ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠪᠦᠬᠦ ᠤᠯᠤᠰ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠨᠠᠷ᠎ᠤᠨ ᠬᠤᠷᠠᠯᠳᠤᠭ᠋ᠠᠨ ᠪᠡᠭᠡᠵᠢᠩ᠎ᠳᠤ ᠬᠤᠷᠠᠯᠳᠤᠪᠠ ᠼᠠᠢ ᠴᠢ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-04-25

      ᠰᠢᠨᠬᠤᠸᠠ ᠬᠣᠷᠢᠶᠠᠨ᠎ᠤ ᠪᠠᠭᠡᠵᠢᠩ᠎ᠤᠨ 4 ᠳ᠋ᠦ᠍ᠭᠡᠷ ᠰᠠᠷ᠎ᠠ ᠵᠢᠨ 24᠎ᠤ ᠡᠳᠦᠷ᠎ᠤᠨ ᠴᠠᠭᠢᠯᠭ᠋ᠠᠨ ᠮᠡᠳᠡᠭᠡ 4 ᠳ᠋ᠦ᠍ᠭᠡᠷ ᠰᠠᠷ᠎ᠠ ᠵᠢᠨ 24᠎ᠤ ᠡᠳᠦᠷ ᠪᠤᠢ᠍ᠭᠦ ᠤᠯᠤᠰ᠎ᠤᠨ ᠨᠠᠮ᠎ᠤᠨ ᠬᠣᠷᠢᠶ᠎ᠡ ᠪᠤᠯᠣᠠ ᠵᠠᠰᠠᠭ᠎ᠤᠨ ᠣᠷᠲᠣᠠ᠎ᠤ ᠨᠠᠷᠢᠨ ᠪᠢᠴᠢᠭ᠎ᠤᠨ ᠲᠠᠷᠣᠭ᠎ᠠ ᠨᠠᠷ᠎ᠤᠨ ᠬᠤᠷᠠᠯᠳᠤᠭ᠋ᠠᠨ ᠪᠠᠭᠡᠵᠢᠩ᠎ᠳᠤ ᠬᠣᠷᠠᠯᠲᠣᠪᠠ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠬᠢᠯᠡᠭᠴᠢ ᠼᠠᠢ ᠴᠢ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

全国党委和政府秘书长会议在京召开 蔡奇出席并讲话.jpg

4 ᠳ᠋ᠦ᠍ᠭᠡᠷ ᠰᠠᠷ᠎ᠠ ᠵᠢᠨ 24᠎ᠤ ᠡᠳᠦᠷ᠂ ᠪᠤᠢ᠍ᠭᠦ ᠤᠯᠤᠰ᠎ᠤᠨ ᠨᠠᠮ᠎ᠤᠨ ᠬᠣᠷᠢᠶ᠎ᠡ ᠪᠤᠯᠣᠠ ᠵᠠᠰᠠᠭ᠎ᠤᠨ ᠣᠷᠲᠣᠠ᠎ᠤ ᠨᠠᠷᠢᠨ ᠪᠢᠴᠢᠭ᠎ᠤᠨ ᠲᠠᠷᠣᠭ᠎ᠠ ᠨᠠᠷ᠎ᠤᠨ ᠬᠤᠷᠠᠯᠳᠤᠭ᠋ᠠᠨ ᠪᠠᠭᠡᠵᠢᠩ᠎ᠳᠤ ᠬᠣᠷᠠᠯᠲᠣᠪᠠ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠬᠢᠯᠡᠭᠴᠢ ᠼᠠᠢ ᠴᠢ ᠬᠤᠷᠠᠯᠳᠤᠭ᠋ᠠᠨ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ

      ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠯᠪᠠᠨ ᠲᠢᠩᠬᠢᠮ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠬᠤᠶᠠᠷ᠎ᠢ ᠬᠠᠮᠠᠭ᠋ᠠᠯᠠᠬᠤ》 ᠵᠢᠨ ᠬᠤᠰᠢᠭᠤᠴᠢ ᠪᠣᠯᠬᠤ ᠬᠡᠷᠡᠭᠲᠡᠢ᠃ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠲᠦᠷᠦᠭᠦᠯᠡᠨ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠶ᠃ ᠡᠯ᠎ᠡ ᠱᠠᠲᠤᠨ᠎ᠤ ᠠᠯᠪᠠᠨ ᠲᠢᠩᠬᠢᠮ 《ᠲᠠᠪᠤ ᠵᠢ ᠪᠠᠷᠢᠮᠲᠠᠯᠠᠬᠤ》 ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠲᠣᠰ ᠪᠡᠶ᠎ᠡ ᠵᠢᠨ ᠪᠠᠶ᠋ᠢᠭᠤᠯᠤᠯᠲᠠ᠎ᠪᠠᠨ ᠲᠦᠷᠦᠭᠦᠯᠡᠨ ᠴᠢᠩᠭ᠋ᠠᠳᠬᠠᠵᠤ᠂ ᠠᠯᠪᠠᠨ ᠲᠢᠩᠬᠢᠮ᠎ᠤᠨ ᠤᠯᠤᠰ ᠲᠥᠷᠥ ᠵᠢᠨ ᠴᠢᠳᠠᠪᠤᠷᠢ᠂ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 《ᠭᠤᠷᠪᠠ᠎ᠳᠤ ᠦᠢ᠍ᠯᠡᠴᠢᠯᠡᠬᠦ》 ᠠᠵᠢᠯ᠎ᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠵᠦ᠂ ᠨᠠᠮ ᠵᠶ᠋ᠠᠨ ᠰᠠᠨᠠᠭ᠎ᠠ ᠠᠮᠤᠷ᠂ ᠠᠷᠠᠳ ᠲᠦᠮᠡᠨ ᠵᠶ᠋ᠠᠨ ᠰᠡᠳᠬᠢᠯ ᠬᠠᠨᠤᠮᠵᠢᠲᠠᠶ ᠪᠠᠶ᠋ᠢᠯᠭ᠋ᠠᠬᠤ ᠵᠢᠱ᠌ᠢᠶᠡᠴᠢ ᠪᠠᠶ᠋ᠢᠭᠤᠯᠭ᠎ᠠ ᠵᠢ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠥᠬᠦ ᠲᠠᠯ᠎ᠠ᠎ᠪᠠᠷ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ᠃ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ᠂ ᠠᠯᠪᠠᠨ ᠲᠢᠩᠬᠢᠮ᠎ᠤᠨ ᠡᠷᠬᠢᠯᠡᠭᠴᠢ ᠨᠠᠷ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠴᠠᠭ᠋ᠠᠷᠠᠭᠰᠠᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠰᠠᠢ᠌ᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠶ ᠭᠡᠵᠡᠢ᠃

      ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠡᠰᠢᠭᠦᠨ ᠪᠥᠭᠡᠳ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠠᠷᠢᠨ ᠪᠢᠴᠢᠭ᠎ᠤᠨ ᠳᠠᠷᠤᠭ᠎ᠠ ᠡᠦ ᠵᠧᠩ ᠯᠦᠩ ᠳ᠋ᠦᠩᠨᠡᠯᠲᠡ ᠵᠢᠨ ᠶᠠᠷᠢᠶ᠎ᠠ ᠲᠠᠯᠪᠢᠪᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
Baidu
map