ᠎ᠡ ᠰᠢᠰᠲ᠋ᠧᠮ᠎ᠢ ᠬᠡᠷᠡᠭᠯᠡᠬᠦ ᠠᠷᠭ᠎ᠠ ᠪᠠ ᠠᠭᠤᠯᠭ᠎ᠠ ᠵᠢ ᠠᠵᠢᠯᠯᠠᠭᠤᠯᠵᠤ ᠪᠠᠲᠤᠯᠠᠬᠤ ᠴᠤᠪᠤᠷᠠᠯ᠎ᠢ ᠨᠠᠷᠢᠯᠢᠭ ᠲᠠᠢ᠌ᠯᠪᠤᠷᠢᠯᠠᠭᠰᠠᠨ᠎ᠤ ᠬᠠᠮᠲᠤ ᠰᠠᠯᠠᠭ᠎ᠠ ᠮᠥᠴᠢᠷ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶᠡᠨ᠎ᠤ ᠠᠵᠢᠯᠯᠠᠭ᠋ᠠᠨ ᠪᠠ ᠬᠠᠮᠢᠶᠠᠷᠤᠯᠲᠠ ᠵᠢᠨ ᠲᠠᠯ᠎ᠠ᠎ᠪᠠᠷ ᠲᠤᠯᠭ᠋ᠠᠷᠠᠭᠰᠠᠨ ᠠᠰᠠᠭᠤᠳᠠᠯ᠎ᠤᠳ᠎ᠢ ᠲᠤᠬᠠᠢ ᠵᠢᠨ ᠲᠠᠯᠠᠪᠤᠷ᠎ᠲᠤ᠎ᠨᠢ ᠬᠠᠷᠢᠭᠤᠯᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
Baidu
map