ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-05-13

      5 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠤᠭᠤᠲᠤ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠸᠠᠩ ᠰᠢᠶᠣᠣ ᠫᠢᠩ᠎ᠲᠠᠢ ᠠᠭᠤᠯᠵᠠᠪᠠ᠃

      ᠰᠦᠨ ᠱᠤᠤ ᠴᠧᠩ ᠸᠠᠩ ᠰᠢᠶᠣᠣ ᠫᠢᠩ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠠᠵᠢᠯ ᠣᠯᠭᠣᠯᠲᠠ ᠵᠢᠨ ᠪᠠᠢ᠌ᠳᠠᠯ ᠬᠠᠷᠢᠴᠠᠩᠭᠤᠢ ᠪᠤᠳᠤᠯᠢᠶᠠᠨᠲᠠᠢ ᠪᠠᠢ᠌ᠨ᠎ᠠ᠂ ᠠᠵᠢᠯ ᠣᠯᠭᠣᠯᠲᠠ ᠵᠢᠨ ᠡᠨᠡ ᠬᠦ᠌ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠥᠯᠥᠭᠡ᠂ ᠡᠨᠡ ᠵᠢᠯ ᠪᠢᠳᠡ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ᠂ ᠠᠷᠭ᠎ᠠ ᠪᠦᠭᠦᠨ᠎ᠢ ᠰᠦᠪᠡᠭᠴᠢᠯᠡᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠨᠡᠮᠡᠭᠳᠡᠭᠦᠯᠵᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠪᠠ᠃ ᠪᠣᠳᠠᠲᠠᠢ ᠠᠵᠢᠯ᠎ᠤᠨ ᠳᠤᠮᠳᠠ᠂ ᠪᠢᠳᠡ ᠠᠵᠢᠯ ᠣᠯᠭᠣᠬᠤ ᠤᠳᠤᠷᠢᠳᠤᠮᠵᠢ ᠵᠢ ᠴᠢᠩᠭ᠋ᠠᠳᠬᠠᠬᠤ᠎ᠪᠠᠷ ᠳᠠᠮᠵᠢᠭᠤᠯᠤᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ ᠲᠡᠭᠦᠰᠬᠦ ᠰᠤᠷᠤᠬ᠍ᠴᠢᠳ᠎ᠤᠨ ᠠᠵᠢᠯ ᠣᠯᠬᠤ ᠠᠷᠭ᠎ᠠ ᠵᠠᠮ᠎ᠢ ᠥᠷᠭᠡᠳᠬᠡᠵᠦ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ᠎ᠪᠠᠷ ᠳᠠᠮᠵᠢᠭᠤᠯᠤᠨ ᠮᠠᠯᠴᠢᠨ ᠲᠠᠷᠢᠶᠠᠴᠢᠳ᠎ᠤᠨ ᠲᠤᠬᠠᠢ ᠵᠢᠨ ᠭᠠᠵᠠᠷ᠎ᠲᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠳᠠᠢ᠌ᠴᠢᠯᠠᠵᠤ᠂ ᠠᠵᠤ ᠠᠬᠤᠢ᠌ᠯᠠᠯ᠎ᠤᠨ ᠴᠠᠯᠢᠩ ᠥᠷᠢᠲᠦᠬᠦ ᠠᠰᠠᠭᠤᠳᠠᠯ᠎ᠢ ᠶᠠᠭ ᠬᠦᠴᠦᠲᠡᠢ ᠠᠷᠭ᠎ᠠ ᠬᠡᠮᠵᠢᠶ᠎ᠡ᠎ᠪᠠᠷ ᠴᠡᠭᠴᠡᠯᠡᠨ ᠵᠠᠰᠠᠵᠤ ᠪᠠᠢ᠌ᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠥᠪᠥᠷ ᠮᠣᠩᠭᠣᠯ᠎ᠳᠤ ᠵᠢᠯᠣᠭᠣᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ᠎ᠢ ᠬᠠᠪᠰᠤᠷᠤᠨ ᠠᠵᠢᠯ ᠣᠯᠭᠣᠯᠲᠠ ᠵᠢᠨ ᠠᠵᠢᠯ᠎ᠢ ᠰᠠᠢ᠌ᠲᠤᠷ ᠬᠢᠵᠦ᠂ ᠠᠵᠢᠯ ᠣᠯᠭᠣᠯᠲᠠ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠬᠦᠰᠡᠵᠦ ᠪᠠᠢ᠌ᠨ᠎ᠠ᠃ ᠥᠪᠥᠷ ᠮᠣᠩᠭᠣᠯ᠎ᠳᠤ ᠴᠢᠳᠠᠪᠤᠷᠢᠲᠠᠨ ᠲᠤᠲᠠᠭᠳᠠᠵᠤ ᠪᠤᠶ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠴᠢᠳᠠᠪᠤᠷᠢᠲᠠᠨ ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ ᠲᠠᠯ᠎ᠠ᠎ᠪᠠᠷ ᠪᠢᠳᠡᠨ᠎ᠳᠤ ᠣᠯᠠᠨ ᠰᠠᠢ᠌ᠨ ᠠᠷᠭ᠎ᠠ ᠭᠠᠷᠭ᠋ᠠᠨ ᠥᠭᠴᠦ᠂ ᠪᠢᠳᠡᠨ᠎ᠢ ᠬᠠᠪᠰᠤᠷᠤᠨ ᠴᠢᠳᠠᠪᠤᠷᠢᠲᠠᠨ᠎ᠤ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠬᠦᠰᠡᠵᠦ ᠪᠠᠢ᠌ᠨ᠎ᠠ ᠭᠡᠪᠡ᠃

      ᠸᠠᠩ ᠰᠢᠶᠣᠣ ᠫᠢᠩ ᠡᠩ ᠲᠡᠷᠢᠭᠦᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠲᠤᠷᠰᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ᠎ᠳᠤ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠡᠨᠡ ᠤᠳᠠᠭ᠎ᠠ ᠵᠢᠨ ᠪᠠᠢ᠌ᠴᠠᠭ᠋ᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠤᠷᠲᠤ ᠬᠤᠭᠤᠴᠠᠭ᠎ᠠ᠎ᠪᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠵᠡᠷᠭᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠠᠯᠢ ᠣᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ᠎ᠢ ᠪᠡᠶᠡᠴᠢᠯᠡᠨ ᠮᠡᠳᠡᠷᠡᠪᠡ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠬᠥᠭᠵᠢᠯᠲᠡ ᠵᠢ ᠦᠷᠭᠦᠯᠵᠢᠯᠡᠨ ᠳᠡᠮᠵᠢᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠵᠢ ᠠᠬᠢᠭᠤᠯᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠴᠢᠩᠭ᠋ᠠᠳᠬᠠᠬᠤ᠂ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠬᠤ᠂ ᠴᠠᠯᠢᠩ ᠥᠷᠢᠲᠦᠬᠦ ᠵᠢ ᠵᠠᠰᠠᠬᠤ ᠵᠡᠷᠭᠡ ᠲᠠᠯ᠎ᠠ᠎ᠪᠠᠷ ᠡᠷᠴᠢᠮ ᠵᠶ᠋ᠡᠨ ᠴᠢᠩᠭ᠋ᠠᠷᠠᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠨ᠎ᠡ ᠭᠡᠪᠡ᠃

       ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠳ᠋ᠢᠩ ᠰᠢᠤ ᠹᠧᠩ᠂ ᠢᠦᠢ ᠯᠢ ᠰᠢᠨ᠂ ᠴᠢ᠊ ᠪᠠᠲᠤ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map