ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠲᠥᠪ᠎ᠤᠨ ᠠᠷᠪᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-04-16

 

   ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ ᠵᠢ ᠦᠨᠳᠦᠰᠦᠯᠡᠨ ᠣᠢ᠌ᠷ᠎ᠠ᠎ᠳᠤ ᠲᠥᠪ᠎ᠤᠨ ᠠᠷᠪᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠭᠣᠷᠢᠨ ᠪᠠᠢ᠌ᠴᠠᠭ᠋ᠠᠬᠤ ᠠᠵᠢᠯ᠎ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ᠃ ᠲᠥᠪ᠎ᠤᠨ ᠠᠷᠪᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠴᠧᠨ ᠵᠠᠩ ᠶᠦᠩ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠲᠣᠭᠣᠷᠢᠨ ᠪᠠᠢ᠌ᠴᠠᠭ᠋ᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭ᠋ᠠᠷᠳᠠᠯᠭ᠎ᠠ ᠳᠤᠷᠠᠳᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ ᠪᠣᠯᠣᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠥᠪ᠎ᠤᠨ ᠠᠷᠪᠠᠳᠤᠭ᠋ᠠᠷ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠂ ᠲᠥᠪ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ   ᠠᠯᠪᠠᠨ ᠭᠡᠷ᠎ᠤᠨ ᠬᠣᠯᠪᠣᠭᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠠᠢ; ᠥᠪᠡᠷᠲᠡᠭᠡᠨ ᠵᠠᠰᠠᠬᠤ ᠣᠷᠣᠨ᠎ᠤ ᠲᠤᠰᠢᠶᠠᠯ᠎ᠳᠤ ᠪᠠᠢ᠌ᠭ᠎ᠠ ᠪᠤᠰᠤᠳ ᠳᠡᠳ᠋ ᠮᠤᠵᠢ ᠵᠢᠨ ᠲᠡᠰ᠎ᠤᠨ ᠤᠳᠤᠷᠢᠳᠬᠤ ᠺᠠᠳ᠋ᠷ᠂ ᠮᠤᠵᠢ ᠵᠢᠨ ᠲᠡᠰ᠎ᠤᠨ ᠠᠵᠢᠯ᠎ᠠᠴᠠ᠎ᠪᠠᠨ ᠠᠮᠠᠷᠠᠭᠰᠠᠨ ᠬᠡᠰᠡᠭ ᠠᠬᠠᠮᠠᠳ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ ᠪᠣᠯᠣᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠭᠢᠯᠡᠭᠴᠢ ᠪᠣᠯᠣᠨ ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ ᠪᠣᠯᠣᠨ ᠮᠠᠨ᠎ᠤ ᠣᠷᠣᠨ᠎ᠳᠤ ᠰᠠᠭᠤᠭ᠎ᠠ ᠲᠥᠪ᠎ᠤᠨ ᠬᠣᠯᠪᠣᠭᠳᠠᠯ ᠪᠦᠬᠦᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ; ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ (ᠠᠢ᠌ᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ) ᠪᠣᠯᠣᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ (ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠬᠣᠷᠢᠶ᠎ᠠ)᠂ ᠵᠠᠰᠠᠭ᠎ᠤᠨ ᠣᠷᠳᠣᠨ (ᠵᠠᠬᠢᠷᠭ᠎ᠠ)᠂ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠢᠳᠢᠤ᠋ ᠬᠤᠷᠠᠯ᠎ᠤᠨ ᠭᠡᠯᠪᠡᠷᠢ᠎ᠪᠠᠷ ᠬᠤᠷᠠᠯ᠎ᠳᠤ ᠰᠤᠯᠠ ᠣᠷᠣᠯᠴᠠᠪᠠ᠃

   ᠴᠧᠨ ᠵᠠᠩ ᠶᠦᠩ᠂ ᠲᠣᠭᠣᠷᠢᠨ ᠪᠠᠢ᠌ᠴᠠᠭ᠋ᠠᠬᠤ ᠪᠣᠯ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠮᠥᠨ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠬᠢᠨᠠᠯᠲᠠ ᠲᠠᠯᠪᠢᠬᠤ ᠵᠢ ᠵᠥᠪ ᠲᠠᠨᠢᠵᠤ᠂ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠵᠦ᠂ ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠵᠢᠯ᠎ᠢ ᠢᠳᠡᠪᠬᠢᠲᠡᠢ ᠳᠡᠮᠵᠢᠨ ᠬᠠᠮᠵᠢᠯᠴᠠᠵᠤ᠂ ᠨᠠᠮ᠎ᠤᠨ ᠲᠥᠪ ᠬᠣᠷᠢᠶ᠎ᠠ᠎ᠠᠴᠠ ᠲᠤᠰᠢᠶᠠᠭᠰᠠᠨ ᠲᠣᠭᠣᠷᠢᠨ ᠪᠠᠢ᠌ᠴᠠᠭ᠋ᠠᠬᠤ ᠡᠭᠦᠷᠭᠡ ᠵᠢ ᠡᠷᠡᠰ ᠰᠠᠢ᠌ᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

   ᠴᠧᠨ ᠵᠠᠩ ᠶᠦᠩ᠂ ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠯᠤᠰ ᠲᠦᠷᠦ ᠵᠢᠨ ᠲᠣᠭᠣᠷᠢᠨ ᠪᠠᠢ᠌ᠴᠠᠭ᠋ᠠᠬᠤ ᠪᠠᠢ᠌ᠷᠢ ᠲᠣᠭᠲᠠᠭ᠋ᠠᠯᠲᠠ ᠵᠢ ᠲᠣᠪᠤᠢ᠌ᠯᠭ᠋ᠠᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠤᠭ ᠲᠡᠮᠳᠡᠭ ᠲᠣᠳᠣᠷᠬᠠᠢ᠎ᠪᠠᠷ 《ᠬᠣᠶᠠᠷ᠎ᠢ ᠬᠠᠮᠠᠭ᠋ᠠᠯᠠᠬᠤ》 ᠵᠢ ᠦᠨᠳᠦᠰᠦᠨ ᠡᠭᠦᠷᠭᠡ᠎ᠪᠠᠨ ᠪᠣᠯᠭ᠋ᠠᠨ᠎ᠠ᠃ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ᠂ ᠴᠢᠩᠭ᠎ᠠ ᠪᠠᠢ᠌ᠬᠤ ᠦᠨᠳᠦᠰᠦᠨ ᠭᠦᠭ ᠠᠶᠠᠰ᠎ᠢ ᠪᠠᠷᠢᠮᠲᠠᠯᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠶᠡᠷᠦᠩᠬᠡᠢ᠌ᠯᠡᠨ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠵᠤ᠂ ᠦᠨᠡᠨ᠎ᠠᠴᠠ ᠵᠥᠪ᠎ᠢ ᠡᠷᠢᠬᠦ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ ᠵᠢ ᠪᠠᠷᠢᠮᠲᠠᠯᠠᠵᠤ᠂ ᠤᠯᠤᠰ ᠲᠦᠷᠦ ᠵᠢᠨ ᠬᠢᠨᠠᠯᠲᠠ ᠲᠠᠯᠪᠢᠬᠤ ᠵᠢ ᠣᠨᠣᠪᠴᠢᠲᠠᠢ ᠪᠥᠭᠡᠳ ᠪᠦᠲᠦᠮᠵᠢᠲᠡᠢ ᠥᠷᠨᠢᠭᠦᠯᠦᠨ᠎ᠡ᠃ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠬᠠᠢ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠭᠰᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠤᠭᠰᠠᠨ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ᠎ᠤ ᠡᠩᠨᠡᠭᠡ ᠪᠣᠯᠣᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠭᠰᠠᠨ ᠵᠢᠴᠢ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ᠂ ᠡᠷᠬᠡ ᠪᠣᠯᠣᠨ ᠬᠠᠷᠢᠭᠤᠴᠠᠯᠭ᠎ᠠ ᠵᠢ ᠴᠢᠩᠭ᠎ᠠ ᠠᠩᠬᠠᠷᠴᠤ᠂ 《ᠨᠢᠭᠡᠳᠦᠭᠡᠷ ᠬᠠᠷᠢᠭᠤᠴᠠᠯᠭ᠋ᠠᠲᠠᠨ》 ᠪᠣᠯᠣᠨ ᠤᠳᠤᠷᠢᠳᠬᠤ ᠪᠠᠭ᠎ᠢ ᠴᠢᠩᠭ᠎ᠠ ᠠᠩᠬᠠᠷᠴᠤ᠂ ᠤᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠠᠰᠠᠭᠤᠳᠠᠯ᠎ᠢ ᠴᠢᠩᠭ᠎ᠠ ᠠᠩᠬᠠᠷᠴᠤ᠂ ᠤᠯᠤᠰ ᠲᠦᠷᠦ ᠵᠢᠨ ᠵᠥᠷᠢᠶ᠎ᠡ ᠵᠢ ᠬᠦᠴᠦᠯᠡᠨ ᠡᠷᠢᠵᠦ᠂ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠨ᠎ᠠ ᠭᠡᠵᠦ ᠵᠢᠭ᠋ᠠᠵᠤ ᠭᠠᠷᠭ᠋ᠠᠪᠠ᠃

   ᠰᠦᠨ ᠱᠤᠤ ᠴᠧᠩ᠂ ᠡᠨᠡ ᠤᠳᠠᠭ᠎ᠠ ᠵᠢᠨ ᠲᠣᠭᠣᠷᠢᠨ ᠪᠠᠢ᠌ᠴᠠᠭ᠋ᠠᠯᠲᠠ ᠪᠣᠯ ᠥᠪᠥᠷ ᠮᠣᠩᠭᠣᠯ᠎ᠳᠤ ᠬᠢᠭᠰᠡᠨ ᠨᠢᠭᠡ ᠤᠳᠠᠭ᠎ᠠ ᠵᠢᠨ ᠪᠦᠭᠦ ᠲᠠᠯ᠎ᠠ ᠵᠢᠨ ᠤᠯᠤᠰ ᠲᠦᠷᠦ ᠵᠢᠨ ᠪᠠᠢ᠌ᠴᠠᠭ᠋ᠠᠯᠲᠠ ᠪᠠ ᠬᠦᠴᠦᠲᠡᠢ ᠠᠵᠢᠯ᠎ᠤᠨ ᠵᠢᠯᠣᠭᠣᠳᠤᠯᠭ᠎ᠠ ᠪᠠᠢ᠌ᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠬᠤ ᠪᠠ ᠭᠦᠨ ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ ᠪᠠᠢ᠌ᠨ᠎ᠠ᠃ ᠪᠦᠭᠦ ᠣᠷᠣᠨ᠎ᠤ ᠡᠯ᠎ᠡ ᠱᠠᠲᠤᠨ᠎ᠤ᠎ᠬᠢᠨ ᠤᠬᠠᠮᠰᠠᠷ᠎ᠠᠴᠠ᠎ᠪᠠᠨ ᠲᠣᠭᠣᠷᠢᠨ ᠪᠠᠢ᠌ᠴᠠᠭ᠋ᠠᠵᠤ ᠬᠢᠨᠠᠯᠲᠠ ᠲᠠᠯᠪᠢᠬᠤ ᠵᠢ ᠬᠦᠯᠢᠶᠡᠬᠦ ᠵᠢ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠵᠢᠨ ᠬᠦᠴᠦᠲᠡᠢ ᠠᠬᠢᠭᠤᠯᠤᠯ ᠪᠤᠯᠭ᠋ᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠵᠢ ᠨᠡᠩ ᠰᠠᠢ᠌ᠲᠤᠷ ᠪᠡᠶᠡᠯᠡᠭᠦᠯᠬᠦ ᠬᠡᠷᠡᠭᠲᠡᠢ᠃ ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠵᠢᠯ ᠵᠶ᠋ᠠᠨ ᠥᠷᠨᠢᠭᠦᠯᠬᠦ ᠵᠢ ᠪᠦᠭᠦ ᠬᠦᠴᠦᠨ ᠵᠶ᠋ᠡᠷ ᠵᠶ᠋ᠡᠨ ᠳᠡᠮᠵᠢᠵᠦ᠂ ᠰᠠᠨᠠᠭ᠋ᠠᠴᠢᠯᠠᠭ᠎ᠠ᠎ᠠᠴᠠ᠎ᠪᠠᠨ ᠬᠢᠨᠠᠯᠲᠠ ᠲᠠᠯᠪᠢᠬᠤ᠎ᠳᠤ ᠬᠠᠮᠵᠢᠯᠴᠠᠵᠤ᠂ ᠪᠠᠢ᠌ᠳᠠᠯ᠎ᠢ ᠦᠨᠡᠨ ᠮᠥᠨ ᠵᠶ᠋ᠡᠷ᠎ᠨᠢ ᠲᠤᠰᠬᠠᠵᠤ᠂ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠭ᠎ᠠ ᠰᠠᠬᠢᠬᠤ ᠬᠡᠷᠡᠭᠲᠡᠢ᠃ ᠲᠣᠭᠣᠷᠢᠨ ᠪᠠᠢ᠌ᠴᠠᠭ᠋ᠠᠯᠲᠠ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠲᠦᠷᠭᠡᠨ ᠰᠠᠢ᠌ᠵᠢᠷᠠᠭᠤᠯᠬᠤ᠂ ᠦᠨᠡᠨ ᠬᠦ᠌ ᠰᠠᠢ᠌ᠵᠢᠷᠠᠭᠤᠯᠵᠤ ᠪᠣᠳᠠᠲᠠᠢ ᠰᠠᠢ᠌ᠵᠢᠷᠠᠭᠤᠯᠬᠤ ᠵᠢ ᠴᠢᠩᠭ᠎ᠠ ᠠᠳᠬᠤᠬᠤ ᠬᠡᠷᠡᠭᠲᠡᠢ᠃ ᠲᠣᠭᠣᠷᠢᠨ ᠪᠠᠢ᠌ᠴᠠᠭ᠋ᠠᠵᠤ ᠬᠢᠨᠠᠯᠲᠠ ᠲᠠᠯᠪᠢᠬᠤ ᠵᠢ ᠬᠦᠯᠢᠶᠡᠬᠦ᠎ᠪᠠᠷ ᠠᠵᠠ ᠲᠣᠭᠢᠶᠠᠯ ᠪᠣᠯᠭ᠋ᠠᠨ ᠥᠭᠡᠷᠡᠴᠢᠯᠡᠯᠲᠡ ᠬᠥᠭᠵᠢᠯᠲᠡ ᠵᠢ ᠨᠡᠩ ᠰᠠᠢ᠌ᠲᠤᠷ ᠠᠬᠢᠭᠤᠯᠵᠤ᠂ 《ᠨᠢᠭᠡ ᠭᠣᠣᠯ ᠰᠢᠵᠢᠮ》᠂ 《ᠬᠣᠶᠠᠷ ᠶᠡᠬᠡ ᠶᠠᠪᠤᠳᠠᠯ》᠂ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠬᠦᠴᠦᠯᠡᠨ ᠰᠠᠢ᠌ᠲᠤᠷ ᠠᠳᠬᠤᠵᠤ᠂ ᠪᠦᠭᠦ ᠣᠷᠣᠨ᠎ᠤ ᠳᠡᠭᠡᠷ᠎ᠡ ᠳᠣᠣᠷ᠎ᠠ ᠱᠠᠲᠤ ᠵᠢ ᠬᠥᠲᠥᠯᠥᠨ ᠵᠢᠯᠤᠭᠣᠳᠴᠤ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠡᠴᠦᠰ᠎ᠲᠤᠨᠢ ᠲᠤᠯᠲᠠᠯ᠎ᠠ ᠠᠵᠢᠯᠯᠠᠬᠤ ᠬᠡᠷᠡᠭᠲᠡᠢ ᠭᠡᠵᠦ ᠢᠯᠡᠳᠬᠡᠪᠡ᠃

   ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ 2 ᠰᠠᠷ᠎ᠠ ᠬᠠᠭ᠋ᠠᠰ ᠰᠢᠬᠠᠮ ᠠᠵᠢᠯᠯᠠᠬᠤ ᠪᠣᠯᠣᠨ᠎ᠠ᠃ ᠲᠣᠭᠣᠷᠢᠨ ᠪᠠᠢ᠌ᠴᠠᠭ᠋ᠠᠬᠤ ᠬᠤᠭᠤᠴᠠᠭ᠋ᠠᠨ᠎ᠳᠤ ᠲᠤᠰᠬᠠᠢ ᠵᠢᠵᠢᠭᠦᠷᠯᠡᠬᠦ ᠤᠲᠠᠰᠤ ᠵᠢ ᠲᠣᠬᠢᠷᠠᠭᠤᠯᠪᠠ᠄ 0471 - 4860211᠂ ᠡᠳᠦᠷ ᠪᠦᠷᠢ ᠵᠢᠨ ᠤᠲᠠᠰᠤ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ 8᠄ 00᠎ᠠᠴᠠ 18᠄ 00; ᠲᠤᠰᠬᠠᠢ ᠰᠢᠤᠳᠠᠨ᠎ᠤ ᠵᠠᠬᠢᠳᠠᠯ᠎ᠤᠨ ᠬᠠᠢ᠌ᠷᠴᠠᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠭᠡᠬᠣᠲᠠ ᠵᠢᠨ A880 ᠳ᠋ᠤᠭ᠋ᠠᠷ ᠵᠠᠬᠢᠳᠠᠯ᠎ᠤᠨ ᠬᠠᠢ᠌ᠷᠴᠠᠭ᠃ ᠲᠣᠭᠣᠷᠢᠨ ᠪᠠᠢ᠌ᠴᠠᠭ᠋ᠠᠬᠤ ᠳᠤᠭᠤᠢ᠌ᠯᠠᠩ 2025 ᠣᠨ᠎ᠤ 6 ᠰᠠᠷ᠎ᠠ ᠵᠢᠨ 23 ᠪᠤᠯᠲᠠᠯ᠎ᠠ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃ ᠲᠣᠭᠣᠷᠢᠨ ᠪᠠᠢ᠌ᠴᠠᠭ᠋ᠠᠬᠤ ᠠᠵᠢᠯ᠎ᠤᠨ ᠳᠦᠷᠢᠮ᠎ᠤᠨ ᠲᠣᠭᠲᠠᠭ᠋ᠠᠯ᠎ᠢ ᠦᠨᠳᠦᠰᠦᠯᠡᠪᠡᠯ ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠭᠣᠣᠯᠳᠠᠭᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠳᠡᠰ᠎ᠤᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ᠂ ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠭᠣᠣᠯ ᠬᠠᠷᠢᠭᠤᠴᠠᠯᠭ᠋ᠠᠲᠠᠨ ᠪᠣᠯᠣᠨ ᠭᠣᠣᠯᠳᠠᠯᠭ᠎ᠠ᠎ᠲᠠᠢ ᠠᠵᠢᠯ᠎ᠤᠨ ᠪᠠᠢ᠌ᠷᠢ᠎ᠳᠠᠬᠢ ᠤᠳᠤᠷᠢᠳᠬᠤ ᠺᠠᠳ᠋ᠷ᠎ᠤᠨ ᠠᠰᠠᠭᠤᠳᠠᠯ᠎ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠂ ᠭᠣᠣᠯᠳᠠᠯᠭ᠎ᠠ᠎ᠨᠢ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠤᠯᠠᠨ ᠲᠦᠮᠡᠨ᠎ᠤ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠵᠡᠷᠭᠡ ᠲᠠᠯ᠎ᠠ᠎ᠪᠠᠷ᠎ᠬᠢ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠣᠭᠣᠷᠢᠨ ᠪᠠᠢ᠌ᠴᠠᠭ᠋ᠠᠯᠲᠠ ᠵᠢᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠠᠷᠢᠨ ᠬᠢᠨᠠᠮᠠᠭ᠋ᠠᠢ ᠰᠢᠢ᠍ᠳᠪᠦᠷᠢᠯᠡᠨ᠎ᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map