ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠵᠠᠷᠯᠢᠭ᠋᠎ᠲᠤ ᠭᠠᠷ᠎ᠤᠨ ᠥᠰᠥᠭ ᠵᠢᠷᠤᠪᠠ   ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠬᠤ ᠳᠡᠰ ᠳᠠᠷᠠᠭᠠᠯᠠᠯ᠎ᠤᠨ ᠳᠦᠷᠢᠮ》᠎ᠢ ᠨᠡᠢᠲᠡᠯᠡᠵᠡᠢ
ᠨᠡᠶ᠋ᠢᠲᠡᠯᠡᠭᠰᠡᠨ ᠴᠠᠭ᠄ 2026-05-21

ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠵᠠᠷᠯᠢᠭ᠋᠎ᠲᠤ ᠭᠠᠷ᠎ᠤᠨ ᠥᠰᠥᠭ ᠵᠢᠷᠤᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠬᠤ ᠳᠡᠰ ᠳᠠᠷᠠᠭᠠᠯᠠᠯ᠎ᠤᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠪᠠ)᠎ᠢ ᠨᠡᠢᠲᠡᠯᠡᠵᠡᠢ᠂ 2026 ᠣᠨ᠎ᠤ 7 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 

《ᠳᠦᠷᠢᠮ》᠎ᠦᠨ ᠵᠣᠷᠢᠯᠭ᠎ᠠ ᠨᠢ ᠬᠠᠤᠯᠢ ᠲᠣᠭᠲᠠᠭᠠᠬᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠬᠠᠤᠯᠢ᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠨᠠᠷᠢᠯᠢᠭ᠍ᠵᠢᠭᠤᠯᠤᠨ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠭᠰᠠᠨ ᠦᠢᠯᠡᠳᠦᠯᠭᠡ᠎ᠶᠢᠨ ᠲᠤᠷᠰᠢᠯᠭ᠎ᠠ᠎ᠶᠢ ᠳ᠋ᠦᠩᠨᠡᠵᠦ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠬᠤ ᠳᠡᠰ ᠳᠠᠷᠠᠭᠠᠯᠠᠯ᠎ᠢ ᠵᠢᠷᠤᠮᠵᠢᠭᠤᠯᠤᠨ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠴᠢᠨᠠᠷ ᠴᠢᠨᠰᠠᠭ᠎ᠠ᠎ᠶᠢ ᠪᠠᠲᠤᠯᠠᠵᠤ᠂ ᠤᠯᠤᠰ᠎ᠤᠨ ᠵᠠᠰᠠᠯᠲᠠ᠎ᠶᠢᠨ ᠲᠣᠭᠲᠠᠯᠴᠠᠭ᠎ᠠ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ᠎ᠶᠢᠨ ᠲᠥᠯᠥᠭᠡ ᠶᠤᠮ᠃ 《ᠳᠦᠷᠢᠮ》 ᠨᠢ ᠨᠡᠶ᠋ᠢᠲᠡ 8 ᠪᠦᠯᠦᠭ 48 ᠵᠦᠢᠯ᠎ᠲᠠᠢ᠂ ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ ᠨᠢ ᠳᠣᠣᠷᠠᠬᠢ ᠮᠡᠲᠦ᠄ 

ᠨᠢᠭᠡ᠎ᠳᠦ ᠶᠡᠷᠦᠩᠬᠡᠢ ᠱᠠᠭᠠᠷᠳᠠᠯᠭ᠎ᠠ᠎ᠶᠢ ᠲᠡᠭᠦᠯᠳᠡᠷᠵᠢᠭᠦᠯᠪᠡ᠃ 

ᠬᠣᠶᠠᠷ᠎ᠲᠤ ᠬᠠᠤᠯᠢ ᠲᠣᠭᠲᠠᠭᠠᠬᠤ᠎ᠶᠢ ᠨᠢᠭᠡᠳᠦᠯᠲᠡᠢ ᠲᠥᠯᠥᠪᠯᠡᠬᠦ᠎ᠪᠠᠨ ᠴᠢᠩᠭᠠᠳᠬᠠᠪᠠ᠃ 

ᠭᠤᠷᠪᠠ᠎ᠳᠤ ᠠᠵᠢᠯ᠎ᠤᠨ ᠲᠣᠭᠲᠠᠴᠠ᠎ᠶᠢ ᠪᠦᠷᠢᠨᠰᠢᠭᠦᠯᠪᠡ᠃ 

ᠳᠥᠷᠪᠡ᠎ᠳᠦ ᠥᠭᠡᠷᠡᠴᠢᠯᠡᠯᠲᠡ᠎ᠶᠢᠨ ᠬᠡᠷᠡᠭᠴᠡᠭᠡ᠎ᠳᠦ ᠵᠣᠬᠢᠴᠠᠭᠤᠯᠪᠠ᠃ 

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
Baidu
map