ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠪᠠᠶᠠᠨᠨᠠᠭᠤᠷ ᠬᠣᠲᠠ᠎ᠳᠤ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-05-28


5 ᠰᠠᠷ᠎ᠠ ᠵᠢᠨ 26᠎ᠠᠴᠠ 27᠎ᠤ  ᠡᠳᠦᠷ ᠪᠤᠯᠲᠠᠯ᠎ᠠ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠪᠠᠶᠠᠨᠨᠠᠭᠤᠷ ᠬᠤᠳᠠ᠎ᠳᠤ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠬᠠᠷᠢᠯᠴᠠᠵᠤ ᠪᠠᠢ᠌ᠭ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠵᠶ᠋ᠠᠷ ᠲᠣᠭᠣᠷᠢᠨ ᠦᠵᠡᠪᠡ ᠃




ᠰᠦᠨ ᠱᠤᠤ ᠴᠧᠩ ᠤᠷᠢᠳ ᠬᠣᠵᠢᠳ ᠯᠢᠨ ᠾᠧ ᠲᠣᠭᠣᠷᠢᠭ᠎ᠤᠨ ᠱᠤᠸᠠᠩ ᠾᠧ ᠪᠠᠯᠭ᠋ᠠᠰᠤᠨ᠎ᠤ ᠲᠦᠸᠧ ᠯᠧᠢ ᠪᠣᠯᠣᠨ ᠸᠠᠩ ᠮᠠᠨ ᠫᠢᠩ᠎ᠤᠨ ᠭᠡᠷ᠎ᠲᠤ ᠬᠦᠷᠴᠦ ᠂  ᠬᠦᠷᠢᠶ᠎ᠡ ᠬᠠᠰᠢᠶ᠎ᠠ ᠂  ᠭᠡᠷ ᠪᠠᠢ᠌ᠰᠢᠩ ᠂  ᠬᠠᠰᠢᠶ᠎ᠠ ᠰᠠᠷᠠᠪᠴᠢ ᠵᠡᠷᠭᠡ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ᠎ᠨᠢ ᠪᠠᠢ᠌ᠴᠠᠭ᠋ᠠᠨ ᠦᠵᠡᠵᠦ ᠂  ᠰᠠᠭᠤᠭ᠋ᠠᠯᠢ ᠠᠷᠠᠳ ᠪᠣᠯᠣᠨ ᠲᠣᠰᠬᠣᠨ᠎ᠤ ᠺᠠᠳ᠋ᠷ᠎ᠲᠠᠢ ᠬᠠᠮᠲᠤ ᠰᠠᠭᠤᠯᠴᠠᠵᠤ ᠵᠣᠭᠣᠭᠳᠠᠨ ᠂  ᠲᠡᠳᠡᠨ᠎ᠤ ᠭᠡᠷ ᠪᠦᠯᠢ ᠵᠢᠨ ᠬᠥᠮᠥᠨ ᠠᠮᠠ ᠂  ᠠᠮᠢᠳᠤᠷᠠᠯ᠎ᠤᠨ ᠤᠷᠤᠯᠭ᠎ᠠ ᠵᠢᠨ  ᠢᠷᠡᠯᠲᠡ ᠂  ᠠᠵᠢᠯ ᠣᠯᠬᠤ ᠡᠪᠡᠳᠴᠢᠨ ᠥᠵᠡᠭᠦᠯᠭᠦ ᠂  ᠨᠡᠢ᠌ᠭᠡᠮ᠎ᠤᠨ ᠪᠠᠲᠤᠯᠠᠭ᠎ᠠ ᠵᠡᠷᠭᠡ ᠲᠠᠯ᠎ᠠ ᠵᠢᠨ ᠪᠠᠢ᠌ᠳᠠᠯ᠎ᠢ ᠣᠢ᠌ᠯᠠᠭ᠋ᠠᠪᠠ ᠃  ᠲᠡᠳᠡᠨ᠎ᠤ ᠢᠳᠡᠵᠦ ᠤᠤᠭᠤᠬᠤ ᠡᠮᠦᠰᠴᠦ ᠵᠡᠭᠦᠬᠦ ᠶᠠᠪᠤᠵᠤ ᠰᠠᠭᠤᠬᠤ ᠵᠡᠷᠭᠡ ᠨᠥᠬᠥᠴᠡᠯ ᠨᠡᠯᠢᠶᠡᠳ ᠰᠠᠢ᠌ᠨ ᠂  ᠲᠣᠭᠲᠠᠪᠤᠷᠢᠲᠠᠢ ᠣᠷᠣᠯᠭ᠎ᠠ᠎ᠲᠠᠢ ᠪᠠᠢ᠌ᠬᠤ ᠵᠢ ᠦᠵᠡᠭᠡᠳ ᠰᠦᠨ ᠱᠤᠤ ᠴᠧᠩ ᠮᠠᠰᠢ ᠪᠠᠶᠠᠷᠯᠠᠵᠤ ᠂  ᠲᠤᠬᠠᠢ ᠵᠢᠨ ᠭᠠᠵᠠᠷ᠎ᠤᠨ ᠺᠠᠳ᠋ᠷ᠎ᠲᠤ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠵᠢ ᠨᠡᠩ ᠴᠢᠬᠤᠯᠠᠴᠢᠯᠠᠵᠤ ᠂  ᠠᠷᠭ᠎ᠠ ᠪᠦᠭᠦᠨ᠎ᠢ ᠰᠦᠪᠡᠭᠴᠢᠯᠡᠵᠦ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠵᠦ ᠂  ᠭᠣᠣᠯᠳᠠᠭᠤ ᠮᠠᠯᠴᠢᠨ ᠲᠠᠷᠢᠶᠠᠴᠢᠨ᠎ᠢ ᠬᠥᠲᠥᠯᠥᠨ ᠳᠠᠭ᠋ᠠᠭᠤᠯᠵᠤ ᠲᠥᠬᠥᠭᠡᠷᠦᠮᠵᠢᠲᠦ ᠲᠠᠷᠢᠶᠠᠯᠠᠩ ᠂  ᠬᠠᠰᠢᠶᠠᠯᠠᠨ ᠲᠡᠵᠢᠭᠡᠬᠦ ᠂  ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠬᠦ᠎ᠪᠠᠷ ᠳᠠᠮᠵᠢᠨ ᠣᠷᠣᠯᠭ᠎ᠠ ᠵᠢᠨ ᠲᠦᠪᠰᠢᠨ᠎ᠢ᠎ᠨᠢ ᠳᠡᠭᠡᠭᠰᠢᠯᠡᠭᠦᠯᠭᠦ ᠬᠡᠷᠡᠭᠲᠡᠢ ᠃  ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ 《  ᠵᠢᠵᠢᠭ ᠲᠠᠷᠢᠶ᠎ᠠ ᠵᠢ ᠨᠡᠢ᠌ᠯᠡᠭᠦᠯᠦᠨ ᠶᠡᠬᠡ ᠲᠠᠷᠢᠶ᠎ᠠ ᠪᠤᠯᠭ᠋ᠠᠬᠤ 》 ᠵᠢ ᠠᠬᠢᠭᠤᠯᠵᠤ ᠂  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠦᠨᠡᠨ ᠬᠦ᠌ ᠰᠠᠢ᠌ᠲᠤᠷ ᠠᠳᠬᠤᠵᠤ ᠂  ᠮᠦ᠍ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ᠎ᠳᠤ ᠴᠢᠩᠭ᠎ᠠ ᠲᠦᠰᠢᠭᠯᠡᠵᠦ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠵᠤ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ ᠃


3.jpg


ᠹᠧᠩ ᠾᠧ ᠲᠣᠰᠬᠣᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠂  ᠰᠦᠨ ᠱᠤᠤ ᠴᠧᠩ ᠬᠠᠪᠰᠤᠷᠤᠨ ᠭᠦᠢ᠍ᠴᠡᠳᠬᠡᠬᠦ ᠣᠷᠣᠯᠠᠨ ᠭᠦᠢ᠍ᠴᠡᠳᠬᠡᠬᠦ ᠵᠦᠢ᠍ᠯᠡᠰ᠎ᠤᠨ ᠨᠠᠷᠢᠨ ᠲᠠᠩᠰᠠ ᠂  ᠭᠡᠷᠡᠴᠢ ᠭᠠᠷᠭ᠋ᠠᠨ ᠭᠡᠷᠡᠴᠢᠯᠡᠬᠦ ᠵᠦᠢ᠍ᠯᠡᠰ᠎ᠤᠨ ᠨᠠᠷᠢᠨ ᠲᠠᠩᠰᠠ ᠂  ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯ᠎ᠤᠨ ᠵᠦᠢ᠍ᠯᠡᠰ᠎ᠤᠨ ᠨᠠᠷᠢᠨ ᠲᠠᠩᠰᠠ ᠪᠣᠯᠣᠨ 《  ᠭᠤᠷᠪᠠᠨ ᠶᠠᠪᠤᠳᠠᠯ 》᠎ᠢ ᠢᠯᠡ ᠨᠡᠢ᠌ᠲᠡᠯᠡᠬᠦ ᠰᠠᠮᠪᠠᠷ᠎ᠠ ᠵᠢᠨ  ᠡᠮᠦᠨ᠎ᠡ ᠵᠣᠭᠰᠣᠵᠤ ᠂  ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠂  ᠣᠯᠠᠨ ᠲᠦᠮᠡᠨ᠎ᠳᠤ ᠦᠢ᠍ᠯᠡᠴᠢᠯᠡᠬᠦ ᠂  ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠡᠷᠭᠡ ᠪᠠᠢ᠌ᠳᠠᠯ᠎ᠢ ᠣᠢ᠌ᠯᠠᠭ᠋ᠠᠪᠠ ᠃  ᠲᠡᠷᠡ ᠂  ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠪᠣᠳᠠᠲᠠᠢ ᠬᠥᠩᠭᠡᠷᠡᠭᠦᠯᠵᠦ ᠂  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠮᠠᠯᠴᠢᠨ ᠲᠠᠷᠢᠶᠠᠴᠢᠨ ᠣᠯᠠᠨ ᠲᠦᠮᠡᠨ᠎ᠢ ᠳᠠᠭ᠋ᠠᠭᠤᠯᠤᠨ ᠬᠠᠮᠲᠤ᠎ᠪᠠᠷ ᠪᠠᠶᠠᠵᠢᠬᠤ ᠲᠦᠰᠢᠭ ᠲᠤᠯᠭ᠋ᠠᠭᠤᠷᠢ ᠪᠠ ᠪᠠᠲᠤ ᠴᠢᠩᠭ᠎ᠠ ᠳᠠᠢ᠌ᠴᠢᠨ ᠪᠡᠬᠢᠯᠡᠯᠲᠡ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ ᠭᠡᠪᠡ ᠃


4.jpg


ᠲᠠᠯ᠎ᠠ ᠨᠤᠲᠤᠭ᠎ᠤᠨ ᠰᠢᠨ ᠾᠧ ᠢᠳᠡᠭᠡᠨ᠎ᠤ ᠬᠢᠵᠠᠭ᠋ᠠᠷᠲᠤ ᠺᠤᠮᠫᠠᠨᠢ ᠪᠣᠯ ᠰᠦᠨ ᠱᠤᠤ ᠴᠧᠩ᠎ᠤᠨ ᠬᠠᠷᠢᠯᠴᠠᠵᠤ ᠪᠠᠢ᠌ᠭ᠎ᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠢᠭᠡ ᠪᠣᠯᠣᠨ᠎ᠠ ᠃  ᠲᠡᠷᠡ ᠦᠢ᠍ᠯᠡᠳᠪᠦᠷᠢᠯᠡᠯ᠎ᠤᠨ ᠲᠠᠰᠤᠭ ᠪᠣᠯᠣᠨ ᠦᠢ᠍ᠯᠡᠳᠬᠦᠨ᠎ᠤ ᠦᠵᠡᠭᠦᠯᠭᠡ ᠵᠢᠨ ᠲᠣᠭᠣᠷᠢᠭ᠎ᠲᠤ ᠬᠦᠷᠴᠦ ᠂  ᠮᠢᠬᠠᠨ᠎ᠤ ᠬᠣᠨᠢ ᠵᠢ ᠨᠢᠲᠤᠯᠵᠤ ᠡᠳ᠋ᠰᠢᠭᠦᠯᠦᠨ ᠪᠣᠷᠣᠯᠠᠭᠤᠯᠬᠤ ᠪᠠ ᠮᠢᠬᠠᠨ᠎ᠤ ᠬᠣᠨᠢ ᠵᠢᠨ ᠡᠭᠦᠯᠳᠡᠷ ᠂  ᠦᠢ᠍ᠯᠡᠳᠬᠦᠨ᠎ᠤ ᠰᠢᠨ᠎ᠡ ᠵᠢ ᠡᠭᠦᠳᠬᠦ ᠂  ᠳᠠᠭ᠋ᠠᠯᠲᠠ ᠪᠦᠲᠦᠭᠡᠭᠳᠡᠬᠦᠨ᠎ᠢ ᠶᠡᠷᠦᠩᠬᠡᠢ᠌ᠯᠡᠨ ᠠᠰᠢᠭᠯᠠᠵᠤ ᠪᠠᠢ᠌ᠭ᠎ᠠ ᠪᠠᠢ᠌ᠳᠠᠯ᠎ᠢ ᠣᠢ᠌ᠯᠠᠭ᠋ᠠᠵᠤ ᠂  ᠠᠵᠤ ᠠᠬᠤᠢ᠌ᠯᠠᠯ᠎ᠤᠨ᠎ᠬᠢᠨ᠎ᠢ ᠨᠠᠩ ᠥᠨᠳᠥᠷ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠬᠣᠨᠢᠨ ᠮᠢᠬ᠎ᠠ ᠵᠢ ᠨᠠᠷᠢᠯᠢᠭ ᠡᠳ᠋ᠰᠢᠭᠦᠯᠬᠦ ᠠᠵᠢᠯ᠎ᠢ ᠬᠦᠴᠦ ᠣᠷᠣᠭᠤᠯᠤᠨ ᠬᠢᠵᠦ ᠂  ᠵᠠᠬ᠎ᠠ ᠳᠡᠯᠭᠡᠭᠦᠷ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠥᠷᠭᠡᠳᠬᠡᠵᠦ ᠂  ᠦᠢ᠍ᠯᠡᠳᠬᠦᠨ᠎ᠤ ᠬᠡᠪᠴᠢᠶ᠎ᠡ᠎ᠪᠠᠨ ᠦᠷᠭᠦᠯᠵᠢᠯᠡᠨ ᠪᠤᠵᠠᠭ᠋ᠠᠢ᠌ᠷᠠᠭᠤᠯᠵᠤ ᠂  ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠨᠠᠩ ᠰᠠᠢ᠌ᠲᠤᠷ ᠳᠠᠢ᠌ᠴᠢᠯᠠᠬᠤ ᠬᠡᠷᠡᠭᠲᠡᠢ ᠭᠡᠵᠦ ᠵᠣᠷᠢᠭᠵᠢᠭᠤᠯᠪᠠ ᠃  ᠰᠦᠨ ᠱᠤᠤ ᠴᠧᠩ ᠂  ᠡᠯ᠎ᠡ ᠱᠠᠲᠤᠨ᠎ᠤ᠎ᠬᠢᠨ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠬᠡᠷᠡᠭᠵᠢᠭᠦᠯᠬᠦ᠎ᠲᠠᠢ ᠤᠶᠠᠯᠳᠤᠭᠤᠯᠵᠤ ᠂  ᠰᠠᠨᠠᠭ᠋ᠠᠴᠢᠯᠠᠭ᠎ᠠ᠎ᠠᠴᠠ᠎ᠪᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠲᠠᠢ ᠬᠠᠷᠢᠯᠴᠠᠵᠤ ᠂  ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ ᠪᠣᠯᠣᠨ ᠠᠰᠠᠭᠤᠳᠠᠯ᠎ᠢ᠎ᠨᠢ ᠴᠠᠭ ᠲᠤᠬᠠᠢ᠎ᠳᠤᠨᠢ ᠰᠢᠢ᠍ᠳᠪᠦᠷᠢᠯᠡᠵᠦ ᠂  ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠳᠡᠮᠵᠢᠬᠦ ᠬᠡᠷᠡᠭᠲᠡᠢ ᠭᠡᠵᠡᠢ ᠃

ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ ᠃


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map