ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-23

      5 ᠰᠠᠷ᠎ᠠ ᠵᠢᠨ 21᠎ᠠᠴᠠ 22᠎ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠬᠦᠷᠴᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠵᠢᠯ᠎ᠤᠨ ᠲᠣᠭᠣᠷᠢᠨ᠎ᠳᠤ ᠪᠠᠢ᠌ᠴᠠᠭ᠋ᠠᠨ ᠰᠤᠳᠤᠯᠪᠠ᠃孙绍骋在察右中旗调研农牧民增收工作.jpg

      5 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠳᠠᠭᠢᠨ ᠶᠠᠳᠠᠭᠤᠷᠠᠬᠤ ᠵᠢ ᠰᠡᠷᠭᠡᠢ᠌ᠯᠡᠵᠦ ᠬᠢᠨᠠᠨ ᠬᠡᠮᠵᠢᠬᠦ ᠡᠷᠦᠭᠡ᠎ᠳᠤ ᠬᠦᠷᠴᠦ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠡᠭᠦᠷᠭᠡᠯᠡᠯ᠎ᠤᠨ ᠺᠠᠷᠲ᠎ᠢ ᠬᠢᠨᠠᠮᠠᠭ᠋ᠠᠢ ᠪᠠᠢ᠌ᠴᠠᠭ᠋ᠠᠨ ᠦᠵᠡᠵᠦ᠂ ᠨᠥᠬᠥᠪᠦᠷᠢ ᠠᠪᠴᠤ ᠪᠠᠢ᠌ᠭ᠎ᠠ ᠪᠠᠢ᠌ᠳᠠᠯ᠎ᠢ᠎ᠨᠢ ᠨᠠᠷᠢᠨ ᠣᠢ᠌ᠯᠠᠭ᠋ᠠᠪᠠ᠃ (ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ)

孙绍骋在察右中旗调研农牧民增收工作2.jpg

      ᠰᠦᠨ ᠱᠤᠤ ᠴᠧᠩ ᠤᠷᠢᠳ ᠬᠣᠵᠢᠳ ᠳᠠᠭᠢᠨ ᠶᠠᠳᠠᠭᠤᠷᠠᠬᠤ ᠵᠢ ᠰᠡᠷᠭᠡᠢ᠌ᠯᠡᠵᠦ ᠬᠢᠨᠠᠨ ᠬᠡᠮᠵᠢᠬᠦ 3 ᠡᠷᠦᠭᠡ ᠪᠠ ᠪᠠᠢ᠌ᠴᠠᠭ᠋ᠠᠨ ᠳᠠᠩᠰᠠᠯᠠᠬᠤ 2 ᠡᠷᠦᠭᠡ᠎ᠳᠤ ᠬᠦᠷᠴᠦ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠡᠭᠦᠷᠭᠡᠯᠡᠯ᠎ᠤᠨ ᠺᠠᠷᠲ ᠪᠠ ᠲᠠᠷᠢᠶᠠᠴᠢᠨ ᠡᠷᠦᠭᠡ ᠵᠢᠨ ᠣᠷᠣᠯᠭ᠎ᠠ ᠵᠠᠷᠤᠯᠭ᠎ᠠ ᠵᠢᠨ ᠲᠠᠩᠰᠠᠠ ᠳᠡᠪᠲᠡᠷ᠎ᠢ ᠨᠠᠷᠢᠨ ᠪᠠᠢ᠌ᠴᠠᠭ᠋ᠠᠨ ᠦᠵᠡᠵᠦ᠂ ᠳᠠᠷᠢᠵᠤ ᠲᠡᠵᠢᠭᠡᠬᠦ᠂ ᠬᠥᠯᠥᠰᠦᠨ ᠠᠵᠢᠯ ᠬᠢᠬᠦ ᠵᠡᠷᠭᠡ ᠣᠷᠣᠯᠭ᠎ᠠ ᠪᠠ ᠨᠥᠬᠥᠪᠦᠷᠢ ᠠᠪᠴᠤ ᠪᠠᠢ᠌ᠭ᠎ᠠ ᠪᠠᠢ᠌ᠳᠠᠯ᠎ᠢ ᠨᠠᠷᠢᠨ ᠣᠢ᠌ᠯᠠᠭ᠋ᠠᠵᠤ᠂ ᠲᠤᠬᠠᠢ ᠵᠢᠨ ᠭᠠᠵᠠᠷ᠎ᠤᠨ ᠺᠠᠳ᠋ᠷ ᠣᠯᠠᠨ ᠲᠦᠮᠡᠨ᠎ᠲᠠᠢ ᠬᠠᠮᠲᠤ᠎ᠪᠠᠷ ᠣᠷᠣᠯᠭ᠎ᠠ ᠵᠢ ᠨᠡᠮᠡᠭᠳᠡᠭᠦᠯᠬᠦ ᠰᠠᠢ᠌ᠨ ᠠᠷᠭ᠎ᠠ ᠵᠢ ᠰᠤᠳᠤᠯᠤᠨ ᠶᠠᠷᠢᠯᠴᠠᠵᠤ᠂ ᠲᠠᠷᠢᠶᠠᠴᠢᠨ ᠡᠷᠦᠭᠡ ᠵᠢ ᠦᠵᠡᠯᠲᠡ᠎ᠪᠠᠨ ᠬᠤᠪᠢᠷᠠᠭᠤᠯᠵᠤ᠂ ᠣᠲᠣ ᠵᠢᠨ ᠪᠠᠢ᠌ᠭ᠎ᠠ ᠬᠦᠷᠢᠶ᠎ᠡ ᠬᠠᠰᠢᠶᠠᠨ᠎ᠤ ᠨᠥᠬᠥᠴᠡᠯ᠎ᠳᠡᠭᠡᠨ ᠲᠦᠰᠢᠭᠯᠡᠨ ᠦᠢ᠍ᠯᠡᠳᠪᠦᠷᠢᠯᠡᠯ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠥᠷᠭᠡᠳᠬᠡᠵᠦ᠂ ᠦᠬᠡᠷ ᠬᠣᠨᠢ ᠢᠯᠡᠭᠦᠬᠡᠨ ᠲᠡᠵᠢᠭᠡᠵᠦ᠂ ᠪᠣᠷᠳᠣᠨ ᠲᠠᠷᠭᠤᠯᠠᠭᠤᠯᠵᠤ᠂ ᠰᠢᠷᠭ᠋ᠠᠭᠤ ᠭᠦᠳᠡᠯᠮᠦᠷᠢ᠎ᠳᠡᠭᠡᠨ ᠲᠦᠰᠢᠭᠯᠡᠨ ᠣᠷᠣᠯᠭ᠎ᠠ᠎ᠪᠠᠨ ᠨᠡᠮᠡᠭᠳᠡᠭᠦᠯᠵᠦ ᠪᠠᠶᠠᠵᠢᠬᠤ ᠵᠢ ᠵᠣᠷᠢᠭᠵᠢᠭᠤᠯᠪᠠ᠃

孙绍骋在察右中旗调研农牧民增收工作3.jpg

      22᠎ᠤᠨ ᠦᠳᠡ ᠵᠢᠨ ᠡᠮᠦᠨ᠎ᠡ᠂ ᠰᠦᠨ ᠱᠤᠤ ᠴᠧᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠤᠯᠠᠭ᠋ᠠᠨᠴᠠᠪ ᠬᠤᠳᠠ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠯᠪᠣᠭᠳᠠᠯ ᠪᠦᠬᠦᠢ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠡᠷᠡ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠪᠣᠯ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠬᠦ ᠵᠢᠨ ᠵᠠᠩᠭᠢᠯᠠᠭ᠎ᠠ ᠪᠣᠯᠣᠨ᠎ᠠ᠃ ᠨᠠᠮ᠎ᠤᠨ ᠲᠥᠪ ᠬᠣᠷᠢᠶ᠎ᠠ᠎ᠠᠴᠠ ᠪᠢᠳᠡᠨ᠎ᠢ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠬᠤ ᠬᠡᠷᠡᠭᠲᠡᠢ ᠭᠡᠵᠦ ᠱᠠᠭ᠋ᠠᠷᠳᠠᠵᠤ ᠪᠠᠢ᠌ᠨ᠎ᠠ᠂ ᠬᠡᠷᠪᠡ ᠮᠠᠯᠴᠢᠨ ᠲᠠᠷᠢᠶᠠᠴᠢᠨ᠎ᠤ ᠣᠷᠣᠯᠭ᠎ᠠ ᠳᠡᠭᠡᠭᠰᠢᠯᠡᠵᠦ ᠳᠡᠢ᠌ᠯᠭᠦ ᠦᠭᠡᠢ ᠪᠣᠯ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠶᠡᠬᠡ᠎ᠪᠠᠷ ᠪᠠᠭᠤᠷᠠᠬᠤ ᠪᠣᠯᠣᠨ᠎ᠠ᠃ ᠡᠯ᠎ᠡ ᠱᠠᠲᠤᠨ᠎ᠤ᠎ᠬᠢᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠮᠠᠯᠴᠢᠨ ᠲᠠᠷᠢᠶᠠᠴᠢᠨ᠎ᠢ ᠦᠨᠡᠨ ᠪᠣᠳᠠᠲᠠᠢ ᠬᠠᠪᠰᠤᠷᠤᠨ ᠣᠷᠣᠯᠭ᠎ᠠ ᠵᠢ᠎ᠨᠢ ᠳᠡᠭᠡᠭᠰᠢᠯᠡᠭᠦᠯᠭᠦ ᠬᠡᠷᠡᠭᠲᠡᠢ᠃ ᠵᠣᠬᠢᠶᠠᠨ ᠪᠠᠢ᠌ᠭᠤᠯᠵᠤ ᠳᠠᠢ᠌ᠴᠢᠯᠠᠬᠤ᠎ᠪᠠᠨ ᠴᠢᠩᠭ᠋ᠠᠳᠬᠠᠨ᠂ ᠮᠠᠯᠴᠢᠨ ᠲᠠᠷᠢᠶᠠᠴᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠲᠥᠬᠥᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ᠎ᠤ ᠠᠵᠤ ᠠᠬᠤᠢ ᠵᠢ ᠶᠡᠬᠡ᠎ᠪᠠᠷ ᠬᠥᠭᠵᠢᠭᠦᠯᠦᠨ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠢ᠎ᠨᠢ ᠳᠡᠭᠡᠭᠰᠢᠯᠡᠭᠦᠯᠵᠦ᠂ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠵᠦ᠂ ᠮᠠᠯᠴᠢᠨ ᠲᠠᠷᠢᠶᠠᠴᠢᠳ᠎ᠢ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠭᠦᠨᠵᠡᠭᠡᠢ ᠣᠷᠣᠯᠴᠠᠭᠤᠯᠤᠨ ᠴᠠᠯᠢᠩ᠎ᠤᠨ ᠴᠢᠨᠠᠷᠲᠠᠢ ᠣᠷᠣᠯᠭ᠎ᠠ ᠵᠢ᠎ᠨᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠰᠢᠷᠣᠢ ᠵᠢᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ᠂ ᠬᠠᠮᠲᠤ ᠵᠢᠨ ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠰᠠᠨ ᠡᠷᠦᠭᠡ᠂ ᠶᠠᠳᠠᠭᠤ ᠬᠦᠴᠢᠷᠳᠡᠯᠲᠡᠢ ᠡᠷᠦᠭᠡ ᠵᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠵᠢ ᠴᠢᠩᠭ᠋ᠠᠳᠬᠠᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠤᠨᠢᠨ ᠳᠡᠭᠡᠷ᠎ᠡ᠎ᠨᠢ ᠬᠠᠪᠰᠤᠷᠤᠨ ᠲᠡᠳᠬᠦᠵᠦ᠂ ᠬᠡᠪᠴᠢᠶᠡᠲᠦ ᠴᠢᠨᠠᠷᠲᠠᠢ᠎ᠪᠠᠷ ᠳᠠᠭᠢᠨ ᠶᠠᠳᠠᠭᠤᠷᠠᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠡᠨᠡ ᠵᠢᠯ᠎ᠠᠴᠠ ᠰᠡᠭᠦᠯᠡᠷᠬᠢ ᠬᠠᠪᠰᠤᠷᠤᠨ ᠲᠡᠳᠬᠦᠬᠦ ᠠᠵᠢᠯ᠎ᠢ ᠡᠷᠲᠡᠬᠡᠨ ᠰᠤᠳᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠵᠦ ᠳᠡᠢ᠌ᠯᠭᠦ ᠵᠢ ᠪᠠᠲᠤᠯᠠᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠯ᠎ᠡ ᠲᠥᠷᠥᠯ᠎ᠤᠨ ᠨᠥᠬᠥᠪᠦᠷᠢ ᠵᠢ ᠡᠮᠬᠢᠯᠡᠬᠦ ᠪᠠ ᠵᠢᠷᠤᠮᠵᠢᠭᠤᠯᠵᠤ᠂ ᠨᠥᠬᠥᠪᠦᠷᠢ ᠪᠠᠭᠤᠯᠭ᠋ᠠᠬᠤ᠎ᠳᠤ ᠡᠷᠬᠡ ᠲᠡᠭᠰᠢ ᠲᠥᠪ ᠭᠣᠣᠯᠴᠢ ᠪᠠᠢ᠌ᠬᠤ᠂ ᠲᠥᠷᠥ ᠵᠢᠨ ᠪᠣᠳᠣᠯᠭ᠎ᠠ ᠲᠣᠭᠲᠠᠭ᠋ᠠᠭᠰᠠᠨ ᠤᠭ ᠰᠠᠨᠠᠭ᠎ᠠ᠎ᠠᠴᠠ ᠵᠥᠷᠢᠴᠡᠬᠦ ᠦᠭᠡᠢ᠂ ᠬᠡᠷᠡᠭᠵᠢᠭᠦᠯᠬᠦ᠎ᠳᠤ ᠳᠥᠭᠦᠮ ᠭᠢᠯᠪᠠᠷ ᠪᠠᠢ᠌ᠯᠭ᠋ᠠᠵᠤ᠂ ᠵᠣᠭᠣᠰ᠎ᠢ ᠦᠨᠡᠨ ᠬᠦ᠌ ᠴᠢᠬᠤᠯᠠ ᠭᠠᠵᠠᠷ᠎ᠲᠤᠨᠢ ᠬᠡᠷᠡᠭᠯᠡᠨ᠂ ᠰᠠᠢ᠌ᠨ ᠦᠷ᠎ᠡ ᠪᠦᠲᠦᠮᠵᠢ ᠭᠠᠷᠭ᠋ᠠᠬᠤ ᠬᠡᠷᠡᠭᠲᠡᠢ ᠭᠡᠪᠡ᠃

      ᠰᠦᠨ ᠱᠤᠤ ᠴᠧᠩ᠂ ᠡᠯ᠎ᠡ ᠱᠠᠲᠤᠨ᠎ᠤ᠎ᠬᠢᠨ ᠠᠵᠢᠯ ᠵᠶ᠋ᠠᠨ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠳᠬᠠᠵᠤ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠣᠪᠣᠢ᠌ᠮ᠎ᠠ ᠰᠠᠢ᠌ᠲᠤᠷ ᠠᠳᠬᠤᠬᠤ ᠵᠢᠨ ᠵᠡᠷᠭᠡ᠎ᠪᠠᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠶᠤᠯᠭᠦᠢ ᠦᠢ᠍ᠯᠡᠳᠪᠦᠷᠢᠯᠡᠯ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠤ᠎ᠬᠢᠨ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠤᠷᠢᠳᠤᠬᠢ ᠵᠢ ᠵᠠᠯᠭ᠋ᠠᠮᠵᠢᠯᠠᠨ ᠬᠣᠢ᠌ᠲᠤᠬᠢ᠎ᠳᠤ ᠵᠠᠮ ᠨᠡᠭᠡᠭᠡᠬᠦ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠦᠨ ᠰᠢᠢ᠍ᠳᠪᠦᠷᠢᠯᠡᠵᠦ᠂ ᠰᠢᠢ᠍ᠳᠪᠦᠷᠢᠯᠡᠵᠦ ᠳᠡᠢ᠌ᠯᠭᠦ ᠦᠭᠡᠢ ᠠᠰᠠᠭᠤᠳᠠᠯ᠎ᠢ ᠴᠠᠭ ᠲᠤᠬᠠᠢ᠎ᠳᠤᠨᠢ ᠳᠡᠭᠡᠭᠰᠢ ᠲᠤᠰᠬᠠᠬᠤ ᠵᠢᠨ ᠬᠠᠮᠲᠤ ᠢᠳᠡᠪᠬᠢᠲᠡᠢ᠎ᠪᠠᠷ ᠰᠠᠨᠠᠭᠤᠯᠭ᠎ᠠ ᠪᠠ ᠠᠷᠭ᠎ᠠ ᠳᠤᠷᠠᠳᠬᠤ ᠬᠡᠷᠡᠭᠲᠡᠢ ᠭᠡᠪᠡ᠃

      ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map