ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠠᠯᠠᠱᠠ ᠵᠡᠭᠦᠨ ᠬᠣᠰᠢᠭᠤ 1.57 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠭᠠᠳ ᠠᠷᠠᠳ᠎ᠤᠨ ᠠᠮᠢᠳᠤᠷᠠᠯ᠎ᠤᠨ ᠠᠷᠪᠠᠨ ᠵᠦᠢᠯ᠎ᠦᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠬᠡᠷᠡᠭᠵᠢᠭᠦᠯᠵᠦ ᠪᠠᠢᠨ᠎ᠠ
ᠨᠡᠶ᠋ᠢᠲᠡᠯᠡᠭᠰᠡᠨ ᠴᠠᠭ᠄ 2026-05-27

ᠡᠨᠡ ᠵᠢᠯ᠂ ᠠᠯᠠᠱᠠ ᠵᠡᠭᠦᠨ ᠬᠣᠰᠢᠭᠤ ᠣᠯᠠᠨ ᠲᠦᠮᠡᠨ᠎ᠦ 《ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ》 ᠪᠠᠢᠭ᠎ᠠ ᠠᠰᠠᠭᠤᠳᠠᠯ᠎ᠤᠳ᠎ᠲᠤ ᠠᠩᠬᠠᠷᠤᠯ᠎ᠢᠶᠠᠨ ᠲᠥᠪᠯᠡᠷᠡᠭᠦᠯᠦᠨ᠂ 1.57 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠭᠠᠳ ᠠᠷᠠᠳ᠎ᠤᠨ ᠠᠮᠢᠳᠤᠷᠠᠯ᠎ᠤᠨ ᠠᠷᠪᠠᠨ ᠵᠦᠢᠯ᠎ᠦᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠪᠠᠲᠤᠲᠠᠢ ᠠᠬᠢᠭᠤᠯᠵᠤ ᠪᠠᠢᠨ᠎ᠠ᠂ ᠲᠡᠭᠦᠨ᠎ᠳᠦ ᠨᠢ ᠬᠣᠲᠠ᠎ᠶᠢᠨ ᠰᠢᠨᠡᠳᠬᠡᠯ᠂ ᠠᠷᠠᠳ᠎ᠤᠨ ᠣᠷᠣᠰᠢᠨ ᠰᠠᠭᠤᠬᠤ ᠣᠷᠴᠢᠨ ᠨᠥᠭᠦᠴᠡᠯ᠂ ᠵᠠᠮ ᠬᠠᠷᠢᠯᠴᠠᠭ᠎ᠠ᠂ ᠰᠠᠭᠤᠷᠢ ᠪᠡᠯᠡᠳᠬᠡᠮᠵᠢ᠂ ᠠᠷᠠᠳ᠎ᠲᠤ ᠳᠦᠬᠦᠮᠯᠡᠬᠦ ᠦᠢᠯᠡᠴᠢᠯᠡᠭᠡ ᠵᠡᠷᠭᠡ ᠵᠠᠩᠭᠢᠯᠠᠭ᠎ᠠ ᠪᠣᠯᠬᠤ ᠬᠦᠷᠢᠶ᠎ᠡ᠎ᠨᠦᠭᠦᠳ᠎ᠢ ᠬᠠᠮᠤᠷᠴᠤ᠂ ᠪᠣᠳᠠᠲᠠᠢ ᠣᠷᠣᠭᠤᠯᠤᠯᠲᠠ᠎ᠪᠠᠷ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ ᠬᠢ ᠳᠤᠲᠠᠭᠤᠳᠠᠯ᠎ᠤᠳ᠎ᠢᠶᠠᠨ ᠨᠥᠬᠥᠪᠦᠷᠢᠯᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠢᠯᠡᠭᠦᠦ ᠨᠠᠩ ᠭᠣᠥᠯᠴᠢ᠎ᠪᠠᠷ ᠬᠥᠭᠵᠢᠯᠲᠡ᠎ᠶᠢᠨ ᠦᠷ᠎ᠡ ᠪᠦᠲᠦᠭᠡᠯ᠎ᠢᠶᠠᠨ ᠬᠦᠷᠲᠡᠭᠡᠵᠦ ᠪᠠᠢᠨ᠎ᠠ ᠃

《ᠠᠯᠠᠱᠠ ᠵᠡᠭᠦᠨ ᠬᠣᠰᠢᠭᠤ ᠴᠠᠭ ᠬᠤᠭᠤᠴᠠᠭᠠᠨ᠎ᠤ ᠵᠠᠩᠭᠢᠯᠠᠭ᠎ᠠ᠎ᠶᠢᠨ ᠴᠡᠭ᠎ᠢ ᠴᠢᠩᠭ᠎ᠠ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠬᠠᠨ᠂ ᠠᠵᠢᠯ ᠡᠬᠢᠯᠡᠭᠦᠯᠦᠭᠡᠳᠦᠢ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷᠳᠠᠮ᠎ᠢ ᠭᠦᠢᠴᠡᠳᠬᠡᠬᠦ᠎ᠶᠢ ᠨᠢ ᠲᠦᠷᠭᠡᠳᠬᠡᠨ ᠠᠬᠢᠭᠤᠯᠵᠤ᠂ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠪᠥᠬᠥ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ ᠃》 ᠠᠯᠠᠱᠠ ᠵᠡᠭᠦᠨ ᠬᠣᠰᠢᠭᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠯᠢᠨ ᠨᠠᠨ ᠢᠯᠡᠷᠬᠡᠢᠯᠡᠬᠦ᠎ᠳᠦ᠎ᠪᠡᠨ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ ᠠᠷᠠᠳ᠎ᠤᠨ ᠠᠮᠢᠳᠤᠷᠠᠯ᠎ᠤᠨ ᠡᠯ᠎ᠡ ᠵᠦᠢᠯ᠎ᠦᠨ ᠪᠣᠳᠠᠲᠤ ᠶᠠᠪᠤᠳᠠᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠵᠠᠩᠭᠢᠯᠠᠭ᠎ᠠ᠎ᠶᠢᠨ ᠶᠠᠪᠤᠳᠠᠯ᠎ᠢ ᠴᠢᠩ ᠦᠨᠡᠨ ᠰᠡᠳᠬᠢᠯ᠎ᠡᠴᠡ᠎ᠪᠡᠨ ᠰᠠᠢᠲᠤᠷ ᠬᠢᠨ᠎ᠡ ᠭᠡᠪᠡ ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
Baidu
map