ᠲᠡᠷᠢᠭᠦᠨ ᠬᠠᠭᠤᠳᠠᠰᠤ   -   ᠵᠢᠷᠤᠭᠲᠤ᠌ ᠮᠡᠳᠡᠭᠡ
ᠰᠦᠨ ᠱᠤᠤ ᠴᠧᠩ ᠨᠢᠩᠴᠧᠩ ᠰᠢᠶᠠᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-06-16

      6 ᠰᠠᠷ᠎ᠠ ᠵᠢᠨ 14᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠤᠯᠠᠭ᠋ᠠᠨᠬᠠᠳᠠ ᠬᠣᠲᠠ ᠵᠢᠨ ᠨᠢᠩᠴᠧᠩ ᠰᠢᠶᠠᠨ᠎ᠳᠤ ᠭᠦᠨᠵᠡᠭᠡᠢ᠌ᠷᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢᠨ ᠠᠵᠢᠯ᠎ᠤᠨ ᠲᠤᠬᠠᠢ ᠪᠠᠢ᠌ᠴᠠᠭ᠋ᠠᠨ ᠰᠤᠳᠤᠯᠵᠤ᠂ ᠬᠣᠯᠪᠣᠭᠳᠠᠯ ᠪᠦᠬᠦᠢ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠢ ᠨᠥᠯᠥᠭᠡᠯᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠵᠠᠰᠠᠬᠤ ᠵᠢ ᠲᠤᠬᠠᠢ ᠵᠢᠨ ᠭᠠᠵᠠᠷ᠎ᠲᠤᠨᠢ ᠬᠢᠨᠠᠨ ᠵᠢᠯᠣᠭᠣᠳᠪᠠ᠃

孙绍骋在宁城县调研生态环境保护治理工作.jpg

      ᠨᠢᠩᠴᠧᠩ᠎ᠤᠨ ᠲᠢᠶᠠᠨ ᠢᠦᠢ ᠫᠧᠩ ᠷᠦᠨ ᠲᠦ᠋ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠤᠮᠫᠠᠨᠢ᠎ᠳᠤ᠂ ᠰᠦᠨ ᠱᠤᠤ ᠴᠧᠩ ᠲᠡᠷᠭᠡᠨ᠎ᠠᠴᠠ᠎ᠪᠠᠨ ᠪᠠᠭᠤᠮᠠᠭᠴᠠ ᠪᠣᠷᠣᠭ᠋ᠠᠨ᠎ᠢ ᠬᠠᠢ᠌ᠬᠤᠷᠤᠯ ᠦᠭᠡᠢ ᠠᠵᠤ ᠠᠬᠤᠢ᠌ᠯᠠᠯ᠎ᠤᠨ ᠲᠦᠭᠦᠬᠡᠢ ᠮᠠᠲ᠋ᠧᠷᠢᠶᠠᠯ᠎ᠤᠨ ᠣᠪᠤᠭ᠋ᠠᠯᠠᠯᠲᠠ ᠵᠢᠨ ᠲᠠᠯᠠᠪᠠᠢ᠎ᠳᠤ ᠬᠦᠷᠴᠦ ᠪᠠᠢ᠌ᠴᠠᠭ᠋ᠠᠨ ᠦᠵᠡᠵᠦ᠂ ᠲᠣᠭᠣᠰᠣ ᠵᠢ ᠰᠡᠷᠭᠡᠢ᠌ᠯᠡᠬᠦ ᠲᠣᠣᠷ᠎ᠢ ᠳᠡᠪᠢᠰᠦᠭᠰᠡᠨ ᠪᠠ ᠰᠦᠷᠴᠢᠭᠦᠷ ᠲᠥᠬᠦᠭᠡᠷᠦᠮᠵᠢ ᠵᠢ ᠲᠣᠬᠢᠷᠠᠭᠤᠯᠤᠨ ᠬᠡᠷᠡᠭᠯᠡᠭᠰᠡᠨ ᠪᠠᠢ᠌ᠳᠠᠯ᠎ᠢ ᠯᠠᠪᠯᠠᠨ ᠠᠰᠠᠭᠤᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠡᠷᠬᠡᠪᠰᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠵᠠᠰᠠᠯᠲᠠ ᠵᠢ ᠶᠡᠬᠡ᠎ᠪᠠᠷ ᠴᠢᠩᠭ᠋ᠠᠳᠬᠠᠬᠤ ᠬᠡᠷᠡᠭᠲᠡᠢ ᠭᠡᠵᠦ ᠳᠤᠷᠠᠳᠪᠠ᠃

      ᠰᠦᠨ ᠱᠤᠤ ᠴᠧᠩ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠪᠣᠯ ᠡᠷᠬᠡᠪᠰᠢ ᠢᠮᠠᠭᠲᠠ ᠪᠠᠲᠤ ᠴᠡᠭᠡᠵᠢᠯᠡᠬᠦ 《ᠤᠯᠤᠰ᠎ᠤᠨ ᠶᠡᠬᠡ ᠶᠠᠪᠤᠳᠠᠯ》 ᠮᠥᠨ᠂ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠠᠷᠢᠭᠤᠴᠠᠯᠭ᠎ᠠ ᠵᠢᠨ ᠳᠦᠷᠢᠮ ᠭᠡᠬᠦ ᠡᠨᠡ ᠬᠦ᠌ ᠵᠠᠩᠭᠢᠯᠠᠭ᠎ᠠ ᠵᠢ ᠪᠠᠲᠤ ᠡᠵᠡᠮᠳᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠪᠠᠷ ᠠᠵᠠ ᠲᠣᠭᠢᠶᠠᠯ ᠪᠤᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠤ ᠣᠷᠣᠰᠢᠵᠤ ᠪᠠᠢ᠌ᠭ᠎ᠠ ᠠᠰᠠᠭᠤᠳᠠᠯ᠎ᠳᠤ ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ᠂ ᠳᠠᠷᠤᠢ᠎ᠳᠤᠨᠢ ᠬᠡᠷᠡᠭᠵᠢᠭᠦᠯᠵᠦ ᠳᠠᠷᠤᠢ᠎ᠳᠤᠨᠢ ᠰᠠᠢ᠌ᠵᠢᠷᠠᠭᠤᠯᠵᠤ᠂ ᠦᠨᠡᠨ ᠬᠦ᠌ ᠠᠳᠬᠤᠨ ᠪᠣᠳᠠᠲᠠᠢ ᠰᠠᠢ᠌ᠵᠢᠷᠠᠭᠤᠯᠵᠤ᠂ ᠪᠣᠳᠠᠲᠤ ᠦᠷ᠎ᠡ ᠪᠦᠲᠦᠮᠵᠢ᠎ᠪᠠᠷ ᠵᠶ᠋ᠡᠨ ᠠᠷᠠᠳ ᠤᠯᠠᠨ᠎ᠤ ᠭᠤᠶᠤ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ ᠬᠡᠷᠡᠭᠲᠡᠢ᠃ ᠬᠣᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠨ᠎ᠬᠢᠨ ᠬᠠᠮᠠᠭ᠋ᠠᠯᠠᠨ ᠵᠠᠰᠠᠭᠰᠠᠨ ᠪᠠᠢ᠌ᠳᠠᠯ᠎ᠢ ᠮᠥᠷᠳᠡᠵᠦ᠂ ᠠᠰᠠᠭᠤᠳᠠᠯ᠎ᠤᠨ ᠪᠤᠶ ᠪᠣᠯᠤᠭᠰᠠᠨ ᠰᠢᠯᠲᠠᠭ᠋ᠠᠨ᠎ᠢ ᠵᠠᠳᠠᠯᠤᠨ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠨᠢᠭᠡ᠎ᠠᠴᠠ ᠨᠥᠭᠦᠭᠡ ᠵᠢ ᠵᠦᠢ᠍ᠴᠢᠯᠡᠨ ᠮᠡᠳᠡᠬᠦ᠂ ᠳᠦᠷᠢᠮ ᠲᠣᠭᠲᠠᠭ᠋ᠠᠯ ᠲᠣᠭᠲᠠᠭ᠋ᠠᠬᠤ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠪᠠ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠵᠢ ᠥᠷᠨᠢᠭᠦᠯᠬᠦ᠎ᠳᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠬᠡᠷᠡᠭᠵᠢᠭᠦᠯᠬᠦ᠎ᠲᠠᠢ ᠤᠶᠠᠯᠳᠤᠭᠤᠯᠵᠤ᠂ ᠠᠵᠤ ᠠᠬᠤᠢ᠌ᠯᠠᠯ᠎ᠳᠤ ᠠᠷᠭ᠎ᠠ ᠤᠬᠠᠭ᠋ᠠᠨ ᠢᠯᠡᠭᠦᠬᠡᠨ ᠭᠠᠷᠭ᠋ᠠᠬᠤ ᠬᠡᠷᠡᠭᠲᠡᠢ᠂ ᠠᠵᠤ ᠠᠬᠤᠢ᠌ᠯᠠᠯ᠎ᠤᠨ ᠠᠰᠠᠭᠤᠳᠠᠯ᠎ᠢ ᠪᠣᠳᠠᠲᠠᠢ ᠴᠡᠭᠴᠡᠯᠡᠨ ᠵᠠᠰᠠᠬᠤ ᠵᠢ ᠱᠠᠯᠠᠪᠳᠠᠭᠤᠯᠬᠤ ᠪᠥᠭᠡᠳ ᠪᠠᠰᠠ ᠠᠵᠤ ᠠᠬᠤᠢ᠌ᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠬᠡᠲᠦᠷᠬᠡᠢ ᠬᠠᠷᠰᠢᠯᠠᠵᠤ ᠪᠤᠯᠬᠤ ᠦᠭᠡᠢ᠃ ᠠᠵᠤ ᠠᠬᠤᠢ᠌ᠯᠠᠯ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠲᠡᠷᠡ ᠬᠡᠪ ᠵᠶ᠋ᠡᠷ᠎ᠨᠢ ᠰᠠᠢ᠌ᠲᠤᠷ ᠨᠠᠢ᠌ᠳᠠᠪᠤᠷᠢᠵᠢᠭᠤᠯᠵᠤ᠂ ᠠᠰᠠᠭᠤᠳᠠᠯ᠎ᠲᠠᠢ ᠪᠣᠯ ᠱᠠᠯᠠᠪᠳᠠᠨ ᠰᠠᠢ᠌ᠵᠢᠷᠠᠭᠤᠯᠵᠤ᠂ ᠳᠤᠲᠠᠭᠳᠠᠯ᠎ᠲᠠᠢ ᠪᠣᠯ ᠳᠠᠷᠤᠢ ᠲᠦᠷᠭᠡᠨ ᠨᠥᠬᠥᠪᠦᠷᠢᠯᠡᠬᠦ ᠬᠡᠷᠡᠭᠲᠡᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠᠷᠢᠮᠵᠢᠶ᠎ᠠ᠎ᠳᠤ ᠬᠦᠷᠬᠦ ᠦᠭᠡᠢ᠎ᠠᠴᠠ ᠪᠣᠯᠵᠤ ᠲᠣᠰ ᠪᠡᠶ᠎ᠡ ᠪᠣᠯᠣᠨ ᠠᠵᠢᠯ ᠲᠥᠷᠥᠯ᠎ᠤᠨ ᠬᠥᠭᠵᠢᠯᠲᠡ᠎ᠪᠠᠨ ᠨᠥᠯᠥᠭᠡᠯᠡᠵᠦ ᠪᠤᠯᠬᠤ ᠦᠭᠡᠢ᠃ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠳᠤ ᠣᠷᠣᠭᠤᠯᠤᠯᠲᠠ ᠬᠢᠬᠦ᠎ᠠᠴᠠ ᠲᠠᠲᠠᠭ᠋ᠠᠯᠵᠠᠬᠤ ᠦᠭᠡᠢ᠂ ᠶᠡᠬᠡ ᠲᠠᠩᠰᠠ ᠪᠤᠳᠤᠵᠤ᠂ ᠠᠯᠤᠰ ᠭᠡᠲᠦ ᠵᠢᠨ ᠲᠠᠩᠰᠠ ᠪᠤᠳᠤᠵᠤ᠂ ᠲᠦᠭᠦᠬᠡᠢ ᠮᠠᠲ᠋ᠧᠷᠢᠶᠠᠯ᠎ᠢ ᠲᠡᠭᠡᠭᠡᠪᠦᠷᠢᠯᠡᠬᠦ ᠪᠠ ᠬᠠᠳᠠᠭ᠋ᠠᠯᠠᠬᠤ ᠠᠷᠭ᠎ᠠ ᠭᠡᠯᠪᠡᠷᠢ ᠵᠢ ᠰᠠᠢ᠌ᠵᠢᠷᠠᠭᠤᠯᠤᠨ᠂ ᠪᠠᠷᠢᠯᠭ᠎ᠠ ᠵᠢᠨ ᠮᠠᠲ᠋ᠧᠷᠢᠶᠠᠯ᠎ᠤᠨ ᠦᠨ᠎ᠡ ᠬᠠᠩᠰᠢ ᠪᠠᠭᠤᠷᠠᠭᠰᠠᠨ ᠠᠰᠢᠭᠲᠠᠢ ᠴᠠᠭ ᠲᠣᠭᠢᠶᠠᠯ᠎ᠢ ᠠᠳᠬᠤᠵᠤ᠂ ᠵᠠᠳᠠᠭ᠋ᠠᠢ ᠲᠦᠭᠦᠬᠡᠢ ᠮᠠᠲ᠋ᠧᠷᠢᠶᠠᠯ ᠣᠪᠣᠭ᠋ᠠᠯᠠᠬᠤ ᠲᠠᠯᠠᠪᠠᠶ ᠵᠢ ᠪᠢᠲᠡᠭᠦᠮᠵᠢᠯᠡᠭᠰᠡᠨ ᠮᠠᠶᠢᠭ᠎ᠤᠨ ᠬᠥᠮᠥᠷᠭᠡᠯᠡᠨ ᠬᠠᠳᠠᠭ᠋ᠠᠯᠠᠬᠤ ᠲᠥᠬᠦᠭᠡᠷᠦᠮᠵᠢ ᠪᠣᠯᠭ᠋ᠠᠨ ᠥᠭᠡᠷᠡᠴᠢᠯᠡᠨ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠢ᠍ᠯᠡᠳᠪᠦᠷᠢᠯᠡᠯ᠎ᠤᠨ ᠶᠠᠪᠤᠴᠠ᠎ᠳᠠᠬᠢ ᠣᠷᠴᠢᠨ ᠲᠣᠭᠣᠷᠢᠨ᠎ᠢ ᠪᠣᠬᠢᠷᠲᠤᠭᠤᠯᠬᠤ ᠠᠰᠠᠭᠤᠳᠠᠯ᠎ᠢ ᠦᠨᠳᠦᠰᠦ᠎ᠠᠴᠠ᠎ᠨᠢ ᠥᠨᠢᠳᠡ ᠰᠢᠢ᠍ᠳᠪᠦᠷᠢᠯᠡᠵᠦ᠂ ᠪᠣᠬᠢᠷᠳᠤᠯ ᠦᠭᠡᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠵᠢ ᠨᠠᠩ ᠰᠠᠢ᠌ᠲᠤᠷ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃

      ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
Baidu
map