ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠦᠵᠡᠮᠵᠢ ᠪᠦᠷᠢᠳᠦᠭᠰᠡᠨ ᠤᠮᠠᠷᠠᠲᠤ ᠬᠢᠯᠢ᠎ᠶᠢᠨ ᠦᠵᠡᠰᠭᠦᠯᠡᠩ — ᠰᠢᠯᠢ᠎ᠶᠢᠨ ᠭᠣᠣᠯ ᠠᠢᠮᠠᠭ ᠣᠯᠠᠨ ᠲᠠᠯ᠎ᠠ᠎ᠪᠠᠷ ᠠᠮᠢ ᠠᠬᠤᠢ᠎ᠶᠢᠨ ᠵᠠᠰᠠᠯᠲᠠ᠎ᠶᠢᠨ ᠰᠢᠰᠲᠧᠮ᠎ᠢ ᠪᠠᠢᠭᠤᠯᠵᠤ ᠪᠠᠢᠨ᠎ᠠ
ᠨᠡᠶ᠋ᠢᠲᠡᠯᠡᠭᠰᠡᠨ ᠴᠠᠭ᠄ 2026-06-23

ᠬᠤᠯᠠᠨ ᠰᠢᠷᠭ᠎ᠠ ᠳᠠᠭ᠎ᠠ᠎ᠶᠢᠨ ᠡᠯᠡᠰᠦᠷᠬᠡᠭ ᠭᠠᠵᠠᠷ᠎ᠤᠨ ᠥᠷᠥᠴᠡᠨ᠎ᠳᠤ᠂ ᠰᠢᠨ᠎ᠡ᠎ᠪᠠᠷ ᠵᠠᠢᠯᠠᠭᠰᠠᠨ ᠰᠢᠷ᠎ᠠ ᠪᠤᠷᠭᠠᠰᠤ ᠦᠵᠡᠮᠵᠢ ᠨᠡᠮᠡᠷᠢᠯᠡᠨ ᠰᠠᠯᠬᠢᠨ᠎ᠤ ᠠᠶ᠎ᠠ᠎ᠪᠠᠷ ᠨᠠᠢᠭᠤᠨ᠎ᠠ; ᠳᠤᠯᠤᠨ ᠨᠠᠭᠤᠷ᠎ᠤᠨ ᠬᠥᠪᠡᠭᠡᠨ᠎ᠳᠤ᠂ ᠨᠡᠭᠦᠳᠡᠯ᠎ᠤᠨ ᠰᠢᠪᠠᠭᠤᠳ ᠰᠦᠷᠦᠭ ᠰᠦᠷᠦᠭ᠎ᠢᠶᠠᠷ ᠤᠰᠤᠨ᠎ᠳᠤ ᠲᠣᠭᠯᠠᠨ ᠢᠳᠡᠰᠢ ᠡᠷᠢᠵᠦ᠂ ᠵᠢᠭᠦᠷ᠎ᠢᠶᠠᠨ ᠳᠡᠪᠢᠵᠦ ᠬᠠᠯᠢᠨ ᠨᠢᠰᠦᠨ᠎ᠡ; ᠰᠢᠯᠢ᠎ᠶᠢᠨ ᠭᠣᠣᠯ ᠠᠢᠮᠠᠭ᠎ᠤᠨ ᠤᠯᠤᠰ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ᠂ ᠰᠦᠷᠦᠭ ᠰᠦᠷᠦᠭ ᠲᠤᠷᠤᠭ ᠪᠤᠭᠤ ᠲᠠᠯ᠎ᠠ ᠳᠡᠭᠡᠷ᠎ᠡ ᠲᠠᠪᠠᠲᠠᠢ ᠪᠡᠯᠴᠢᠨ᠎ᠡ᠃

2025 ᠣᠨ᠎ᠳᠤ᠂ ᠰᠢᠯᠢ᠎ᠶᠢᠨ ᠭᠣᠣᠯ ᠠᠢᠮᠠᠭ 805 ᠲᠦᠮᠡᠨ ᠮᠦ᠍ ᠣᠶ ᠰᠢᠭᠤᠢ ᠪᠠ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠦᠨ᠂ ᠡᠭᠦᠨ᠎ᠳᠤ 566 ᠲᠦᠮᠡᠨ ᠮᠦ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠵᠤ᠂ ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭᠠᠭᠰᠠᠨ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ᠃ ᠠᠭᠠᠷ᠎ᠤᠨ ᠴᠡᠪᠡᠷᠴᠡ᠎ᠶᠢᠨ ᠶᠡᠷᠦᠩᠬᠡᠢᠯᠡᠭᠰᠡᠨ ᠵᠢᠭᠠᠯᠲᠠ ᠲᠣᠭ᠎ᠠ ᠪᠦᠭᠦ ᠣᠷᠣᠨ᠎ᠳᠤ ᠲᠡᠷᠢᠭᠦᠯᠡᠵᠦ᠂ ᠭᠠᠵᠠᠷ ᠳᠡᠭᠡᠷᠡᠬᠢ ᠤᠰᠤᠨ᠎ᠤ ᠰᠠᠪᠠ ᠭᠠᠵᠠᠷ᠎ᠲᠤ ᠴᠢᠨᠠᠷ ᠮᠠᠭᠤ V ᠲᠥᠷᠥᠯ᠎ᠤᠨ ᠤᠰᠤᠨ ᠴᠣᠭᠴᠠ ᠠᠷᠢᠯᠤᠨ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠠᠮᠤᠷ ᠲᠦᠪᠰᠢᠨ ᠠᠰᠢᠭ᠍ᠯᠠᠯᠲᠠ᠎ᠶᠢᠨ ᠨᠤᠷᠮ᠎ᠠ᠎ᠶᠢ ᠪᠦᠭᠦ ᠲᠠᠯ᠎ᠠ᠎ᠪᠠᠷ ᠪᠠᠷᠢᠮᠵᠢᠶᠠᠨ᠎ᠳᠤ ᠬᠦᠷᠭᠡᠪᠡ᠃ ᠲᠣᠭ᠎ᠠ ᠪᠠᠷᠢᠮᠲᠠ᠎ᠨᠤᠭᠤᠳ᠎ᠤᠨ ᠠᠷᠤ᠎ᠳᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠰᠢᠰᠲᠸᠮᠳᠣ᠌ ᠴᠢᠨᠠᠷᠲᠠᠢ ᠰᠠᠢᠵᠢᠷᠠᠵᠤ᠂ ᠤᠮᠠᠷᠠᠲᠤ ᠬᠢᠯᠢ᠎ᠶᠢᠨ ᠠᠮᠢ ᠠᠬᠤᠢ ᠠᠮᠤᠷ ᠲᠦᠪᠰᠢᠨ᠎ᠤ ᠬᠠᠯᠬᠠᠪᠴᠢ ᠡᠳᠦᠷ ᠢᠷᠡᠬᠦᠶ᠎ᠡ ᠪᠡᠬᠢᠵᠢᠵᠦ ᠪᠠᠢᠨ᠎ᠠ᠃

ᠰᠢᠯᠤᠭᠤᠨ ᠬᠥᠬᠡ ᠬᠣᠰᠢᠭᠤᠨ᠎ᠤ ᠰᠠᠩ᠎ᠤᠨ ᠳᠠᠯᠠᠢ ᠪᠠᠯᠭᠠᠰᠤᠨ᠎ᠤ ᠡᠷᠳᠡᠨᠢᠳᠠᠯᠠᠢ ᠭᠠᠴᠠᠭᠠᠨ᠎ᠳᠤ᠂ ᠥᠩᠭᠡᠷᠡᠭᠰᠡᠨ᠎ᠳᠤ ᠨᠢᠴᠦᠭᠦᠨ ᠡᠯᠡᠰᠦ ᠪᠠᠢᠭᠰᠠᠨ᠎ᠠᠴᠠ ᠣᠳᠣᠬᠠᠨ᠎ᠳᠤ ᠲᠣᠷᠯᠣᠭ᠂ ᠨᠠᠢᠯᠵᠠᠭᠤᠷ ᠬᠠᠷᠭᠠᠨ᠎ᠠ ᠵᠡᠷᠭᠡ᠎ᠳᠤ ᠪᠦᠷᠬᠦᠭᠳᠡᠵᠡᠢ᠃ ᠬᠢᠨᠠᠨ ᠬᠡᠮᠵᠢᠯᠲᠡ᠎ᠳᠤ ᠢᠯᠡᠷᠡᠭᠦᠯᠦᠭᠰᠡᠨ᠎ᠢᠶᠠᠷ᠂ ᠡᠨᠡ ᠬᠡᠰᠡᠭ ᠭᠠᠵᠠᠷ ᠣᠷᠣᠨ᠎ᠤ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ ᠨᠢ ᠵᠠᠰᠠᠬᠤ ᠡᠴᠡ ᠡᠮᠦᠨᠡᠬᠢ 10% ᠬᠦᠷᠬᠦ ᠦᠭᠡᠢ ᠪᠠᠢᠭᠰᠠᠨ ᠡᠴᠡ᠎ᠪᠠᠨ ᠨᠡᠮᠡᠭᠳᠡᠭᠡᠳ 60%᠎ᠡᠴᠡ ᠳᠡᠭᠡᠭᠰᠢ ᠪᠣᠯᠤᠭᠰᠠᠨ ᠪᠠᠢᠨ᠎ᠠ᠃ ᠲᠤᠯᠤᠨ ᠨᠠᠭᠤᠷ ᠰᠢᠶᠠᠨ᠎ᠳᠤ᠂ ᠬᠣᠷᠢ ᠭᠠᠷᠤᠢ ᠵᠢᠯ᠎ᠤᠨ ᠦᠷᠭᠦᠯᠵᠢᠯᠡᠭᠰᠡᠨ ᠵᠠᠰᠠᠯᠲᠠ᠎ᠪᠠᠷ ᠳᠠᠮᠵᠢᠭᠠᠳ᠂ ᠣᠢᠲᠤ ᠭᠠᠵᠠᠷ᠎ᠤᠨ ᠲᠠᠯᠠᠪᠠᠢ 54 ᠲᠦᠮᠡᠨ ᠮᠦ᠍ ᠪᠠᠢᠭᠰᠠᠨ᠎ᠠᠴᠠ᠎ᠪᠠᠨ ᠨᠡᠮᠡᠭᠳᠡᠭᠡᠳ 232 ᠲᠦᠮᠡᠨ ᠮᠦ᠍ ᠪᠣᠯᠵᠤ᠂ ᠤᠢ ᠰᠢᠭᠤᠢ᠎ᠶᠢᠨ ᠪᠦᠷᠬᠦᠴᠡ᠎ᠶᠢᠨ ᠨᠤᠷᠮ᠎ᠠ 6.8% ᠪᠠᠢᠭᠰᠠᠨ᠎ᠠᠴᠠ᠎ᠪᠠᠨ ᠨᠡᠮᠡᠭᠳᠡᠭᠡᠳ 20.1% ᠪᠣᠯᠵᠤ᠂ ᠲᠦᠷᠦᠯ ᠵᠦᠢᠯ᠎ᠤᠨ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶᠢᠨ ᠬᠡᠮᠵᠢᠶ᠎ᠡ 30% ᠬᠦᠷᠬᠦ ᠦᠭᠡᠢ ᠪᠠᠢᠭᠰᠠᠨ᠎ᠠᠴᠠ᠎ᠪᠠᠨ ᠨᠡᠮᠡᠭᠳᠡᠭᠡᠳ 85%᠎ᠠᠴᠠ ᠳᠡᠭᠡᠭᠰᠢ ᠪᠣᠯᠵᠤ᠂ 《ᠡᠯᠡᠰᠦᠨ᠎ᠤ ᠳᠤᠮᠳᠠ᠎ᠠᠴᠠ ᠨᠣᠭᠣᠭᠠᠨ ᠥᠩᠭᠡ ᠡᠷᠢᠬᠦ》᠎ᠠᠴᠠ 《ᠨᠣᠭᠣᠭᠠᠨ ᠥᠩᠭᠡ᠎ᠶᠢᠨ ᠳᠤᠮᠳᠠ᠎ᠠᠴᠠ ᠡᠯᠡᠰᠦ ᠡᠷᠢᠬᠦ》 ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠵᠡᠢ᠃

ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠬᠤ᠎ᠶᠢ ᠳᠠᠭᠠᠯᠳᠤᠨ᠂ ᠲᠠᠯ᠎ᠠ ᠨᠤᠲᠤᠭ᠎ᠲᠤ ᠮᠠᠰᠢ ᠣᠯᠠᠨ 《ᠬᠠᠭᠤᠴᠢᠨ ᠨᠠᠢᠵᠠ》᠎ᠪᠠᠨ ᠤᠭᠲᠤᠨ ᠠᠪᠴᠢᠷᠠᠵᠠᠢ᠃ ᠵᠡᠭᠡᠷ᠎ᠡ᠎ᠶᠢᠨ ᠰᠦᠷᠦᠭ᠎ᠤᠨ ᠲᠣᠭ᠎ᠠ ᠲᠣᠭᠲᠠᠭᠤᠨ᠎ᠢᠶᠠᠷ ᠰᠡᠷᠭᠦᠵᠦ᠂ ᠲᠠᠯ᠎ᠠ ᠨᠤᠲᠤᠭ᠎ᠢᠶᠠᠷ ᠦᠷᠭᠦᠯᠵᠢ ᠰᠦᠷᠦᠭᠯᠡᠨ ᠭᠦᠶᠦᠯᠳᠦᠵᠦ᠂ ᠴᠠᠭᠠᠨ ᠲᠣᠭᠣᠷᠤᠤ᠂ ᠲᠣᠭᠣᠳᠠᠭ ᠵᠡᠷᠭᠡ ᠬᠣᠪᠣᠷ ᠴᠤᠬᠠᠭ ᠰᠢᠪᠠᠭᠤᠳ ᠳᠠᠭᠢᠨ ᠢᠷᠡᠵᠦ ᠰᠠᠭᠤᠷᠢᠰᠢᠭ᠍ᠰᠠᠨ ᠨᠢ ᠠᠮᠢ ᠠᠬᠤᠢ᠎ᠶᠢᠨ ᠰᠠᠢᠵᠢᠷᠠᠯᠲᠠ᠎ᠶᠢᠨ ᠬᠠᠮᠤᠭ᠎ᠤᠨ ᠠᠮᠢᠳᠤᠯᠢᠭ᠋ ᠭᠡᠷᠡᠴᠢ ᠪᠣᠯᠵᠤ ᠪᠠᠢᠨ᠎ᠠ᠃

ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠪᠣᠯᠣᠨ ᠠᠮᠢ ᠠᠬᠤᠢ᠎ᠶᠢᠨ ᠠᠮᠤᠷ ᠲᠦᠪᠰᠢᠨ᠎ᠢ ᠪᠦᠲᠦᠮᠵᠢᠲᠡᠢ ᠬᠠᠮᠠᠭᠠᠯᠠᠬᠤ᠎ᠶᠢᠨ ᠲᠥᠯᠥᠭᠡ᠂ ᠰᠢᠯᠢ᠎ᠶᠢᠨ ᠭᠣᠣᠯ ᠠᠢᠮᠠᠭ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠥᠬᠥᠪᠦᠷᠢ᠎ᠶᠢᠨ ᠪᠡᠯᠡ ᠮᠥᠩᠭᠥ᠎ᠶᠢ ᠢᠳᠡᠪᠬᠢᠲᠡᠢ ᠡᠷᠡᠮᠡᠯᠵᠡᠵᠦ᠂ 9 ᠪᠠᠢᠭᠠᠯᠢ᠎ᠶᠢᠨ ᠬᠠᠮᠠᠭᠠᠯᠠᠯᠲᠠ᠎ᠶᠢᠨ ᠭᠠᠵᠠᠷ ᠪᠣᠯᠣᠨ 2 ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠴᠢᠬᠤᠯᠠ ᠨᠤᠭᠤ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠳᠡᠮᠵᠢᠨ᠂ ᠬᠡᠭᠡᠷ᠎ᠡ᠎ᠶᠢᠨ ᠠᠮᠢᠳᠠᠨ᠎ᠢ ᠬᠣᠷᠢᠶᠠᠨ ᠲᠥᠪᠯᠡᠷᠡᠭᠦᠯᠵᠦ ᠠᠪᠤᠷᠠᠨ ᠲᠤᠰᠠᠯᠠᠬᠤ 4 ᠦᠷᠳᠡᠭᠡ ᠪᠦᠲᠦᠭᠡᠨ ᠪᠠᠢᠭᠣᠯᠬᠣ᠌᠎ᠶᠢ ᠳᠡᠮᠵᠢᠪᠡ᠃ ᠡᠭᠦᠨ᠎ᠤ ᠬᠠᠮᠲᠤ᠂ ᠰᠢᠯᠢ᠎ᠶᠢᠨ ᠭᠣᠣᠯ ᠠᠢᠮᠠᠭ ᠪᠡᠯᠴᠢᠭᠡᠷ᠎ᠤᠨ ᠳᠠᠭᠠᠭᠠᠴᠠ᠎ᠡᠴᠡ ᠬᠡᠲᠦᠷᠡᠲᠡᠯ᠎ᠡ ᠮᠠᠯᠵᠢᠵᠤ ᠪᠠᠢᠭ᠎ᠠ ᠰᠠᠭᠤᠷᠢ ᠲᠣᠭ᠎ᠠ᠎ᠶᠢ ᠲᠣᠳᠣᠷᠬᠠᠢ ᠣᠢᠯᠠᠭᠠᠬᠤ᠂ ᠮᠠᠯ ᠪᠡᠯᠴᠢᠭᠡᠷ᠎ᠤᠨ ᠲᠡᠩᠴᠡᠭᠦᠷᠢ᠎ᠶᠢ ᠪᠠᠲᠤᠯᠠᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠂ ᠲᠣᠥᠷᠴᠢᠯᠠᠬ᠍ᠰᠠᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠵᠡᠷᠭᠡ ᠰᠢᠷᠢᠰ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠤᠲᠤᠭ ᠪᠡᠯᠴᠢᠭᠡᠷ᠎ᠤᠨ ᠳᠠᠭᠠᠭᠠᠴᠠ᠎ᠡᠴᠡ ᠬᠡᠲᠦᠷᠡᠲᠡᠯ᠎ᠡ ᠮᠠᠯᠵᠢᠵᠤ ᠪᠠᠢᠭ᠎ᠠ ᠠᠰᠠᠭᠤᠳᠠᠯ᠎ᠢ ᠴᠡᠭᠴᠡᠯᠡᠨ ᠵᠠᠰᠠᠬᠤ᠎ᠶᠢ ᠪᠦᠭᠦ ᠲᠠᠯ᠎ᠠ᠎ᠪᠠᠷ ᠠᠬᠢᠭᠤᠯᠵᠤ ᠪᠠᠢᠨ᠎ᠠ᠃ 2025 ᠣᠨ᠎ᠳᠤ ᠲᠣᠭᠲᠠᠭᠠᠯ᠎ᠡᠴᠡ ᠵᠥᠷᠢᠴᠡᠨ ᠮᠠᠯ ᠮᠠᠯᠵᠢᠭ᠍ᠰᠠᠨ ᠬᠡᠷᠡᠭ᠎ᠢ ᠨᠡᠢ᠍ᠢᠲᠡ 2863 ᠪᠠᠢᠴᠠᠭᠠᠨ ᠰᠢᠢᠳᠪᠦᠷᠢᠯᠡᠵᠦ᠂ 489.69 ᠲᠦᠮᠡᠨ ᠲᠥᠭᠥᠷᠢᠭ᠎ᠤᠨ ᠲᠣᠷᠭᠠᠭᠤᠯᠢ᠎ᠶᠢ ᠭᠦᠢᠴᠡᠳᠬᠡᠵᠡᠢ᠃

ᠠᠮᠢ ᠠᠬᠤᠢ᠎ᠶᠢᠨ ᠰᠠᠭᠤᠷᠢ ᠵᠤᠵᠠᠭᠠᠷᠠᠵᠤ᠂ ᠬᠥᠭᠵᠢᠯᠲᠡ᠎ᠶᠢᠨ ᠵᠠᠮ ᠴᠤ᠌ ᠥᠷᠭᠡᠵᠢᠪᠡ᠃ ᠪᠠᠷᠠᠭᠤᠨ ᠦᠵᠦᠮᠦᠴᠢᠨ ᠬᠣᠰᠢᠭᠤ 《ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ》᠎ᠢ ᠠᠰᠢᠭ᠍ᠯᠠᠨ᠂ ᠵᠠᠮ ᠳᠠᠭᠠᠤ᠎ᠶᠢᠨ ᠰᠡᠷᠭᠦᠯᠡᠩ ᠬᠠᠷᠠᠭᠠᠲᠤ ᠠᠭᠤᠯᠠ᠂ ᠮᠣᠩᠭᠣᠯ ᠬᠠᠭᠠᠨ ᠬᠤᠲᠠ᠂ ᠨᠡᠭᠦᠳᠡᠯᠴᠢᠨ ᠠᠢᠮᠠᠭ ᠵᠡᠷᠭᠡ ᠦᠵᠡᠮᠵᠢ᠎ᠶᠢᠨ ᠣᠷᠣᠨ᠎ᠨᠤᠭᠤᠳ᠎ᠢ ᠬᠡᠯᠬᠢᠶᠡᠵᠢᠭᠦᠯᠦᠨ ᠬᠣᠯᠪᠣᠵᠤ᠂ ᠵᠢᠭᠤᠯᠴᠢᠯᠠᠬ᠍ᠰᠠᠳ᠎ᠲᠤ 《ᠰᠣᠯᠣᠩᠭᠠᠨ ᠵᠠᠮ》 ᠬᠡᠮᠡᠭᠳᠡᠭᠰᠡᠨ ᠡᠨᠡ ᠬᠦ᠌ ᠵᠠᠰᠠᠮᠠᠯ ᠵᠠᠮ ᠨᠢ ᠵᠢᠭᠤᠯᠴᠢᠯᠠᠯ᠎ᠤᠨ ᠬᠠᠯᠠᠮᠰᠢᠯ ᠤᠯᠠᠷᠢᠯ᠎ᠳᠤ ᠡᠳᠦᠷ ᠪᠦᠷᠢ ᠳᠤᠮᠳᠠᠴᠢ᠎ᠪᠠᠷ 2 ᠲᠦᠮᠡᠨ ᠬᠥᠮᠥᠨ ᠤᠳᠠᠭ᠎ᠠ ᠵᠢᠭᠤᠯᠴᠢᠯᠠᠭ᠍ᠴᠢ᠎ᠶᠢ ᠭᠥᠯᠢᠶᠡᠨ ᠠᠪᠤᠭᠰᠠᠨ ᠪᠠᠢᠨ᠎ᠠ᠃ 2025 ᠣᠨ᠎ᠳᠤ᠂ ᠪᠦᠭᠦ ᠬᠣᠰᠢᠭᠤ ᠨᠡᠢ᠍ᠢᠲᠡ 366.6 ᠲᠦᠮᠡᠨ ᠵᠢᠭᠤᠯᠴᠢᠯᠠᠭ᠍ᠴᠢ᠎ᠶᠢ ᠭᠥᠯᠢᠶᠡᠨ ᠠᠪᠴᠤ᠂ ᠵᠢᠭᠤᠯᠴᠢᠯᠠᠯ᠎ᠤᠨ ᠪᠦᠭᠦ ᠣᠷᠣᠯᠭ᠎ᠠ 14.8 ᠳ᠋ᠦᠩᠰᠢᠭᠤᠷ ᠲᠥᠭᠥᠷᠢᠭ᠎ᠲᠤ ᠭᠦᠷᠤᠨ᠂ ᠵᠠᠮ ᠳᠠᠭᠠᠤ᠎ᠶᠢᠨ 140 ᠮᠠᠯᠵᠢᠬᠤ ᠡᠷᠦᠭᠡ᠎ᠶᠢ ᠳᠠᠢ᠍ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠵᠦ᠂ 575 ᠬᠥᠮᠥᠨ᠎ᠳᠤ ᠠᠵᠢᠯ ᠣᠯᠭᠣᠪᠠ᠃ ᠠᠮᠢ ᠠᠬᠤᠢ᠎ᠪᠠᠷ ᠦᠨᠳᠦᠰᠦ ᠪᠤᠯᠭᠠᠵᠤ᠂ ᠵᠠᠰᠠᠮᠠᠯ ᠵᠠᠮ᠎ᠢᠶᠠᠷ ᠰᠤᠳᠠᠰᠤ ᠪᠣᠯᠭᠠᠨ᠂ ᠪᠠᠷᠠᠭᠤᠨ ᠦᠵᠦᠮᠦᠴᠢᠨ ᠬᠣᠰᠢᠭᠤ 《ᠵᠠᠰᠠᠮᠠᠯ ᠵᠠᠮ᠎ᠢᠶᠠᠷ ᠵᠢᠭᠤᠯᠴᠢᠯᠠᠭ᠍ᠴᠢ᠎ᠶᠢ ᠲᠠᠲᠠᠬᠤ᠂ ᠡᠵᠡᠩᠨᠡᠯᠲᠡ᠎ᠶᠢᠨ ᠭᠡᠯᠪᠡᠷᠢ ᠪᠠᠢᠳᠠᠯ᠎ᠢ ᠵᠣᠯᠭᠠᠭᠤᠯᠬᠤ᠂ ᠠᠵᠤ ᠠᠬᠤᠢ᠎ᠶᠢ ᠨᠡᠮᠡᠭᠳᠡᠭᠦᠯᠬᠦ》 ᠰᠠᠢᠨ ᠣᠷᠴᠢᠯ᠎ᠢ ᠰᠦᠪᠡᠭᠴᠢᠯᠡᠨ ᠭᠠᠷᠭᠠᠭᠰᠠᠨ ᠪᠠᠢᠨ᠎ᠠ᠃

ᠢᠷᠡᠯᠲᠡ᠄ ᠰᠢᠯᠢ᠎ᠶᠢᠨ ᠭᠣᠣᠯ ᠠᠢᠮᠠᠭ᠎ᠤᠨ ᠵᠠᠬᠢᠷᠭ᠎ᠠ
Baidu
map