ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠳᠤᠮᠳᠠᠳᠤ ᠮᠣᠩᠭᠣᠯ᠎ᠤᠨ ᠭᠠᠭᠴᠠᠮᠣᠳᠤ — ᠭᠠᠰᠢᠭᠤᠨ ᠰᠤᠬᠠᠢ᠌ᠲᠤ ᠬᠦᠷᠬᠦ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠡᠬᠢᠯᠡᠬᠦ ᠶᠣᠰᠣᠯᠠᠯ ᠶᠠᠪᠤᠭᠳᠠᠪᠠ ᠣᠶᠤᠨ᠋ᠡᠷᠳᠡᠨᠢ ᠰᠦᠨ ᠱᠤᠤ ᠴᠧᠩ ᠪᠠᠶᠠᠷ᠎ᠤᠨ ᠦᠭᠡ ᠬᠡᠯᠡᠭᠰᠡᠨ ᠪᠥᠭᠡᠳ ᠬᠠᠮᠲᠤ᠎ᠪᠠᠷ ᠲᠦᠷᠦᠯ ᠵᠦᠢ᠍ᠯ᠎ᠤᠨ ᠬᠥᠰᠢᠭᠡ ᠵᠢ ᠰᠡᠬᠦᠪᠡ
ᠨᠡᠶ᠋ᠢᠲᠡᠯᠡᠭᠰᠡᠨ ᠴᠠᠭ᠄ 2025-05-15

      5 ᠰᠠᠷ᠎ᠠ ᠵᠢᠨ 14᠎ᠤ ᠡᠳᠦᠷ᠂ ᠳᠤᠮᠳᠠᠳᠤ ᠮᠣᠩᠭᠣᠯ ᠬᠣᠶᠠᠷ ᠤᠯᠤᠰ᠎ᠤᠨ ᠡᠨᠧᠷᠭᠢ ᠵᠢᠨ ᠬᠠᠮᠲᠤᠷᠠᠯᠴᠠᠭ᠋ᠠᠨ᠎ᠤ ᠴᠢᠬᠤᠯᠠ ᠨᠡᠪᠲᠡᠷᠡᠬᠦ ᠵᠠᠮ — ᠳᠤᠮᠳᠠᠳᠤ ᠮᠣᠩᠭᠣᠯ᠎ᠤᠨ ᠭᠠᠭᠴᠠᠮᠣᠳᠤ — ᠭᠠᠰᠢᠭᠤᠨ ᠰᠤᠬᠠᠢ᠌ᠲᠤ ᠬᠦᠷᠬᠦ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ ᠮᠣᠩᠭᠣᠯ᠎ᠤᠨ ᠬᠢᠯᠢ ᠵᠢᠨ ᠣᠷᠣᠨ᠎ᠳᠤ ᠶᠠᠪᠤᠭᠳᠠᠪᠠ᠃ ᠮᠣᠩᠭᠣᠯ ᠤᠯᠤᠰ᠎ᠤᠨ ᠶᠡᠷᠦᠩᠬᠡᠢ ᠰᠠᠢ᠌ᠳ ᠣᠶᠤᠨ᠋ᠡᠷᠳᠡᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠷᠢᠳ ᠬᠣᠵᠢᠳ ᠪᠠᠶᠠᠷ᠎ᠤᠨ ᠦᠭᠡ ᠬᠡᠯᠡᠵᠦ᠂ ᠬᠠᠮᠲᠤ᠎ᠪᠠᠷ ᠲᠥᠷᠥᠯ ᠵᠦᠢ᠍ᠯ᠎ᠤᠨ ᠬᠥᠰᠢᠭᠡ ᠵᠢ ᠰᠡᠬᠦᠪᠡ᠃

中蒙甘其毛都-嘎舒苏海图铁路建设开工仪式举行 奥云额尔登孙绍骋致辞并共同为项目揭幕1.jpg5 ᠰᠠᠷ᠎ᠠ ᠵᠢᠨ 14᠎ᠤ ᠡᠳᠦᠷ᠂ ᠳᠤᠮᠳᠠᠳᠤ ᠮᠣᠩᠭᠣᠯ ᠬᠣᠶᠠᠷ ᠤᠯᠤᠰ᠎ᠤᠨ ᠡᠨᠧᠷᠭᠢ ᠵᠢᠨ ᠬᠠᠮᠲᠤᠷᠠᠯᠴᠠᠭ᠋ᠠᠨ᠎ᠤ ᠴᠢᠬᠤᠯᠠ ᠨᠡᠪᠲᠡᠷᠡᠬᠦ ᠵᠠᠮ — ᠳᠤᠮᠳᠠᠳᠤ ᠮᠣᠩᠭᠣᠯ᠎ᠤᠨ ᠭᠠᠭᠴᠠᠮᠣᠳᠤ — ᠭᠠᠰᠢᠭᠤᠨ ᠰᠤᠬᠠᠢ᠌ᠲᠤ ᠬᠦᠷᠬᠦ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ ᠡᠬᠢᠯᠡᠬᠦ ᠶᠣᠰᠣᠯᠠᠯ ᠳᠤᠮᠳᠠᠳᠤ ᠮᠣᠩᠭᠣᠯ᠎ᠤᠨ ᠬᠢᠯᠢ ᠵᠢᠨ ᠣᠷᠣᠨ᠎ᠳᠤ ᠶᠠᠪᠤᠭᠳᠠᠪᠠ᠃ ᠮᠣᠩᠭᠣᠯ ᠤᠯᠤᠰ᠎ᠤᠨ ᠶᠡᠷᠦᠩᠬᠡᠢ ᠰᠠᠢ᠌ᠳ ᠣᠶᠤᠨ᠋ᠡᠷᠳᠡᠨᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠠᠮᠲᠤ᠎ᠪᠠᠷ ᠲᠥᠷᠥᠯ ᠵᠦᠢ᠍ᠯ᠎ᠤᠨ ᠬᠥᠰᠢᠭᠡ ᠵᠢ ᠰᠡᠬᠦᠪᠡ᠃ (ᠲᠤᠰ ᠰᠣᠨᠢᠨ᠎ᠤ ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ)

中蒙甘其毛都-嘎舒苏海图铁路建设开工仪式举行 奥云额尔登孙绍骋致辞并共同为项目揭幕2.jpg

      ᠶᠡᠷᠦᠩᠬᠡᠢ ᠰᠠᠢ᠌ᠳ ᠣᠶᠤᠨ᠋ᠡᠷᠳᠡᠨᠢ ᠬᠢᠯᠢ ᠠᠯᠤᠰᠯᠠᠭᠰᠠᠨ ᠲᠡᠮᠦᠷ ᠵᠠᠮ᠎ᠤᠨ ᠪᠠᠷᠢᠯᠭ᠎ᠠ ᠡᠬᠢᠯᠡᠭᠰᠡᠨ ᠡᠨᠡ ᠬᠦ᠌ ᠲᠡᠦᠬᠡᠲᠦ ᠴᠠᠭ ᠮᠥᠴᠡ᠎ᠳᠤ  ᠬᠣᠶᠠᠷ ᠤᠯᠤᠰ᠎ᠤᠨ ᠬᠢᠯᠢ᠎ᠳᠤ ᠲᠤᠰᠬᠠᠢ᠌ᠯᠠᠨ ᠢᠷᠡᠭᠰᠡᠨ ᠵᠣᠴᠢᠳ᠂ ᠪᠡᠯᠡ ᠣᠷᠣᠭᠤᠯᠤᠭᠴᠢᠳ᠂ ᠢᠨᠵᠧᠨᠧᠷᠢᠩ᠎ᠤᠨ ᠮᠡᠷᠭᠡᠵᠢᠯᠲᠡᠳ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠲᠥᠷᠥᠯ ᠵᠦᠢ᠍ᠯ᠎ᠢ ᠲᠦᠷᠭᠡᠨ ᠠᠬᠢᠭᠤᠯᠬᠤ ᠵᠢᠨ ᠲᠥᠯᠥᠭᠡ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰᠬᠠᠢ ᠮᠡᠷᠭᠡᠵᠢᠯ᠎ᠤᠨ ᠥᠨᠳᠥᠷ ᠪᠦᠲᠦᠮᠵᠢᠲᠡᠶ ᠲᠦᠪᠰᠢᠨ ᠵᠶ᠋ᠡᠷ ᠠᠵᠢᠯ ᠵᠶ᠋ᠠᠨ ᠥᠷᠨᠢᠭᠦᠯᠵᠦ ᠪᠠᠢ᠌ᠭ᠎ᠠ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠪᠠᠢ᠌ᠭᠤᠯᠤᠮᠵᠢ᠂ ᠠᠵᠤ ᠠᠬᠤᠢ᠌ᠯᠠᠯ ᠵᠢᠴᠢ ᠬᠣᠯᠪᠣᠭᠳᠠᠯ ᠪᠦᠬᠦᠢ ᠬᠥᠮᠥᠰ᠎ᠲᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠮᠣᠩᠭᠣᠯ ᠳᠤᠮᠳᠠᠳᠤ ᠬᠣᠶᠠᠷ ᠤᠯᠤᠰ ᠪᠣᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠥᠨᠢᠳᠡ ᠵᠢᠨ ᠬᠥᠷᠰᠢ ᠤᠯᠤᠰ ᠮᠥᠨ᠃ ᠥᠨᠥᠳᠥᠷ᠎ᠤᠨ ᠡᠬᠢᠯᠡᠭᠦᠯᠦᠭᠰᠡᠨ ᠭᠠᠰᠢᠭᠤᠨ ᠰᠤᠬᠠᠢ᠌ᠲᠤ — ᠭᠠᠭᠴᠠᠮᠣᠳᠤ ᠬᠦᠷᠬᠦ ᠬᠢᠯᠢ ᠠᠯᠤᠰᠯᠠᠭᠰᠠᠨ ᠲᠡᠮᠦᠷ ᠵᠠᠮ᠎ᠤᠨ ᠪᠠᠷᠢᠯᠭ᠎ᠠ᠎ᠨᠢ ᠵᠠᠮ᠎ᠤᠨ ᠡᠭᠦᠳᠡ ᠪᠣᠭᠣᠮᠲᠠ᠂ ᠡᠩᠬᠡ ᠲᠠᠢ᠌ᠪᠤᠩ᠎ᠤᠨ ᠬᠥᠭᠥᠷᠭᠡ᠂ ᠤᠯᠤᠰ᠎ᠤᠨ ᠶᠡᠬᠡ ᠳᠡᠯᠭᠡᠭᠦᠷ ᠵᠡᠷᠭᠡ ᠪᠡᠯᠭᠡ ᠲᠡᠮᠳᠡᠭ᠎ᠤᠨ ᠴᠢᠨᠠᠷᠲᠠᠢ ᠲᠥᠷᠥᠯ ᠵᠦᠢ᠍ᠯ᠎ᠲᠠᠢ ᠠᠳᠠᠯᠢ᠎ᠪᠠᠷ ᠬᠣᠶᠠᠷ ᠤᠯᠤᠰ᠎ᠤᠨ ᠨᠥᠭᠦᠷᠰᠡᠭ ᠬᠠᠷᠢᠯᠴᠠᠭ᠋ᠠᠨ᠎ᠤ ᠰᠢᠨ᠎ᠡ ᠬᠥᠰᠢᠶ᠎ᠡ ᠲᠡᠮᠳᠡᠭ ᠪᠤᠯᠬᠤ᠎ᠨᠢ ᠯᠠᠪᠲᠠᠢ᠃ ᠲᠥᠷᠥᠯ ᠵᠦᠢ᠍ᠯ ᠳᠠᠭᠤᠰᠤᠭᠰᠠᠨ᠎ᠤ ᠳᠠᠷᠠᠭ᠎ᠠ ᠪᠣᠭᠣᠮᠲᠠ᠎ᠪᠠᠷ ᠥᠩᠭᠡᠷᠡᠬᠦ ᠴᠢᠳᠠᠪᠤᠷᠢ ᠨᠢᠭᠡ ᠳᠠᠭᠢᠨ ᠳᠡᠭᠡᠭᠰᠢᠯᠡᠬᠦ ᠪᠣᠯᠣᠨ᠎ᠠ᠂ ᠡᠨᠡ᠎ᠨᠢ ᠮᠣᠩᠭᠣᠯ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠣᠯᠣᠨ ᠭᠠᠳᠠᠭ᠋ᠠᠳᠤ ᠠᠷᠠᠯᠵᠢᠶ᠎ᠠ᠎ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ᠎ᠪᠠᠷ ᠪᠠᠷᠠᠬᠤ ᠦᠭᠡᠢ ᠨᠠᠩ ᠴᠤ᠌ ᠠᠵᠢᠯ ᠣᠯᠭᠣᠬᠤ ᠠᠵᠢᠯ᠎ᠤᠨ ᠪᠠᠢ᠌ᠷᠢ ᠡᠭᠦᠳᠬᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠳᠡᠭᠡᠭᠰᠢᠯᠡᠭᠦᠯᠭᠦ᠎ᠪᠠᠷ ᠲᠠᠮᠵᠢᠨ ᠬᠢᠯᠢ ᠬᠢᠵᠠᠭ᠋ᠠᠷ ᠣᠷᠣᠨ᠎ᠤ ᠠᠷᠠᠳ᠎ᠤᠨ ᠠᠮᠢᠳᠤᠷᠠᠯ᠎ᠢ ᠢᠯᠡᠳᠲᠡ ᠰᠠᠢ᠌ᠵᠢᠷᠠᠭᠤᠯᠵᠤ᠂ ᠦᠨᠡᠨ ᠬᠦ᠌ ᠣᠷᠣᠨ ᠨᠤᠲᠤᠭ᠎ᠲᠤ ᠪᠤᠶᠠᠨ ᠦᠢ᠍ᠯᠡᠳᠬᠦ 《ᠰᠢᠵᠢᠷ ᠠᠯᠲᠠᠨ ᠬᠢᠯᠢ ᠵᠢᠨ ᠪᠣᠭᠣᠮᠲᠠ》 ᠪᠤᠯᠬᠤ ᠪᠣᠯᠣᠨ᠎ᠠ᠃ ᠥᠨᠥᠳᠥᠷ ᠮᠣᠩᠭᠣᠯ ᠳᠤᠮᠳᠠᠳᠤ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠶᠠᠭ ᠠᠮᠢᠵᠢᠷᠠᠯ᠎ᠤᠨ ᠬᠦᠴᠦᠨ ᠵᠶ᠋ᠡᠷ ᠪᠢᠯᠬᠠᠭᠰᠠᠨ ᠨᠢᠭᠡᠨ ᠰᠢᠨ᠎ᠡ ᠴᠠᠭ ᠦᠶ᠎ᠡ᠎ᠳᠤ ᠣᠷᠣᠵᠤ ᠪᠠᠢ᠌ᠨ᠎ᠠ᠃ ᠮᠣᠩᠭᠣᠯ ᠤᠯᠤᠰ 《ᠠᠯᠤᠰ᠎ᠤᠨ ᠬᠠᠷᠠᠭ᠎ᠠ 2050》 ᠣᠷᠳᠣ ᠬᠤᠭᠤᠴᠠᠭ᠋ᠠᠨ᠎ᠤ ᠬᠥᠭᠵᠢᠯ᠎ᠤᠨ  ᠪᠣᠳᠣᠯᠭ᠎ᠠ ᠵᠢ ᠡᠷᠡᠰ ᠭᠤᠢ᠌ᠪᠢᠰᠢ ᠦᠭᠡᠢ ᠬᠡᠷᠡᠭᠵᠢᠭᠦᠯᠵᠦ 《ᠮᠣᠩᠭᠣᠯ᠎ᠤᠨ ᠶᠣᠰᠣ ᠠᠨᠤ ᠦᠨᠡᠨᠴᠢ ᠰᠢᠳᠤᠷᠭᠤ᠎ᠳᠤᠷ ᠪᠠᠢ᠌ᠮᠤᠢ》 ᠭᠡᠬᠦ ᠡᠨᠡ ᠬᠦ᠌ ᠦᠨᠳᠦᠰᠦᠨ ᠵᠠᠷᠴᠢᠮ᠎ᠢ ᠬᠢᠴᠢᠶᠡᠩᠭᠦᠢ᠌ᠯᠡᠨ ᠵᠢᠷᠤᠮᠯᠠᠵᠤ ᠬᠠᠮᠲᠤᠷᠠᠯᠴᠠᠭ᠎ᠠ᠎ᠪᠠᠨ ᠠᠬᠢᠭᠤᠯᠤᠨ᠎ᠠ᠃ ᠬᠣᠶᠠᠷ ᠲᠠᠯ᠎ᠠ᠎ᠪᠠᠷ ᠵᠶ᠋ᠠᠨ ᠳᠠᠬᠢᠯᠲᠠ ᠡᠨᠧᠷᠭᠢ ᠵᠢᠨ ᠦᠢ᠍ᠯᠡᠳᠪᠦᠷᠢᠯᠡᠯ᠂ ᠨᠡᠭᠦᠷᠡᠰᠦ ᠵᠢ ᠨᠠᠷᠢᠯᠢᠭ ᠭᠦᠨᠵᠡᠭᠡᠢ ᠡᠳ᠋ᠰᠢᠭᠦᠯᠬᠦ ᠵᠢᠴᠢ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠨ᠎ᠳᠤ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠠᠮᠲᠤ᠎ᠪᠠᠷ ᠴᠢᠷᠮᠠᠢ᠌ᠵᠤ ᠪᠠᠢ᠌ᠭ᠋ᠠᠳ ᠬᠣᠶᠠᠷ ᠤᠯᠤᠰ᠎ᠤᠨ ᠲᠡᠷᠢᠭᠦᠨ᠎ᠤ ᠲᠣᠬᠢᠷᠠᠯᠴᠠᠭᠰᠠᠨ ᠬᠠᠮᠲᠤ ᠵᠢᠨ ᠲᠠᠨᠢᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠬᠦᠰᠡᠵᠦ ᠪᠠᠢ᠌ᠨ᠎ᠠ ᠭᠡᠵᠡᠢ᠃

      ᠰᠦᠨ ᠱᠤᠤ ᠴᠧᠩ ᠪᠠᠶᠠᠷ᠎ᠤᠨ ᠦᠭᠡ᠎ᠳᠡᠭᠡᠨ ᠶᠡᠷᠦᠩᠬᠡᠢ ᠰᠠᠢ᠌ᠳ ᠣᠶᠤᠨ᠋ᠡᠷᠳᠡᠨᠢ ᠨᠠᠷ ᠪᠣᠯᠣᠨ ᠲᠤᠬᠠᠢ ᠵᠢᠨ ᠲᠠᠯᠠᠪᠠᠢ᠎ᠳᠤ ᠬᠦᠷᠦᠯᠴᠡᠨ ᠢᠷᠡᠭᠰᠡᠨ ᠬᠦᠨᠳᠦᠲᠦ ᠵᠣᠴᠢᠳ᠎ᠢ ᠴᠢᠩ ᠰᠡᠳᠬᠢᠯ᠎ᠠᠴᠠ᠎ᠪᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠭᠠᠭᠴᠠᠮᠣᠳᠤ — ᠭᠠᠰᠢᠭᠤᠨ ᠰᠤᠬᠠᠢ᠌ᠲᠤ ᠬᠦᠷᠬᠦ ᠬᠢᠯᠢ ᠠᠯᠤᠰᠯᠠᠭᠰᠠᠨ ᠲᠡᠮᠦᠷ ᠵᠠᠮ᠎ᠤᠨ ᠲᠦᠷᠦᠯ ᠵᠦᠢ᠍ᠯ᠎ᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠤᠨ ᠬᠥᠮᠥᠰ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠪᠡ᠃ ᠲᠡᠷᠡ᠂ ᠣᠢ᠌ᠷ᠎ᠠ ᠵᠢᠨ ᠵᠢᠯ᠎ᠠᠴᠠ ᠲᠡᠷᠢᠭᠦᠯᠡᠭᠴᠢ ᠰᠢ ᠵᠢᠨ ᠫᠢᠩ ᠪᠣᠯᠣᠨ ᠶᠡᠷᠦᠩᠬᠡᠢ᠌ᠯᠡᠭᠴᠢ ᠬᠦᠷᠡᠯᠰᠦ᠋ᠬᠡ ᠵᠢᠨ ᠪᠠᠢ᠌ᠯᠳᠤᠬᠤ ᠪᠣᠳᠣᠯᠭ᠎ᠠ ᠵᠢᠨ ᠵᠢᠯᠣᠭᠣᠳᠤᠯᠭ᠎ᠠ ᠳᠣᠣᠷ᠎ᠠ ᠳᠤᠮᠳᠠᠳᠤ ᠮᠣᠩᠭᠣᠯ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠴᠠᠭ᠎ᠠ ᠲᠣᠭᠲᠠᠭᠤᠨ ᠡᠷᠡᠭᠦᠯ ᠬᠥᠭᠵᠢᠵᠦ᠂ ᠬᠣᠶᠠᠷ ᠤᠯᠤᠰ᠎ᠤᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ ᠨᠢᠭᠲᠠᠷᠠᠵᠤ᠂ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠪᠡ᠃ ᠭᠠᠭᠴᠠᠮᠣᠳᠤ — ᠭᠠᠰᠢᠭᠤᠨ ᠰᠤᠬᠠᠢ᠌ᠲᠤ ᠬᠦᠷᠬᠦ ᠬᠢᠯᠢ ᠠᠯᠤᠰᠯᠠᠭᠰᠠᠨ ᠲᠡᠮᠦᠷ ᠵᠠᠮ ᠪᠠᠢ᠌ᠭᠤᠯᠤᠭᠳᠠᠭᠰᠠᠨ᠎ᠤ ᠳᠠᠷᠠᠭ᠎ᠠ ᠳᠤᠮᠳᠠᠳᠤ ᠮᠣᠩᠭᠣᠯ᠎ᠤᠨ ᠬᠣᠯᠪᠣᠯᠳᠤᠨ ᠨᠡᠪᠲᠡᠷᠡᠯᠴᠡᠬᠦ ᠰᠢᠨ᠎ᠡ ᠬᠥᠭᠥᠷᠭᠡ ᠪᠣᠯᠵᠤ᠂ ᠬᠣᠶᠠᠷ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠ ᠠᠵᠤ ᠦᠢ᠍ᠯᠡᠰ᠎ᠤᠨ ᠬᠣᠯᠪᠤᠭ᠋ᠠᠯᠠᠨ ᠬᠥᠳᠡᠯᠦᠯᠴᠡᠬᠦ ᠵᠢ ᠤᠯᠠᠮ ᠨᠢᠭᠡ ᠠᠯᠬᠤᠮ ᠠᠬᠢᠭᠤᠯᠬᠤ ᠵᠢᠨ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ ᠪᠠ ᠮᠣᠩᠭᠣᠯ ᠤᠯᠤᠰ᠎ᠤᠨ ᠬᠠᠮᠢᠶ᠎ᠠ ᠪᠦᠬᠦᠢ ᠭᠠᠵᠠᠷ ᠣᠷᠣᠨ᠎ᠤ ᠬᠠᠮᠵᠢᠯᠴᠠᠨ ᠬᠥᠭᠵᠢᠬᠦ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤᠷᠠᠲᠠᠶ᠎ᠠ ᠮᠣᠩᠭᠣᠯ ᠤᠯᠤᠰ᠎ᠤᠨ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠬᠠᠮᠲᠤ᠎ᠪᠠᠷ ᠲᠥᠷᠥᠯ ᠵᠦᠢ᠍ᠯ᠎ᠢ ᠬᠡᠷᠡᠭᠵᠢᠭᠦᠯᠬᠦ᠎ᠳᠤ ᠬᠦᠴᠦᠲᠡᠢ ᠳᠡᠮᠵᠢᠯᠭᠡ ᠪᠠ ᠲᠥᠭᠦᠮ ᠦᠵᠡᠭᠦᠯᠦᠨ᠎ᠡ᠃ ᠡᠨᠡ ᠬᠦ᠌ ᠬᠢᠯᠢ ᠠᠯᠤᠰᠯᠠᠭᠰᠠᠨ ᠲᠡᠮᠦᠷ ᠵᠠᠮ᠎ᠨᠢ ᠨᠥᠬᠥᠷᠯᠡᠯ᠎ᠤᠨ ᠵᠠᠮ᠂ ᠬᠥᠭᠵᠢᠯ ᠴᠡᠴᠡᠭᠯᠡᠯ᠎ᠤᠨ ᠵᠠᠮ᠂ ᠬᠦᠰᠡᠯ ᠡᠷᠡᠮᠡᠯᠵᠡᠯ᠎ᠤᠨ ᠵᠠᠮ ᠪᠤᠯᠬᠤ ᠵᠢ ᠪᠢᠳᠡ ᠪᠠᠲᠤ ᠢᠲᠡᠭᠡᠵᠦ ᠪᠠᠢ᠌ᠨ᠎ᠠ᠃ ᠢᠷᠡᠭᠡᠳᠦᠢ᠎ᠳᠤ ᠬᠠᠨᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ 《ᠡᠶᠡᠯᠳᠡᠭ ᠬᠥᠷᠰᠢ᠂ ᠠᠮᠤᠷ ᠲᠦᠪᠰᠢᠨ ᠬᠥᠷᠰᠢ᠂ ᠪᠠᠶᠠᠨ ᠬᠥᠷᠰᠢ᠂ ᠳᠣᠲᠣᠨᠣ ᠦᠨᠡᠨᠴᠢ᠎ᠪᠠᠷ ᠠᠰᠢᠭ ᠬᠦᠷᠲᠡᠭᠡᠬᠦ᠂ ᠬᠤᠪᠢ ᠵᠠᠶᠠᠭ᠎ᠠ᠎ᠪᠠᠨ ᠬᠠᠮᠲᠤᠳᠬᠠᠬᠤ》 ᠣᠢ᠌ᠯᠠᠭ᠋ᠠᠭᠳᠠᠬᠤᠨ ᠴᠢᠭᠯᠡᠯᠲᠡ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠳᠤᠮᠳᠠᠳᠤ ᠮᠣᠩᠭᠣᠯ ᠬᠣᠶᠠᠷ ᠤᠯᠤᠰ᠎ᠤᠨ ᠲᠡᠷᠢᠭᠦᠨ᠎ᠤ ᠲᠣᠭᠲᠠᠭᠰᠠᠨ ᠡᠯ᠎ᠡ ᠵᠦᠢ᠍ᠯ᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤ ᠵᠢᠨ ᠲᠠᠨᠢᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠮᠣᠩᠭᠣᠯ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠶᠠᠪᠤᠯᠴᠠᠭ᠎ᠠ᠎ᠪᠠᠨ ᠪᠦᠭᠦ ᠲᠠᠯ᠎ᠠ᠎ᠪᠠᠷ ᠴᠢᠩᠭ᠋ᠠᠳᠬᠠᠵᠤ᠂ ᠳᠤᠮᠳᠠᠳᠤ ᠮᠣᠩᠭᠣᠯ᠎ᠤᠨ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠬᠥᠭᠵᠢᠭᠦᠯᠬᠦ᠎ᠳᠤ ᠨᠠᠩ ᠶᠡᠬᠡ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃

      ᠮᠣᠩᠭᠣᠯ ᠤᠯᠤᠰ᠎ᠤᠨ ᠨᠢᠭᠡᠳᠦᠭᠡᠷ ᠳᠡᠳ᠋ ᠶᠡᠷᠦᠩᠬᠡᠢ ᠰᠠᠢ᠌ᠳ ᠪᠥᠭᠡᠳ ᠠᠵᠤ ᠠᠬᠤᠢ ᠵᠢᠨ ᠬᠥᠭᠵᠢᠯᠲᠡ ᠵᠢᠨ ᠶᠠᠮᠤᠨ᠎ᠤ ᠰᠠᠢ᠌ᠳ ᠭᠠᠩᠲᠡᠮᠦᠷ᠂ ᠳᠡᠳ᠋ ᠶᠡᠷᠦᠩᠬᠡᠢ ᠰᠠᠢ᠌ᠳ ᠲᠤᠷᠵᠢᠬᠠᠨᠳᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠰᠠᠢ᠌ᠳ ᠳᠡᠯᠭᠡᠷᠰᠠᠢ᠌ᠬᠠᠨ ᠪᠣᠯᠣᠨ ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠭᠢᠯᠡᠭᠴᠢ ᠯᠢ ᠴᠦᠨ ᠯᠢᠨ᠂ ᠤᠯᠤᠰ᠎ᠤᠨ ᠡᠨᠧᠷᠭᠢ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠽᠧᠦ ᠯᠧᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠬᠤᠪᠢᠴᠠᠭ᠋ᠠᠳᠤ ᠬᠢᠵᠠᠭ᠋ᠠᠷᠲᠤ ᠺᠤᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠳ᠋ᠠᠢ ᠾᠧ ᠭᠧᠨ ᠲᠤᠰ ᠲᠤᠰ ᠪᠠᠶᠠᠷ᠎ᠤᠨ ᠦᠭᠡ ᠬᠡᠯᠡᠪᠡ᠃

中蒙甘其毛都-嘎舒苏海图铁路建设开工仪式举行 奥云额尔登孙绍骋致辞并共同为项目揭幕3.jpg

      ᠪᠠᠷᠢᠯᠭ᠎ᠠ ᠡᠬᠢᠯᠡᠬᠦ ᠶᠣᠰᠣᠯᠠᠯ ᠳᠠᠭᠤᠰᠤᠭᠰᠠᠨ᠎ᠤ ᠲᠠᠷᠠᠭ᠎ᠠ ᠰᠦᠨ ᠱᠤᠤ ᠴᠧᠩ ᠪᠠᠰᠠ ᠶᠡᠷᠦᠩᠬᠡᠢ ᠰᠠᠢ᠌ᠳ ᠣᠶᠤᠨ᠋ᠡᠷᠳᠡᠨᠢ᠎ᠲᠠᠢ ᠠᠭᠤᠯᠵᠠᠵᠤ᠂ ᠬᠣᠶᠠᠷ ᠲᠠᠯ᠎ᠠ᠎ᠪᠠᠷ ᠵᠶ᠋ᠠᠨ ᠠᠭᠤᠷᠬᠠᠢ ᠵᠢᠨ ᠡᠬᠢ ᠪᠠᠶᠠᠯᠢᠭ᠂ ᠰᠢᠨ᠎ᠡ ᠡᠨᠧᠷᠭᠢ᠂ ᠠᠮᠢ ᠠᠬᠤᠢ ᠵᠢᠨ ᠬᠠᠮᠠᠭ᠋ᠠᠯᠠᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠰᠠᠨᠠᠯ ᠵᠶ᠋ᠠᠨ ᠰᠣᠯᠢᠯᠴᠠᠵᠠᠢ᠃

      ᠮᠣᠩᠭᠣᠯ ᠤᠯᠤᠰ᠎ᠤᠨ ᠠᠵᠤ ᠦᠢ᠍ᠯᠡᠳᠪᠦᠷᠢ ᠬᠢᠭᠡᠳ ᠠᠭᠤᠷᠬᠠᠢ ᠵᠢᠨ ᠦᠢ᠍ᠯᠡᠰ᠎ᠤᠨ ᠶᠠᠮᠤᠨ᠎ᠤ ᠰᠠᠢ᠌ᠳ ᠳᠤᠸᠠᠩ᠂ ᠮᠣᠩᠭᠣᠯ ᠤᠯᠤᠰ᠎ᠤᠨ ᠰᠠᠢ᠌ᠳ᠂ ᠤᠯᠤᠰ᠎ᠤᠨ ᠪᠣᠭᠣᠮᠲᠠ ᠵᠢᠨ ᠰᠡᠷᠭᠦᠨ ᠮᠠᠨᠳᠤᠯᠲᠠ ᠵᠢᠨ ᠵᠥᠪᠯᠡᠯ᠎ᠤᠨ ᠡᠷᠭᠢᠯᠡᠭᠴᠢ ᠲᠤᠯᠭ᠎ᠠ᠂ ᠮᠣᠩᠭᠣᠯ ᠤᠯᠤᠰ᠎ᠤᠨ ᠡᠳ᠋᠎ᠤᠨ ᠵᠠᠰᠠᠭ᠎ᠤᠨ ᠶᠠᠮᠤᠨ᠎ᠤ ᠰᠠᠢ᠌ᠳ ᠵᠢᠪᠬᠤᠯᠠᠩ᠂ ᠳᠤᠮᠳᠠᠳᠤ ᠤᠯᠤᠰ᠎ᠲᠤ ᠰᠠᠭᠤᠭ᠎ᠠ ᠮᠣᠩᠭᠣᠯ ᠤᠯᠤᠰ᠎ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠢ᠌ᠳ ᠡᠩᠬᠡᠪᠣᠯᠣᠳ᠂ ᠮᠣᠩᠭᠣᠯ ᠤᠯᠤᠰ᠎ᠲᠤ ᠰᠠᠭᠤᠭ᠎ᠠ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠢ᠌ᠳ ᠱᠧᠨ ᠮᠢᠨ ᠵᠢᠤᠸᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠢᠦᠢ ᠯᠢ ᠰᠢᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠠᠽᠢᠶ᠎ᠠ ᠲᠢᠪ᠎ᠤᠨ ᠵᠤᠷᠭ᠋ᠠᠨ᠎ᠤ ᠳᠡᠳ᠋ ᠳᠠᠷᠤᠭ᠎ᠠ ᠴᠧᠨ ᠱᠤᠤ ᠴᠦᠨ ᠨᠠᠷ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map