ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠰᠣᠶᠣᠯ ᠪᠠ ᠵᠢᠭᠤᠯᠴᠢᠯᠠᠯ᠎ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ᠎ᠠᠴᠠ ᠠᠵᠤ ᠦᠢᠯᠡᠳᠪᠦᠷᠢ᠎ᠶᠢᠨ ᠵᠢᠭᠤᠯᠴᠢᠯᠠᠯ᠎ᠢ ᠶᠡᠬᠡ᠎ᠪᠡᠷ ᠬᠥᠭᠵᠢᠭᠦᠯᠬᠦ ᠲᠤᠬᠠᠢ ᠮᠡᠳᠡᠭᠳᠡᠯ᠎ᠢ ᠳᠠᠷᠤᠮᠠᠯᠯᠠᠨ ᠶᠠᠪᠤᠭᠤᠯᠪᠠ
ᠨᠡᠶ᠋ᠢᠲᠡᠯᠡᠭᠰᠡᠨ ᠴᠠᠭ᠄ 2026-06-01

ᠰᠣᠶᠣᠯ ᠪᠠ ᠵᠢᠭᠤᠯᠴᠢᠯᠠᠯ᠎ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ᠎ᠠᠴᠠ ᠠᠵᠤ ᠦᠢᠯᠡᠳᠪᠦᠷᠢ᠎ᠶᠢᠨ ᠵᠢᠭᠤᠯᠴᠢᠯᠠᠯ᠎ᠢ ᠶᠡᠬᠡ᠎ᠪᠠᠷ ᠬᠥᠭᠵᠢᠭᠦᠯᠬᠦ ᠲᠤᠬᠠᠢ ᠮᠡᠳᠡᠭᠳᠡᠯ᠎ᠢ ᠳᠠᠷᠤᠮᠠᠯᠯᠠᠨ ᠶᠠᠪᠤᠭᠤᠯᠪᠠ᠃ ᠮᠡᠳᠡᠭᠳᠡᠯ᠎ᠳᠦ᠂ ᠡᠯ᠎ᠡ ᠭᠠᠵᠠᠷ᠎ᠤᠨ ᠠᠵᠤ ᠦᠢᠯᠡᠳᠪᠦᠷᠢ᠎ᠶᠢᠨ ᠥᠪ᠎ᠤᠨ ᠡᠬᠢ ᠪᠠᠶᠠᠯᠢᠭ᠋᠎ᠢ ᠪᠠᠢᠴᠠᠭᠠᠬᠤ᠎ᠪᠠᠨ ᠴᠢᠩᠭᠠᠳᠬᠠᠬᠤ᠎ᠶᠢ ᠵᠣᠷᠢᠭ᠍ᠵᠢᠭᠤᠯᠵᠤ᠂ ᠲᠠᠰ ᠪᠠ ᠲᠥᠷᠥᠯ ᠬᠤᠪᠢᠶᠠᠭᠰᠠᠨ ᠠᠵᠤ ᠦᠢᠯᠡᠳᠪᠦᠷᠢ᠎ᠶᠢᠨ ᠥᠪ᠎ᠤᠨ ᠡᠬᠢ ᠪᠠᠶᠠᠯᠢᠭ᠋᠎ᠤᠨ ᠳ᠋ᠠᠢᠲ᠋ᠠ ᠬᠥᠮᠥᠷᠭᠡ᠎ᠶᠢ ᠪᠠᠢᠭᠤᠯᠵᠤ᠂ ᠮᠠᠭᠠᠳᠯᠠᠨ ᠲᠣᠭᠲᠠᠭᠠᠬᠤ ᠪᠠᠷᠢᠮᠵᠢᠶ᠎ᠠ᠎ᠳᠤ ᠨᠡᠢᠴᠡᠭᠰᠡᠨ ᠠᠵᠤ ᠦᠢᠯᠡᠳᠪᠦᠷᠢ᠎ᠶᠢᠨ ᠥᠪ᠎ᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠲᠣᠭᠲᠠᠯᠴᠠᠭ᠎ᠠ᠎ᠳᠦ ᠣᠷᠣᠭᠤᠯᠵᠤ᠂ ᠠᠵᠤ ᠦᠢᠯᠡᠳᠪᠦᠷᠢ᠎ᠶᠢᠨ ᠥᠪ᠎ᠤᠨ ᠬᠠᠮᠠᠭᠠᠯᠠᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠪᠠ᠃ ᠰᠣᠶᠣᠯ᠎ᠤᠨ ᠪᠦᠲᠦᠭᠡᠯᠴᠢ ᠰᠡᠳᠬᠢᠮᠵᠢ ᠬᠢᠭᠡᠳ ᠠᠵᠤ ᠦᠢᠯᠡᠳᠪᠦᠷᠢ᠎ᠶᠢᠨ ᠵᠢᠷᠤᠭ ᠲᠥᠯᠥᠪᠯᠡᠭᠡ᠎ᠶᠢ ᠠᠭᠤᠰᠤᠯᠴᠠᠭᠤᠯᠤᠨ ᠰᠢᠨ᠎ᠡ᠎ᠶᠢ ᠡᠭᠦᠳᠬᠦ᠎ᠶᠢ ᠨᠢ ᠳᠡᠮᠵᠢᠵᠦ᠂ ᠤᠯᠤᠰ᠎ᠤᠨ ᠪᠠᠷᠠᠭᠠᠨ᠎ᠤ ᠤᠷᠤᠰᠬᠠᠯ᠎ᠳᠤ ᠨᠡᠢᠴᠡᠭᠰᠡᠨ ᠲᠠᠸᠠᠷ᠂ ᠴᠠᠭ᠎ᠤᠨ ᠦᠩᠭᠡᠲᠦ ᠰᠢᠨ᠎ᠡ ᠲᠠᠸᠠᠷ᠂ ᠬᠡᠷᠡᠭᠯᠡᠭᠡ᠎ᠶᠢᠨ ᠨᠠᠷᠠᠲᠤ ᠲᠠᠸᠠᠷ᠎ᠢ ᠪᠣᠶ ᠪᠣᠯᠭᠠᠵᠤ᠂ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠲᠠᠸᠠᠷ᠎ᠤᠨ ᠬᠠᠩᠭᠠᠯᠭ᠎ᠠ᠎ᠶᠢ ᠪᠠᠶᠠᠯᠢᠭ᠍ᠵᠢᠭᠤᠯᠤᠨ᠂ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠰᠢᠨ᠎ᠡ ᠠᠬᠤᠢ ᠪᠠᠢᠳᠠᠯ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ᠎ᠢ ᠬᠥᠭᠵᠢᠭᠦᠯᠦᠨ᠎ᠡ᠃ 《ᠦᠢᠯᠡᠳᠪᠦᠷᠢ᠎ᠶᠢᠨ ᠵᠢᠭᠤᠯᠴᠢᠯᠠᠯ》᠎ᠢ ᠶᠡᠬᠡ᠎ᠪᠠᠷ ᠬᠥᠭᠵᠢᠭᠦᠯᠵᠦ᠂ ᠠᠭᠠᠷ ᠠᠶᠠᠯᠠᠯ ᠰᠠᠨᠰᠠᠷ ᠠᠶᠠᠯᠠᠯ᠂ ᠣᠩᠭᠣᠴᠠ ᠰᠠᠯ᠂ ᠮᠠᠰᠢᠨ ᠲᠡᠷᠭᠡ᠂ ᠮᠠᠰᠢᠨ ᠬᠥᠮᠥᠨ ᠵᠡᠷᠭᠡ ᠲᠣᠨᠣᠭ ᠲᠥᠬᠦᠭᠡᠷᠦᠮᠵᠢ ᠦᠢᠯᠡᠳᠬᠦ᠂ ᠨᠡᠬᠡᠮᠡᠯ ᠬᠤᠪᠴᠠᠰᠤ ᠬᠤᠨᠠᠷ᠂ ᠭᠠᠷ ᠤᠷᠠᠯᠠᠯ ᠤᠷᠠᠨ ᠵᠢᠷᠤᠭ᠂ ᠢᠳᠡᠭᠡᠨ᠎ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠬᠡᠷᠡᠭᠯᠡᠭᠡ᠎ᠶᠢᠨ ᠵᠦᠢᠯ᠎ᠦᠨ ᠠᠵᠤ ᠦᠢᠯᠡᠳᠪᠦᠷᠢ ᠵᠢᠴᠢ ᠡᠯᠧᠺᠲᠷᠣᠨ ᠬᠤᠳᠠᠯᠳᠤᠭᠠᠨ᠎ᠤ ᠪᠠᠷᠠᠭᠠᠨ᠎ᠤ ᠭᠦᠢᠯᠭᠡᠭᠡᠨ ᠵᠡᠷᠭᠡ ᠬᠦᠷᠢᠶᠡᠨ᠎ᠤ ᠠᠵᠤ ᠠᠬᠤᠢᠯᠠᠯ᠎ᠤᠨ ᠭᠣᠣᠯ ᠰᠡᠳᠦᠪ᠎ᠢᠶᠡᠷ ᠢᠯᠡ ᠲᠣᠳᠣ᠌ ᠲᠣᠭᠣᠷᠢᠨ ᠦᠵᠡᠬᠦ ᠦᠢᠯᠡᠳᠪᠦᠷᠢ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠠᠵᠤ ᠦᠢᠯᠡᠳᠪᠦᠷᠢ᠎ᠶᠢᠨ ᠤᠶᠤᠨᠲᠤ ᠵᠢᠭᠤᠯᠴᠢᠯᠠᠯ᠎ᠢ ᠡᠮᠬᠢ ᠵᠢᠷᠤᠮ᠎ᠲᠠᠢ᠎ᠪᠠᠷ ᠥᠷᠭᠡᠳᠬᠡᠵᠦ᠂ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠭᠣᠣᠯ ᠰᠡᠳᠦᠪᠲᠦ ᠬᠤᠳᠠᠯᠳᠤᠭ᠎ᠠ᠂ ᠭᠦᠨ ᠮᠡᠳᠡᠷᠡᠮᠵᠢᠲᠦ ᠣᠢᠯᠠᠭᠠᠯᠲᠠ᠂ ᠣᠨᠴᠠᠯᠢᠭ᠍ᠲᠤ ᠬᠣᠲᠠ᠎ᠶᠢᠨ ᠴᠤᠭᠯᠠᠭ᠎ᠠ ᠮᠠᠢᠮᠠᠢ ᠵᠡᠷᠭᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢᠶᠠᠨ ᠬᠥᠭᠵᠢᠭᠦᠯᠬᠦ᠎ᠶᠢ ᠨᠢ ᠳᠡᠮᠵᠢᠵᠦ᠂ 《ᠠᠵᠤ ᠦᠢᠯᠡᠳᠪᠦᠷᠢ᠎ᠶᠢᠨ ᠵᠢᠭᠤᠯᠴᠢᠯᠠᠯ +》 ᠬᠡᠷᠡᠭᠯᠡᠭᠡ᠎ᠶᠢᠨ ᠠᠬᠤᠢ ᠪᠠᠢᠳᠠᠯ᠎ᠢ ᠪᠣᠶ ᠪᠣᠯᠭᠠᠨ᠎ᠠ᠃ ᠡᠯ᠎ᠡ ᠭᠠᠵᠠᠷ᠎ᠤᠨ ᠬᠢᠨ᠎ᠢ ᠵᠣᠷᠢᠭᠵᠢᠭᠤᠯᠵᠤ ᠪᠠᠢᠭᠠᠳ ᠣᠷᠣᠨ ᠪᠦᠰᠡ᠎ᠶᠢᠨ ᠪᠠ ᠠᠵᠢᠯ ᠲᠥᠷᠥᠯ᠎ᠦᠨ ᠣᠨᠴᠠᠯᠢᠭ᠋᠎ᠲᠠᠢ ᠨᠢᠭᠡ ᠪᠦᠯᠦᠭ ᠴᠢᠨᠠᠷᠵᠢᠭᠤᠨ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠵᠠᠮ ᠱᠤᠭᠤᠮ ᠪᠣᠯᠣᠨ ᠨᠠᠷᠠᠲᠤ ᠲᠡᠮᠳᠡᠭ ᠭᠠᠷᠭᠠᠨ᠂ ᠣᠲᠣ᠌ ᠦᠶ᠎ᠡ᠎ᠶᠢᠨ ᠦᠢᠯᠡᠳᠪᠦᠷᠢ᠂ ᠣᠲᠣ᠌᠎ᠶᠢᠨ ᠪᠠᠢᠭ᠎ᠠ ᠠᠵᠤ ᠦᠢᠯᠡᠳᠪᠦᠷᠢ᠎ᠶᠢᠨ ᠮᠦᠽᠧᠢ ᠵᠡᠷᠭᠡ ᠪᠡᠯᠡᠳᠬᠡᠮᠵᠢ᠎ᠶᠢ ᠠᠰᠢᠭ᠍ᠯᠠᠨ᠂ ᠣᠨᠴᠠᠯᠢᠭᠲᠤ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠨᠡᠷᠡᠳᠭᠦᠨ᠎ᠢ ᠰᠤᠳᠤᠯᠤᠨ ᠨᠡᠭᠡᠭᠡᠵᠦ᠂ ᠠᠵᠤ ᠦᠢᠯᠡᠳᠪᠦᠷᠢ᠎ᠶᠢᠨ ᠭᠣᠣᠯ ᠰᠡᠳᠦᠪᠲᠦ ᠰᠤᠳᠤᠯᠤᠨ ᠰᠤᠷᠤᠯᠴᠠᠬᠤ ᠠᠬᠤᠢ ᠪᠠᠢᠳᠠᠯ᠎ᠢ ᠪᠣᠢᠵᠢᠭᠤᠯᠤᠨ᠎ᠠ᠃ (ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠦᠯᠵᠢᠶ᠎ᠡ) 

 

ᠢᠷᠡᠯᠲᠡ᠄ ᠥᠴᠥᠭᠡᠳᠦᠷ᠎ᠦᠨ ᠴᠢᠬᠤᠯᠠ ᠮᠡᠳᠡᠭᠡ
Baidu
map