ᠢᠯᠡ ᠵᠠᠰᠠᠭ   -   ᠲᠦᠷᠦ᠎ᠶᠢᠨ ᠪᠤᠳᠤᠯᠭ᠎ᠠ ᠬᠠᠤᠯᠢ ᠳᠦᠷᠢᠮ
ᠦᠪᠦᠷ ᠮᠤᠩᠭᠤᠯ᠎ᠤᠨ ᠦᠪᠡᠷᠳᠡᠭᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠡᠷᠭᠡ᠎ᠳᠤ ᠬᠢᠨᠠᠯᠳᠠ ᠲᠠᠯᠪᠢᠵᠣ ᠬᠠᠮᠢᠶᠠᠷᠬᠤ ᠠᠷᠭ᠎ᠠ
ᠨᠡᠶ᠋ᠢᠲᠡᠯᠡᠭᠰᠡᠨ ᠴᠠᠭ᠄ 2015-06-29

  ᠦᠪᠦᠷ ᠮᠤᠩᠭᠤᠯ᠎ᠤᠨ ᠦᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
                                      208 ᠳ᠋ᠤᠭ᠋ᠠᠷ ᠲᠤᠭ᠋ᠠᠳᠤ


     《ᠦᠪᠦᠷ ᠮᠤᠩᠭᠤᠯ᠎ᠤᠨ ᠦᠪᠡᠷᠳᠡᠭᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠡᠷᠭᠡ᠎ᠳᠤ ᠬᠢᠨᠠᠯᠳᠠ ᠲᠠᠯᠪᠢᠵᠣ ᠬᠠᠮᠢᠶᠠᠷᠬᠤ ᠠᠷᠭ᠎ᠠ》 ᠵᠢ 2015 ᠤᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ ᠦᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ 41 ᠳ᠋ᠣᠭᠡᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠦᠪᠯᠡᠵᠤ ᠪᠠᠳᠤᠯᠠᠭ᠋ᠠᠳ᠂ ᠡᠳᠦᠭᠡ ᠨᠡᠶ᠋ᠢᠳᠡᠯᠡᠪᠡ᠂ 2015 ᠤᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃


                        ᠥᠪᠡᠷᠲᠡᠭᠡᠨ ᠵᠠᠰᠠᠭ᠍ᠣ ᠤᠷᠤᠨ᠎ᠤ ᠲᠡᠷᠢᠭᠦᠯᠡᠭᠴᠢ     ᠪᠠᠭ᠋ᠠᠲᠤᠷ
                          2015 ᠣᠨ᠎ᠤ 3 ᠳ᠋ᠤᠭ᠋ᠠᠷ ᠰᠠᠷ᠎ᠠ ᠵᠢᠨ 16᠎ᠤ ᠡᠳᠦᠷ


      ᠨᠢᠭᠡᠳᠦᠭᠡᠷ ᠵᠦᠢ᠍ᠯ   ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠵᠢᠷᠣᠮᠵᠢᠭᠤᠯᠵᠣ᠂ ᠬᠠᠣᠯᠢ᠎ᠪᠠᠷ ᠵᠠᠰᠠᠭ᠍ᠣ ᠵᠠᠰᠠᠭ᠎ᠤᠨ ᠣᠷᠳᠣᠨ᠎ᠢ ᠪᠠᠶ᠋ᠢᠭᠤᠯᠵᠣ᠂ ᠵᠠᠰᠠᠭ ᠵᠠᠬᠢᠷᠭ᠋ᠠᠨ᠎ᠤ ᠡᠷᠭᠡ ᠵᠢᠨ ᠪᠠᠢ᠍ᠢ᠍ᠷᠢᠯᠠᠭᠤᠯᠤᠯᠳᠠ ᠪᠠ ᠠᠵᠢᠯᠯᠠᠭ᠋ᠠᠨ᠎ᠳᠤ ᠬᠢᠨᠠᠯᠳᠠ ᠳᠠᠯᠪᠢᠬᠤ ᠰᠢᠰᠲ᠋ᠧᠮᠵᠢ ᠵᠢ ᠪᠠᠶ᠋ᠢᠭᠤᠯᠬᠤ ᠪᠠ ᠳᠡᠭᠦᠯᠳᠡᠷᠵᠢᠭᠦᠯᠭᠦ ᠵᠢᠨ ᠲᠣᠰᠠᠳᠠ᠂ ᠣᠯᠣᠰ᠎ᠤᠨ ᠬᠠᠮᠢᠶ᠎ᠠ ᠪᠦᠭᠦᠢ ᠬᠠᠣᠯᠢ ᠴᠠᠭ᠋ᠠᠵᠨ ᠬᠠᠤᠯᠢ ᠲᠣᠭᠳᠠᠭ᠋ᠠᠯ᠎ᠢ ᠦᠨᠳᠣᠰᠣᠯᠡᠵᠣ᠂ ᠦᠪᠡᠷᠳᠡᠭᠡᠨ ᠵᠠᠰᠠᠭ᠍ᠤ ᠤᠷᠤᠨ᠎ᠤ ᠪᠤᠳᠠᠳᠠᠢ᠎ᠲᠠᠢ ᠤᠶᠠᠯᠳᠤᠭᠤᠯᠣᠨ᠂ ᠳᠤᠰ ᠠᠷᠭ᠎ᠠ ᠵᠢ ᠳᠤᠭᠳᠠᠭ᠋ᠠᠪᠠ᠃
      ᠬᠤᠶᠠᠳᠤᠭ᠋ᠠᠷ ᠵᠦᠢ᠍ᠯ   ᠳᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠭᠡ ᠭᠡᠳᠡᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠣᠶᠣ ᠬᠠᠣᠯᠢ ᠴᠠᠭ᠋ᠠᠵᠨ᠂ ᠬᠠᠣᠯᠢ ᠲᠣᠭᠳᠠᠭ᠋ᠠᠯ᠎ᠠᠴᠠ ᠡᠷᠭᠡ ᠣᠯᠭᠤᠭᠰᠠᠨ ᠵᠣᠬᠢᠶᠠᠨ ᠪᠠᠶ᠋ᠢᠭᠤᠯᠣᠯᠳᠠ (ᠲᠣᠣᠷ᠎ᠡ ᠨᠢᠭᠡᠳᠣᠯᠳᠠᠢ᠎ᠪᠠᠷ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠭᠡᠵᠣ ᠨᠡᠷᠡᠶ᠋ᠢᠳᠣᠨ᠎ᠠ) ᠵᠢᠨ ᠬᠠᠣᠯᠢ ᠶᠣᠰᠣᠭ᠋ᠠᠷ ᠭᠠᠷᠭ᠋ᠠᠭᠰᠠᠨ᠂ ᠠᠷᠠᠣᠨ ᠢᠷᠬᠡᠨ᠂ ᠬᠠᠣᠯᠢ ᠵᠢᠨ ᠡᠷᠬᠡᠳᠡᠨ ᠪᠣᠯᠣᠨ ᠪᠣᠰᠣᠣᠨ ᠵᠣᠬᠢᠶᠠᠨ ᠪᠠᠶ᠋ᠢᠭᠤᠯᠣᠯᠳᠠ ᠵᠢᠨ ᠡᠷᠭᠡ ᠠᠰᠢᠭ᠂ ᠡᠭᠦᠷᠭᠡ ᠬᠠᠷᠢᠭᠤᠴᠠᠯᠭ᠎ᠠ ᠵᠢ ᠨᠦᠯᠣᠭᠡᠯᠡᠭᠦ ᠠᠵᠢᠯᠯᠠᠭ᠎ᠠ ᠵᠢ ᠵᠢᠭ᠋ᠠᠨ᠎ᠠ᠂ ᠡᠭᠦᠨ᠎ᠳᠤ ᠵᠠᠰᠠᠭ ᠵᠠᠬᠢᠷᠭ᠋ᠠᠨ᠎ᠤ ᠵᠦᠪᠰᠢᠶᠡᠷᠡᠯ᠂ ᠵᠠᠰᠠᠭ ᠵᠠᠬᠢᠷᠭ᠋ᠠᠨ᠎ᠤ ᠰᠢᠣᠡᠭᠡᠯ ᠲᠣᠷᠭ᠋ᠠᠭᠤᠯᠢ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠭᠡᠮᠵᠢᠶ᠎ᠠ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠭᠡᠷᠩᠵᠢᠭᠦᠯᠣᠯᠳᠠ᠂ ᠵᠠᠰᠠᠭ ᠵᠠᠬᠢᠷᠭ᠋ᠠᠨ᠎ᠤ ᠨᠣᠳᠠᠯᠠᠨ ᠵᠦᠪᠰᠢᠶᠡᠷᠡᠯᠳᠠ᠂ ᠵᠠᠰᠠᠭ ᠵᠠᠬᠢᠷᠭ᠋ᠠᠨ᠎ᠤ ᠣᠯᠭᠤᠯᠳᠠ᠂ ᠵᠠᠰᠠᠭ ᠵᠠᠬᠢᠷᠭ᠋ᠠᠨ᠎ᠤ ᠱᠠᠩᠨᠠᠯ ᠬᠦᠭᠢᠬᠦᠯᠣᠯ᠂ ᠵᠠᠰᠠᠭ ᠵᠠᠬᠢᠷᠭ᠋ᠠᠨ᠎ᠤ ᠳᠠᠳᠠᠪᠣᠷᠢᠯᠠᠯᠳᠠ᠂ ᠵᠠᠰᠠᠭ ᠵᠠᠬᠢᠷᠭ᠋ᠠᠨ᠎ᠤ ᠬᠢᠨᠠᠯᠳᠠ ᠪᠠᠶ᠋ᠢᠴᠠᠭ᠋ᠠᠯᠳᠠ ᠵᠢᠴᠢ ᠪᠣᠰᠣᠣᠨ ᠵᠠᠰᠠᠭ ᠵᠠᠬᠢᠷᠭ᠋ᠠᠨ᠎ᠤ ᠡᠷᠭᠡ ᠵᠢ ᠪᠠᠭᠳᠠᠭ᠋ᠠᠨ᠎ᠠ᠃
      ᠭᠤᠷᠪᠠᠳᠤᠭ᠋ᠠᠷ ᠵᠦᠢ᠍ᠯ   ᠦᠪᠡᠷᠳᠡᠭᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠪᠦᠰᠨ ᠵᠢᠨ ᠳᠤᠳᠤᠷ᠎ᠠ᠂ ᠡᠯ᠎ᠡ ᠱᠠᠳᠣᠨ᠎ᠤ ᠠᠷᠠᠣᠨ᠎ᠤ ᠵᠠᠰᠠᠭ᠎ᠤᠨ ᠣᠷᠳᠣᠨ᠎ᠠᠴᠠ ᠵᠠᠰᠠᠭ ᠵᠠᠬᠢᠷᠭ᠋ᠠᠨ᠎ᠤ ᠡᠷᠭᠡ ᠵᠢᠨ ᠪᠠᠢ᠍ᠢ᠍ᠷᠢᠯᠠᠭᠤᠯᠤᠯᠳᠠ ᠪᠠ ᠠᠵᠢᠯᠯᠠᠭ᠋ᠠᠨ᠎ᠢ ᠬᠢᠨᠠᠯᠳᠠ ᠳᠠᠯᠪᠢᠵᠣ ᠬᠠᠮᠢᠶᠠᠷᠬᠤ᠎ᠳᠤ ᠲᠣᠰ ᠠᠷᠭ᠎ᠠ ᠵᠢ ᠲᠤᠬᠢᠷᠠᠭᠤᠯᠤᠨ ᠭᠡᠷᠩᠯᠡᠨ᠎ᠠ᠃
      ᠳᠦᠷᠪᠡᠳᠦᠭᠡᠷ ᠵᠦᠢ᠍ᠯ   ᠵᠠᠰᠠᠭ ᠵᠠᠬᠢᠷᠭ᠋ᠠᠨ᠎ᠤ ᠡᠷᠭᠡ᠎ᠳᠤ ᠬᠢᠨᠠᠯᠳᠠ ᠳᠠᠯᠪᠢᠵᠣ ᠬᠠᠮᠢᠶᠠᠷᠬᠤ ᠠᠵᠢᠯ᠎ᠢ ᠡᠯ᠎ᠡ ᠱᠠᠳᠣᠨ᠎ᠤ ᠠᠷᠠᠣᠨ᠎ᠤ ᠵᠠᠰᠠᠭ᠎ᠤᠨ ᠣᠷᠳᠣᠨ᠎ᠠᠴᠠ ᠱᠠᠳᠣ ᠬᠤᠪᠢᠶᠠᠨ ᠵᠣᠬᠢᠶᠠᠨ ᠪᠠᠶ᠋ᠢᠭᠤᠯᠵᠣ ᠭᠡᠷᠩᠵᠢᠭᠦᠯᠣᠨ᠎ᠠ᠂ ᠪᠣᠳᠠᠳᠠᠢ ᠠᠵᠢᠯ᠎ᠢ ᠡᠯ᠎ᠡ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠠᠴᠠ ᠬᠠᠷᠢᠭᠤᠴᠠᠨ ᠭᠡᠷᠩᠵᠢᠭᠦᠯᠣᠨ᠎ᠠ᠂ ᠡᠯ᠎ᠡ ᠱᠠᠳᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠭᠡᠪᠴᠢᠶᠠᠨ᠎ᠤ ᠲᠤᠳᠤᠷ᠎ᠠ᠎ᠪᠠᠨ ᠵᠤᠬᠢᠴᠠᠨᠭ᠌ᠭᠤᠢ᠎ᠪᠠᠷ ᠬᠠᠮᠵᠢᠯᠴᠠᠨ ᠬᠠᠪᠰᠣᠷᠬᠤ ᠠᠵᠢᠯ᠎ᠢ ᠰᠠᠶ᠋ᠢᠳᠣᠷ ᠬᠢᠬᠦ ᠬᠡᠷᠡᠭᠳᠡᠢ᠃
      ᠳᠠᠪᠤᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠡᠷᠭᠡ ᠵᠢᠨ ᠪᠠᠢ᠍ᠢ᠍ᠷᠢᠯᠠᠭᠤᠯᠤᠯᠳᠠ ᠪᠠ ᠠᠵᠢᠯᠯᠠᠭ᠋ᠠᠨ᠎ᠳᠤ ᠭᠦᠳᠡᠯᠣᠩᠬᠦᠢ ᠬᠢᠨᠠᠯᠳᠠ ᠳᠠᠯᠪᠢᠵᠣ ᠬᠠᠮᠢᠶᠠᠷᠬᠤ ᠲᠦᠷᠢᠮ᠎ᠢ ᠭᠡᠷᠩᠵᠢᠭᠦᠯᠭᠦ ᠵᠢᠨ ᠬᠠᠮᠳᠣ᠂ ᠣᠯᠠᠨ ᠲᠦᠮᠡᠨ᠎ᠤ ᠰᠠᠨᠠᠭᠤᠯᠭ᠎ᠠ ᠲᠣᠷᠠᠣᠠᠭ᠍ᠣ᠂ ᠵᠠᠭ᠋ᠠᠯᠳᠣᠬᠤ ᠪᠠ ᠢᠯᠡᠴᠢᠯᠡᠨ ᠮᠡᠳᠡᠭᠦᠯᠭᠦ ᠲᠦᠷᠢᠮ᠎ᠢ ᠪᠠᠶ᠋ᠢᠭᠤᠯᠣᠨ᠎ᠠ᠃
      ᠵᠢᠷᠭᠤᠳᠤᠭ᠋ᠠᠷ ᠵᠦᠢ᠍ᠯ   ᠡᠯ᠎ᠡ ᠱᠠᠳᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ ᠴᠠᠭ᠋ᠠᠵᠨ᠂ ᠬᠠᠣᠯᠢ ᠲᠣᠭᠳᠠᠭ᠋ᠠᠯ᠂ ᠲᠦᠷᠢᠮ ᠲᠣᠭᠳᠠᠭ᠋ᠠᠯ᠎ᠤᠨ ᠲᠣᠭᠳᠠᠭ᠋ᠠᠯ ᠶᠣᠰᠣᠭ᠋ᠠᠷ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤ ᠨᠠᠢ᠍ᠢ᠍ᠷᠠᠭᠤᠯᠤᠨ ᠵᠣᠬᠢᠶᠠᠭ᠍ᠣ ᠪᠠ ᠢᠵᠢ ᠪᠦᠷᠢᠳᠣᠭ᠌ᠰᠡᠨ ᠪᠢᠴᠢᠭ ᠮᠠᠲᠸᠷᠢᠶᠠᠯ᠎ᠢ ᠲᠣᠭᠳᠠᠭ᠋ᠠᠬᠤ᠎ᠳᠤ᠂ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠪᠠᠷ ᠬᠢᠨᠠᠨ ᠬᠠᠷᠭᠤᠭᠤᠯᠬᠤ ᠵᠢᠨ ᠳᠠᠠᠭᠤ ᠲᠣᠰ ᠱᠠᠳᠣᠨ᠎ᠤ ᠠᠷᠠᠣᠨ᠎ᠤ ᠵᠠᠰᠠᠭ᠎ᠤᠨ ᠣᠷᠳᠣᠨ᠎ᠳᠤ ᠮᠡᠳᠡᠭᠦᠯᠵᠣ ᠵᠦᠪᠰᠢᠶᠡᠷᠡᠭᠦᠯᠣᠭ᠌ᠰᠡᠨ᠎ᠤ ᠰᠡᠭᠦᠯᠡᠷ᠂ 《ᠪᠦᠭᠦᠳᠠ ᠨᠠᠶ᠋ᠢᠷᠠᠮᠳᠠᠭ᠍ᠣ ᠲᠣᠮᠳᠠᠳᠣ ᠠᠷᠠᠣᠨ ᠣᠯᠣᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠬᠢ ᠵᠢ ᠢᠯᠨ ᠨᠠᠶ᠋ᠢᠳᠡᠯᠡᠭᠦ ᠲᠦᠷᠢᠮ》᠎ᠤᠨ ᠲᠣᠭᠳᠠᠭ᠋ᠠᠯ ᠶᠣᠰᠣᠭ᠋ᠠᠷ᠂ ᠵᠠᠰᠠᠭ᠎ᠤᠨ ᠣᠷᠳᠣᠨ᠎ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ᠎ᠪᠠᠷ ᠨᠠᠶ᠋ᠢᠭᠡᠮ᠎ᠳᠤ ᠨᠠᠶ᠋ᠢᠳᠡᠯᠡᠨ᠎ᠠ᠃ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤ᠎ᠳᠤ ᠵᠠᠰᠠᠭ ᠵᠠᠬᠢᠷᠭ᠋ᠠᠨ᠎ᠤ ᠡᠷᠭᠡ ᠵᠢᠨ ᠲᠦᠷᠣᠯ ᠵᠦᠢ᠍ᠯ᠎ᠤᠨ ᠨᠡᠷᠠᠶ᠋ᠢᠳᠣᠯ᠂ ᠪᠠᠢ᠍ᠢ᠍ᠷᠢᠯᠠᠭᠤᠯᠤᠭᠰᠠᠨ ᠦᠨᠳᠣᠰᠣ ᠪᠠᠷᠢᠮᠳᠠ᠂ ᠭᠡᠷᠩᠵᠢᠭᠦᠯᠭᠦ ᠪᠠᠶ᠋ᠢᠭᠤᠯᠣᠮᠵᠢ ᠵᠡᠷᠭᠡ ᠠᠭᠤᠯᠭ᠎ᠠ ᠵᠢ ᠲᠣᠳᠣᠷᠬᠠᠶ᠋ᠢᠯᠠᠭ᠍ᠣ ᠭᠡᠷᠩᠳᠠᠢ᠃
      ᠳᠤᠯᠤᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤᠨ᠎ᠳᠠᠬᠢ ᠡᠯ᠎ᠡ ᠲᠦᠷᠣᠯ᠎ᠤᠨ ᠵᠠᠰᠠᠭ ᠵᠠᠬᠢᠷᠭ᠋ᠠᠨ᠎ᠤ ᠡᠷᠭᠡ ᠵᠢᠨ ᠪᠠᠢ᠍ᠢ᠍ᠷᠢᠯᠠᠭᠤᠯᠤᠯᠳᠠ᠎ᠨᠢ ᠵᠠᠪᠡᠯ ᠬᠠᠣᠯᠢ ᠴᠠᠭ᠋ᠠᠵᠨ ᠬᠠᠤᠯᠢ ᠲᠣᠭᠳᠠᠭ᠋ᠠᠯ᠎ᠳᠤ ᠲᠣᠭᠳᠠᠭ᠋ᠠᠭᠰᠠᠨ ᠲᠣᠭᠳᠠᠭ᠋ᠠᠯ᠎ᠲᠠᠢ ᠨᠠᠶ᠋ᠢᠴᠡᠭᠰᠠᠨ ᠪᠠᠢ᠍ᠢ᠍ᠬᠤ ᠭᠡᠷᠩᠳᠠᠢ᠃ ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ ᠵᠢᠨ ᠬᠠᠣᠯᠢ ᠶᠣᠰᠣᠨ᠎ᠤ ᠡᠷᠭᠡ ᠠᠰᠢᠭ᠎ᠢ ᠦᠯᠣ ᠬᠠᠰᠣᠵᠣ ᠬᠤᠬᠢᠷᠠᠭᠤᠯᠬᠤ ᠪᠣᠶᠣ ᠳᠡᠭᠦᠨ᠎ᠤ ᠡᠭᠦᠷᠭᠡ ᠵᠢ᠎ᠨᠢ ᠨᠡᠮᠡᠭᠳᠡᠭᠦᠯᠭᠦ ᠵᠠᠰᠠᠭ ᠵᠠᠬᠢᠷᠭ᠋ᠠᠨ᠎ᠤ ᠡᠷᠭᠡ ᠵᠢ ᠵᠢᠷᠣᠮᠵᠢᠭᠰᠠᠨ ᠪᠢᠴᠢᠭ ᠮᠠᠲᠸᠷᠢᠶᠠᠯ ᠵᠶ᠋ᠠᠷ ᠪᠠᠢ᠍ᠢ᠍ᠷᠢᠯᠠᠭᠤᠯᠵᠦ ᠲᠣᠭᠳᠠᠭ᠋ᠠᠬᠤ᠎ᠠᠴᠠ ᠭᠠᠳᠠᠨ᠎ᠠ᠂ ᠪᠣᠰᠣᠣᠨ ᠵᠠᠰᠠᠭ ᠵᠠᠬᠢᠷᠭ᠋ᠠᠨ᠎ᠤ ᠡᠷᠭᠡ ᠵᠢ᠎ᠨᠢ ᠪᠠᠢ᠍ᠢ᠍ᠷᠢᠯᠠᠭᠤᠯᠵᠦ ᠲᠣᠭᠳᠠᠭ᠋ᠠᠬᠤ᠎ᠳᠤ ᠵᠠᠪᠡᠯ ᠬᠠᠣᠯᠢ ᠴᠠᠭ᠋ᠠᠵᠨ᠂ ᠬᠠᠣᠯᠢ ᠲᠣᠭᠳᠠᠭ᠋ᠠᠯ ᠪᠣᠶᠣ ᠲᠦᠷᠢᠮ ᠲᠣᠭᠳᠠᠭ᠋ᠠᠯ ᠵᠶ᠋ᠠᠷ ᠦᠨᠳᠣᠰᠣ ᠪᠠᠷᠢᠮᠳᠠ ᠪᠣᠯᠭ᠋ᠠᠬᠤ ᠭᠡᠷᠩᠳᠠᠢ᠃
      ᠨᠠᠢ᠍ᠮᠠᠳᠤᠭ᠋ᠠᠷ ᠵᠦᠢ᠍ᠯ   ᠲᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠡᠯ᠂ ᠵᠠᠰᠠᠭ   ᠵᠠᠬᠢᠷᠭ᠋ᠠᠨ ᠎ᠤ   ᠪᠠᠶ᠋ᠢᠭᠤᠯᠭ᠎ᠠ᠎ᠠᠴᠠ ᠲᠣᠰ ᠪᠠᠶ᠋ᠢᠭᠤᠯᠭ᠎ᠠ ᠵᠢᠨ ᠭᠡᠷᠩᠵᠢᠭᠦᠯᠵᠣ   ᠪᠠᠶ᠋ᠢᠭ᠎ᠠ   ᠵᠠᠰᠠᠭ   ᠵᠠᠬᠢᠷᠭ᠋ᠠᠨ ᠎ᠤ   ᠡᠷᠭᠡ᠎ᠳᠤ ᠲᠣᠬᠢᠷᠠᠭᠤᠯᠣᠯᠳᠠ ᠬᠢᠬᠦ ᠬᠡᠷᠡᠭᠳᠡᠢ᠃
     (ᠨᠢᠭᠡ) ᠰᠢᠨ᠎ᠠ ᠬᠠᠣᠯᠢ ᠴᠠᠭ᠋ᠠᠵᠨ᠂ ᠬᠠᠣᠯᠢ ᠲᠤᠭᠳᠠᠭ᠋ᠠᠯ᠂ ᠲᠦᠷᠢᠮ ᠲᠣᠭᠳᠠᠭ᠋ᠠᠯ᠎ᠢ ᠨᠠᠶ᠋ᠢᠳᠠᠯᠡᠭᠡᠳ ᠲᠣᠬᠢᠷᠠᠭᠤᠯᠣᠯᠳᠠ ᠬᠢᠭᠦ ᠴᠢᠬᠤᠯᠳᠠᠢ ᠪᠠᠶ᠋ᠢᠪᠡᠯ;
     (ᠬᠤᠶᠠᠷ) ᠦᠨᠳᠣᠰᠣ ᠪᠠᠷᠢᠮᠳᠠ ᠪᠣᠯᠭ᠋ᠠᠵᠣ ᠪᠠᠶ᠋ᠢᠭ᠎ᠠ ᠬᠠᠣᠯᠢ ᠴᠠᠭ᠋ᠠᠵᠨ᠂ ᠬᠠᠣᠯᠢ ᠲᠤᠭᠳᠠᠭ᠋ᠠᠯ᠂ ᠲᠦᠷᠢᠮ ᠲᠣᠭᠳᠠᠭ᠋ᠠᠯ ᠵᠡᠷᠭᠡ᠎ᠳᠤ ᠵᠠᠰᠠᠪᠣᠷᠢ ᠣᠷᠣᠭᠤᠯᠤᠭᠰᠠᠨ ᠪᠣᠶᠣ ᠭᠦᠴᠣᠨ ᠦᠭᠡᠢ ᠪᠣᠯᠭ᠋ᠠᠬᠰᠠᠨ ᠪᠠᠶ᠋ᠢᠪᠡᠯ;
     (ᠭᠤᠷᠪᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠪᠠᠶ᠋ᠢᠭᠤᠯᠣᠮᠵᠢ ᠵᠢᠨ ᠦᠭᠡᠷᠡᠴᠢᠯᠡᠯᠳᠠ ᠬᠢᠭᠰᠡᠨ᠎ᠠᠴᠠ ᠪᠣᠯᠵᠣ ᠬᠠᠣᠯᠢ ᠭᠡᠷᠩᠵᠢᠭᠦᠯᠭᠦ ᠭᠤᠣᠯ ᠴᠣᠭᠴᠨ ᠪᠣᠶᠣ ᠬᠠᠣᠯᠢ ᠭᠡᠷᠩᠵᠢᠭᠦᠯᠭᠦ ᠡᠭᠦᠷᠭᠡ ᠴᠢᠳᠠᠪᠬᠢ᠎ᠳᠤ᠎ᠨᠢ ᠬᠤᠪᠢᠷᠠᠯᠳᠠ ᠭᠠᠷᠣᠭᠰᠠᠨ ᠪᠠᠶ᠋ᠢᠪᠡᠯ;
     (ᠲᠦᠷᠪᠠ) ᠪᠣᠰᠣᠣᠨ ᠦᠨᠡᠨᠬᠦ ᠲᠣᠬᠢᠷᠠᠭᠤᠯᠣᠯᠳᠠ ᠬᠢᠭᠦ ᠴᠢᠬᠤᠯᠠᠳᠠᠢ ᠪᠠᠶ᠋ᠢᠳᠠᠯ ᠪᠠᠢ᠍ᠢ᠍ᠪᠠᠯ᠃
      ᠶᠢᠰᠦᠳᠦᠭᠡᠷ ᠵᠦᠢ᠍ᠯ   ᠵᠠᠰᠠᠭ ᠵᠠᠬᠢᠷᠭ᠋ᠠᠨ᠎ᠤ ᠡᠷᠭᠡ᠎ᠳᠤ ᠦᠨᠡᠨᠬᠦ ᠲᠣᠬᠢᠷᠠᠭᠤᠯᠣᠯᠳᠠ ᠬᠢᠭᠦ ᠴᠢᠬᠤᠯᠳᠠᠢ ᠪᠠᠶ᠋ᠢᠪᠡᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠲᠣᠰ ᠱᠠᠳᠣᠨ᠎ᠤ ᠠᠷᠠᠣᠨ᠎ᠤ ᠵᠠᠰᠠᠭ᠎ᠤᠨ ᠣᠷᠳᠣᠨ᠎ᠳᠤ ᠭᠤᠶᠣᠴᠢᠯᠠᠯ ᠭᠠᠷᠭ᠋ᠠᠵᠣ᠂ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠠᠴᠠ ᠬᠠᠣᠯᠢ ᠶᠣᠰᠣᠨ᠎ᠤ ᠴᠢᠨᠠᠷᠳᠠᠢ ᠬᠢᠨᠠᠨ ᠪᠠᠶ᠋ᠢᠴᠠᠭ᠋ᠠᠯᠳᠠ ᠬᠢᠨ᠎ᠠ᠃
      ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠭᠡ᠎ᠳᠤ ᠲᠣᠬᠢᠷᠠᠭᠤᠯᠣᠯᠳᠠ ᠬᠢᠭᠦ᠎ᠪᠠᠷ ᠭᠤᠶᠣᠴᠢᠯᠠᠭᠰᠠᠨ ᠦᠶ᠎ᠡ᠎ᠳᠤ ᠲᠣᠬᠢᠷᠠᠭᠤᠯᠬᠤ ᠵᠠᠰᠠᠭ ᠵᠠᠬᠢᠷᠭ᠋ᠠᠨ᠎ᠤ ᠡᠷᠭᠡ ᠵᠢᠨ ᠠᠭᠤᠯᠭ᠎ᠠ᠂ ᠪᠠᠢ᠍ᠢ᠍ᠷᠢᠯᠠᠭᠤᠯᠤᠯᠳᠠ ᠵᠢᠨ ᠦᠨᠳᠣᠰᠣ ᠪᠠᠷᠢᠮᠳᠠ᠂ ᠭᠡᠷᠩᠵᠢᠭᠦᠯᠭᠦ ᠪᠠᠶ᠋ᠢᠭᠤᠯᠣᠮᠵᠢ᠂ ᠠᠵᠢᠯᠯᠠᠭ᠋ᠠᠨ᠎ᠤ ᠠᠯᠬᠤᠮ ᠳᠠᠷᠠᠭ᠎ᠠ ᠵᠡᠷᠭᠡ ᠮᠠᠲᠸᠷᠢᠶᠠᠯ ᠵᠶ᠋ᠠᠨ ᠳᠡᠪᠰᠢᠭᠦᠯᠭᠦ ᠭᠡᠷᠩᠳᠠᠢ᠃
      ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠨᠢ ᠲᠣᠬᠢᠷᠠᠭᠤᠯᠣᠯᠳᠠ ᠬᠢᠭᠦ᠎ᠪᠠᠷ ᠭᠤᠶᠣᠴᠢᠯᠠᠭᠰᠠᠨ ᠵᠠᠰᠠᠭ ᠵᠠᠬᠢᠷᠭ᠋ᠠᠨ᠎ᠤ ᠡᠷᠭᠡ᠎ᠳᠡᠭᠡᠨ ᠬᠠᠣᠯᠢ ᠶᠣᠰᠣᠨ᠎ᠤ ᠴᠢᠨᠠᠷᠳᠠᠢ ᠬᠢᠨᠠᠨ ᠪᠠᠶ᠋ᠢᠴᠠᠭ᠋ᠠᠯᠳᠠ ᠬᠢᠭᠦ ᠵᠢᠨ ᠬᠠᠮᠳᠣ ᠲᠣᠰ ᠱᠠᠳᠣᠨ᠎ᠤ ᠠᠷᠠᠣᠨ᠎ᠤ ᠵᠠᠰᠠᠭ᠎ᠤᠨ ᠣᠷᠳᠣᠨ᠎ᠳᠤ ᠮᠡᠳᠡᠭᠦᠯᠵᠣ ᠵᠦᠪᠰᠢᠶᠡᠷᠡᠭᠦᠯᠣᠭ᠌ᠰᠡᠨ᠎ᠤ ᠲᠠᠷᠠᠭ᠎ᠠ᠂ ᠴᠠᠭ ᠲᠣᠬᠠᠢ᠎ᠳᠤᠨᠢ ᠵᠠᠰᠠᠭ᠎ᠤᠨ ᠣᠷᠳᠣᠨ᠎ᠤ ᠫᠦᠷᠲ᠋ᠢᠯ ᠰᠦᠯᠵᠢᠶ᠎ᠠ ᠵᠢᠴᠢ ᠪᠣᠰᠣᠣᠨ ᠪᠦᠳᠣᠮᠵᠢᠳᠠᠢ ᠠᠴᠢᠶᠠᠯᠠᠪᠤᠷᠢ᠎ᠪᠠᠷ ᠲᠣᠬᠢᠷᠠᠭᠤᠯᠣᠭᠰᠠᠨ᠎ᠤ ᠳᠠᠷᠠᠭ᠋ᠠᠬᠢ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤ᠎ᠪᠠᠨ ᠨᠠᠶ᠋ᠢᠭᠡᠮ᠎ᠳᠤ ᠨᠠᠶ᠋ᠢᠳᠡᠯᠡᠭᠦ ᠭᠡᠷᠩᠳᠠᠢ᠃
      ᠠᠷᠪᠠᠳᠣᠭ᠋ᠠᠡᠷ ᠵᠦᠢ᠍ᠯ   ᠡᠯ᠎ᠡ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠨᠢ ᠲᠣᠰ ᠱᠠᠳᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠯᠤᠭ᠎ᠠ ᠠᠵᠢᠯ ᠵᠶ᠋ᠠᠨ ᠵᠤᠬᠢᠴᠠᠭᠤᠯᠵᠦ ᠴᠠᠭ ᠲᠣᠬᠠᠢ᠎ᠳᠤᠨᠢ ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤ᠎ᠪᠠᠨ ᠢᠯᠭ᠋ᠠᠷᠠᠭᠤᠯᠬᠤ ᠵᠢᠨ ᠬᠠᠮᠳᠣ᠂ ᠬᠤᠶᠠᠷ ᠵᠢᠯ᠎ᠳᠤ ᠨᠢᠭᠡ ᠣᠳᠠᠭ᠎ᠠ ᠲᠦᠪᠯᠡᠷᠡᠭᠦᠯᠣᠨ ᠢᠯᠭ᠋ᠠᠷᠠᠭᠤᠯᠤᠨ᠎ᠠ᠃
      ᠠᠷᠪᠠᠨ ᠨᠢᠭᠡᠳᠣᠭᠡᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ ᠶᠣᠰᠣᠭ᠋ᠠᠷ ᠵᠠᠰᠠᠭ ᠵᠠᠬᠢᠷᠭ᠋ᠠᠨ᠎ᠤ ᠡᠷᠭᠡ᠎ᠪᠠᠨ ᠭᠡᠷᠩᠵᠢᠭᠦᠯᠵᠣ᠂ ᠬᠠᠣᠯᠢ᠎ᠳᠤ ᠲᠣᠭᠳᠠᠭ᠋ᠠᠭᠰᠠᠨ ᠴᠠᠭ᠎ᠤᠨ ᠬᠢᠵᠠᠭ᠋ᠠᠷ ᠪᠣᠶᠣ ᠠᠮᠠᠯᠠᠯᠳᠠ ᠬᠢᠭᠰᠡᠨ ᠴᠠᠭ᠎ᠤᠨ ᠬᠢᠵᠠᠭ᠋ᠠᠷ᠎ᠢ ᠵᠢᠷᠣᠮᠯᠡᠨ᠂ ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ᠎ᠳᠤ ᠪᠦᠳᠣᠮᠵᠢ ᠰᠠᠶ᠋ᠢᠳᠠᠢ ᠴᠢᠨᠠᠷᠵᠢᠭᠤᠨ ᠦᠢ᠍ᠯᠡᠴᠢᠯᠡᠭᠡ ᠬᠠᠨᠭ᠌ᠭ᠋ᠠᠬᠤ ᠬᠡᠷᠡᠭᠳᠡᠢ᠃
      ᠠᠷᠪᠠᠨ ᠬᠤᠶᠠᠳᠣᠭ᠋ᠠᠷ ᠵᠦᠢ᠍ᠯ   ᠬᠠᠣᠯᠢ ᠴᠠᠭ᠋ᠠᠵᠨ ᠬᠠᠤᠯᠢ ᠲᠣᠭᠳᠠᠭ᠋ᠠᠯ᠎ᠳᠤ ᠪᠣᠰᠣᠣᠨ ᠲᠣᠭᠳᠠᠭ᠋ᠠᠯ᠎ᠲᠠᠢ ᠪᠠᠶ᠋ᠢᠬᠤ᠎ᠠᠴᠠ ᠭᠠᠳᠠᠨ᠎ᠠ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠣᠳᠣᠭ᠋ᠠᠳᠣ᠎ᠳᠤ ᠪᠠᠢ᠍ᠢ᠍ᠷᠢᠯᠠᠭᠤᠯᠤᠭᠰᠠᠨ ᠪᠠᠶ᠋ᠢᠭᠤᠯᠣᠮᠵᠢ ᠪᠣᠶᠣ ᠲᠣᠮᠢᠯᠠᠭᠰᠠᠨ ᠪᠠᠶ᠋ᠢᠭᠤᠯᠣᠮᠵᠢ᠎ᠨᠢ ᠲᠡᠳᠡᠬᠡᠷ᠎ᠤᠨ ᠬᠠᠷᠢᠶᠠᠯᠠᠭᠳᠠᠭ᠍ᠣ ᠵᠠᠰᠠᠭ ᠵᠠᠬᠢᠷᠭ᠋ᠠᠨ᠎ᠤ ᠨᠠᠷ᠎ᠡ᠎ᠪᠠᠷ ᠵᠠᠰᠠᠭ ᠵᠠᠬᠢᠷᠭ᠋ᠠᠨ᠎ᠤ ᠲᠣᠭᠳᠠᠭ᠋ᠠᠯ ᠭᠠᠷᠭ᠋ᠠᠬᠤ ᠵᠢᠨ ᠬᠠᠮᠳᠣ ᠲᠣᠰ ᠪᠠᠶ᠋ᠢᠭᠤᠯᠭ᠎ᠠ᠎ᠠᠴᠠ ᠬᠠᠣᠯᠢ ᠴᠠᠭ᠋ᠠᠵᠨ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃
      ᠠᠷᠪᠠᠨ ᠭᠤᠷᠪᠠᠳᠣᠭ᠋ᠠᠷ ᠵᠦᠢ᠍ᠯ   ᠬᠠᠣᠯᠢ ᠴᠠᠭ᠋ᠠᠵᠨ᠂ ᠬᠠᠣᠯᠢ ᠲᠤᠭᠳᠠᠭ᠋ᠠᠯ᠎ᠠᠴᠠ ᠡᠷᠭᠡ ᠣᠯᠭᠤᠭᠰᠠᠨ ᠣᠯᠠᠨ ᠨᠠᠶ᠋ᠢᠳᠠ ᠵᠢᠨ ᠭᠡᠷᠩ ᠶᠠᠪᠣᠳᠠᠯ᠎ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶ᠋ᠢᠭᠤᠯᠣᠯᠳᠠ᠎ᠨᠢ᠂ ᠬᠠᠣᠯᠢ᠎ᠪᠠᠷ ᠲᠣᠭᠳᠠᠭ᠋ᠠᠵᠤ ᠣᠯᠭᠤᠭᠰᠠᠨ ᠡᠷᠬᠡ ᠵᠢᠨ ᠭᠦᠷᠢᠶ᠎ᠡ ᠬᠡᠪᠴᠢᠶᠠᠨ᠎ᠳᠤ᠂ ᠦᠪᠡᠷ᠎ᠤᠨ ᠨᠡᠷ᠎ᠡ᠎ᠪᠠᠷ ᠵᠶ᠋ᠠᠨ ᠵᠠᠰᠠᠭ ᠵᠠᠬᠢᠷᠭ᠋ᠠᠨ᠎ᠤ ᠡᠷᠭᠡ᠎ᠪᠠᠨ ᠭᠡᠷᠩᠵᠢᠭᠦᠯᠭᠦ ᠵᠢᠨ ᠬᠠᠮᠳᠣ ᠵᠣᠬᠢᠬᠤ ᠬᠠᠣᠯᠢ ᠴᠠᠭ᠋ᠠᠵᠨ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃
      ᠠᠷᠪᠠᠨ ᠲᠦᠷᠪᠡᠳᠣᠭᠡᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ ᠴᠠᠭ᠋ᠠᠵᠨ᠂ ᠬᠠᠣᠯᠢ ᠲᠤᠭᠳᠠᠭ᠋ᠠᠯ᠂ ᠲᠦᠷᠢᠮ ᠲᠣᠭᠳᠠᠭ᠋ᠠᠯ᠎ᠤᠨ ᠲᠣᠭᠳᠠᠭ᠋ᠠᠯ᠎ᠢ ᠦᠨᠳᠣᠰᠣᠯᠡᠵᠣ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠣᠶᠣ ᠣᠯᠠᠨ ᠨᠠᠶ᠋ᠢᠳᠠ ᠵᠢᠨ ᠭᠡᠷᠩ ᠶᠠᠪᠣᠳᠠᠯ᠎ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶ᠋ᠢᠭᠤᠯᠣᠯᠳᠠ᠎ᠳᠤ ᠨᠠᠶ᠋ᠢᠳᠠᠨ ᠵᠠᠰᠠᠭ ᠵᠠᠬᠢᠷᠭ᠋ᠠᠨ᠎ᠤ ᠡᠷᠭᠡ᠎ᠪᠠᠨ ᠭᠡᠷᠩᠵᠢᠭᠦᠯᠵᠣ ᠪᠣᠯᠣᠨ᠎ᠠ᠂ ᠡᠭᠦᠨ᠎ᠠᠴᠠ ᠪᠣᠯᠣᠭᠰᠠᠨ ᠣᠷᠰᠢᠭ᠎ᠢ ᠨᠠᠶ᠋ᠢᠳᠠᠭᠰᠠᠨ ᠡᠷᠭᠡ ᠵᠢ ᠭᠡᠷᠩᠵᠢᠭᠦᠯᠵᠣ ᠪᠠᠶ᠋ᠢᠭ᠎ᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ ᠴᠠᠭ᠋ᠠᠵᠨ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ ᠨᠠᠶ᠋ᠢᠳᠠᠭᠰᠠᠨ ᠡᠷᠭᠡ ᠵᠢ ᠭᠡᠷᠩᠵᠢᠭᠦᠯᠵᠣ ᠪᠠᠶ᠋ᠢᠭ᠎ᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠨᠠᠶ᠋ᠢᠳᠠᠭᠳᠠᠭᠰᠠᠨ ᠭᠤᠣᠯ ᠴᠣᠭᠴᠨ ᠪᠣᠯᠣᠨ ᠨᠠᠶ᠋ᠢᠳᠠᠨ ᠭᠡᠷᠩᠵᠢᠭᠦᠯᠵᠣ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠭᠡ ᠵᠢᠨ ᠠᠭᠤᠯᠭ᠎ᠠ᠎ᠪᠠᠨ ᠨᠠᠶ᠋ᠢᠭᠡᠮ᠎ᠳᠤ ᠮᠡᠳᠡᠭᠳᠡᠭᠦ ᠵᠢᠨ ᠳᠠᠠᠭᠤ᠂ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠳᠤ ᠮᠡᠳᠡᠭᠦᠯᠵᠣ ᠳᠠᠩᠰᠠᠯᠠᠭᠤᠯᠬᠤ ᠵᠢᠨ ᠬᠠᠮᠳᠣ᠂ ᠨᠠᠶ᠋ᠢᠳᠠᠭᠳᠠᠭᠰᠠᠨ ᠭᠤᠣᠯ ᠴᠣᠭᠴᠨ ᠵᠢᠨ ᠭᠡᠷᠩᠵᠢᠭᠦᠯᠵᠣ ᠪᠠᠶ᠋ᠢᠭ᠎ᠠ ᠵᠠᠰᠠᠭ ᠵᠠᠬᠢᠷᠭ᠋ᠠᠨ᠎ᠤ ᠡᠷᠭᠡ ᠵᠢ ᠵᠢᠯᠣᠭᠤᠣᠠᠭ᠍ᠣ ᠪᠠ ᠬᠢᠨᠠᠯᠳᠠ ᠲᠠᠯᠪᠢᠬᠤ ᠬᠡᠷᠡᠭᠳᠡᠢ᠃
      ᠠᠷᠪᠠᠨ ᠲᠠᠪᠣᠳᠣᠭ᠋ᠠᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠤᠭᠤᠷᠣᠨᠳᠣ᠎ᠪᠠᠨ ᠵᠠᠰᠠᠭ ᠵᠠᠬᠢᠷᠭ᠋ᠠᠨ᠎ᠤ ᠡᠷᠭᠡ ᠵᠢᠨ ᠮᠠᠷᠭᠤᠯᠳᠣᠭ᠋ᠠᠨ ᠡᠭᠦᠰᠪᠡᠯ᠂ ᠮᠠᠷᠭᠤᠯᠳᠣᠭ᠋ᠠᠨ᠎ᠤ ᠡᠯ᠎ᠡ ᠡᠳᠡᠭᠡᠣᠨ᠎ᠨᠢ ᠵᠦᠪᠳᠡᠯᠴᠡᠨ ᠰᠢᠢ᠍ᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠌ᠰᠡᠨ ᠦᠭᠡᠢ ᠪᠠᠶ᠋ᠢᠪᠡᠯ᠂ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠳᠤ ᠮᠡᠳᠡᠭᠦᠯᠵᠣ ᠰᠢᠢ᠍ᠣᠡᠪᠣᠷᠢᠯᠡᠭᠦᠯᠣᠨ᠎ᠠ᠃
      ᠠᠷᠪᠠᠨ ᠵᠢᠷᠭᠤᠳᠣᠭ᠋ᠠᠷ ᠵᠦᠢ᠍ᠯ   ᠣᠯᠠᠨ ᠵᠠᠰᠠᠭ᠎ᠤᠨ ᠣᠷᠳᠣᠨ᠎ᠤ ᠰᠠᠯᠠᠭ᠎ᠠ ᠮᠦᠴᠢᠷ᠎ᠤᠨ ᠬᠡᠷᠡᠭᠵᠢᠬᠦᠯᠬᠦ᠎ᠯᠦᠭᠡ ᠬᠤᠯᠪᠣᠭᠳᠠᠬᠰᠠᠨ ᠵᠠᠰᠠᠭ ᠵᠠᠬᠢᠷᠭ᠋ᠠᠨ᠎ᠤ ᠡᠷᠭᠡ ᠵᠢ ᠭᠤᠣᠯ ᠪᠤᠯᠬᠤ ᠰᠠᠯᠠᠭ᠎ᠠ ᠮᠦᠴᠢᠷ᠎ᠠᠴᠠ ᠲᠦᠷᠣᠭᠦᠯᠡᠨ ᠬᠠᠷᠢᠭᠤᠴᠠᠵᠣ᠂ ᠪᠣᠰᠣᠣᠨ ᠬᠤᠯᠪᠣᠭᠳᠠᠯ ᠪᠦᠭᠦᠢ ᠰᠠᠯᠠᠭ᠎ᠠ ᠮᠦᠴᠢᠷ ᠣᠷᠣᠯᠴᠠᠨ ᠬᠡᠷᠩᠵᠢᠭᠦᠯᠣᠨ᠎ᠠ᠃ ᠬᠡᠷᠩᠵᠢᠭᠦᠯᠣᠭ᠌ᠰᠡᠨ ᠵᠠᠰᠠᠭ ᠵᠠᠬᠢᠷᠭ᠋ᠠᠨ᠎ᠤ ᠡᠷᠭᠡ᠎ᠳᠤ ᠦᠬᠡᠷ᠎ᠠ ᠰᠠᠨᠠᠯ᠎ᠲᠠᠢ ᠪᠠᠶ᠋ᠢᠪᠡᠯ᠂ ᠡᠯ᠎ᠡ ᠰᠠᠯᠠᠭ᠎ᠠ ᠮᠦᠴᠢᠷ᠎ᠠᠴᠠ ᠵᠦᠪᠳᠡᠯᠴᠡᠨ ᠰᠢᠢ᠍ᠣᠡᠪᠣᠷᠢᠯᠡᠨ᠎ᠠ᠂ ᠵᠦᠪᠳᠡᠯᠴᠡᠭᠡᠣᠨ ᠪᠦᠳᠣᠭ᠌ᠰᠡᠨ ᠦᠭᠡᠢ ᠪᠠᠶ᠋ᠢᠪᠡᠯ᠂ ᠲᠦᠷᠣᠭᠦᠯᠣᠭ᠌ᠰᠡᠨ ᠰᠠᠯᠠᠭ᠎ᠠ ᠮᠦᠴᠢᠷ᠎ᠨᠢ ᠬᠤᠯᠪᠣᠭᠳᠠᠯ ᠪᠦᠭᠦᠢ ᠰᠠᠯᠠᠭ᠎ᠠ ᠮᠦᠴᠢᠷ᠎ᠤᠨ ᠰᠠᠨᠠᠯ᠂ ᠰᠢᠯᠳᠠᠭ᠋ᠠᠨ ᠪᠣᠯᠣᠨ ᠦᠨᠳᠣᠰᠣ ᠪᠠᠷᠢᠮᠳᠠ ᠵᠢ ᠵᠣᠷᠪᠣᠰᠯᠠᠨ ᠲᠣᠳᠣᠷᠬᠠᠶ᠋ᠢᠯᠠᠭ᠍ᠣ ᠵᠢᠨ ᠬᠠᠮᠳᠣ ᠰᠠᠨᠠᠭᠤᠯᠭ᠎ᠠ ᠲᠣᠷᠠᠳᠣᠨ᠂ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠳᠤ ᠮᠡᠳᠡᠭᠦᠯᠵᠣ ᠰᠢᠢ᠍ᠣᠡᠪᠣᠷᠢᠯᠡᠭᠦᠯᠣᠨ᠎ᠠ᠃
      ᠠᠷᠪᠠᠨ ᠲᠣᠯᠣᠳᠣᠭ᠋ᠠᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ᠎ᠨᠢ ᠵᠠᠰᠠᠭ ᠵᠠᠬᠢᠷᠭ᠋ᠠᠨ᠎ᠤ ᠡᠷᠭᠡ ᠵᠢ ᠭᠡᠷᠩᠵᠢᠭᠦᠯᠭᠦ ᠦᠶ᠎ᠠ᠎ᠳᠤ᠂ ᠲᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠡᠯ᠂ ᠲᠣᠰ ᠭᠦᠮᠣᠨ᠎ᠨᠢ ᠭᠤᠶᠣᠴᠢᠯᠠᠯ ᠭᠠᠷᠭ᠋ᠠᠵᠣ ᠵᠠᠶ᠋ᠢᠯᠠᠭ᠍ᠣ ᠭᠡᠷᠩᠳᠠᠢ; ᠲᠣᠰ ᠭᠦᠮᠣᠨ᠎ᠨᠢ ᠵᠠᠶ᠋ᠢᠯᠠᠬᠤ᠎ᠪᠠᠷ ᠭᠤᠶᠣᠴᠢᠯᠠᠭᠰᠠᠨ ᠦᠭᠡᠢ ᠪᠠᠶ᠋ᠢᠪᠡᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠳᠡᠭᠦᠨ᠎ᠢ ᠵᠠᠶ᠋ᠢᠯᠠᠭᠤᠯᠬᠤ᠎ᠪᠠᠷ ᠵᠠᠷᠯᠢᠭᠳᠠᠬᠤ ᠬᠡᠷᠡᠭᠳᠡᠢ᠃
     (ᠨᠢᠭᠡ) ᠲᠣᠰ ᠭᠦᠮᠣᠨ᠎ᠤ ᠠᠰᠢᠭ ᠬᠤᠣᠷ᠎ᠤᠨ ᠬᠠᠷᠢᠴᠠᠭ᠎ᠠ᠎ᠲᠠᠢ ᠬᠤᠯᠪᠣᠭᠳᠠᠭᠰᠠᠨ ᠪᠠᠶ᠋ᠢᠪᠡᠯ;
     (ᠬᠤᠶᠠᠷ) ᠲᠣᠰ ᠭᠦᠮᠣᠨ᠎ᠤ ᠲᠦᠷᠣᠯ ᠰᠠᠳᠣᠨ᠎ᠤ ᠠᠰᠢᠭ ᠬᠤᠣᠷ᠎ᠤᠨ ᠬᠠᠷᠢᠴᠠᠭ᠎ᠠ᠎ᠲᠠᠢ ᠬᠤᠯᠪᠣᠭᠳᠠᠭᠰᠠᠨ ᠪᠠᠶ᠋ᠢᠪᠡᠯ;  
     (ᠭᠤᠷᠪᠠ) ᠪᠣᠰᠣᠣᠨ ᠵᠠᠰᠠᠭ ᠵᠠᠬᠢᠷᠭ᠋ᠠᠨ᠎ᠤ ᠡᠷᠭᠡ ᠵᠢ ᠲᠦᠪ ᠭᠤᠣᠯᠴᠢ᠎ᠪᠠᠷ ᠬᠡᠷᠩᠵᠢᠭᠦᠯᠭᠦ ᠵᠢ ᠨᠦᠯᠣᠭᠡᠯᠡᠭᠦ ᠪᠣᠯᠣᠮᠵᠢ᠎ᠲᠠᠢ ᠪᠠᠶ᠋ᠢᠪᠡᠯ᠃
      ᠠᠷᠪᠠᠨ ᠨᠠᠢ᠍ᠮᠠᠳᠣᠭ᠋ᠠᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠭᠡ ᠵᠢ ᠬᠡᠷᠩᠵᠢᠭᠦᠯᠭᠦ ᠶᠠᠪᠣᠴᠨ᠎ᠳᠤ ᠳᠡᠩᠰᠨ ᠡᠪᠬᠡᠮᠡᠯ᠎ᠤᠨ ᠮᠠᠲᠸᠷᠢᠶᠠᠯ ᠵᠶ᠋ᠠᠨ ᠳᠡᠭᠦᠯᠳᠡᠷᠵᠢᠭᠦᠯᠣᠨ᠂ ᠡᠯᠸᠺᠲᠷᠣᠨ ᠳᠠᠩᠰᠨ ᠡᠪᠬᠡᠮᠡᠯ᠎ᠢ ᠪᠠᠶ᠋ᠢᠭᠤᠯᠬᠤ ᠭᠡᠷᠩᠳᠠᠢ᠃
      ᠠᠷᠪᠠ ᠶᠢᠰᠣᠳᠣᠭᠡᠷ ᠵᠦᠢ᠍ᠯ   ᠡᠯ᠎ᠡ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠨᠢ ᠲᠣᠰ ᠱᠠᠳᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠬᠠᠣᠯᠢ᠎ᠠᠴᠠ ᠵᠦᠷᠢᠴᠡᠭᠰᠠᠨ ᠠᠵᠢᠯᠯᠠᠭ᠎ᠠ ᠵᠢ ᠳᠠᠩᠰᠠᠯᠠᠭ᠍ᠣ ᠵᠢᠨ ᠬᠠᠮᠳᠣ᠂ ᠵᠣᠬᠢᠬᠤ ᠠᠷᠭ᠎ᠠ ᠭᠡᠯᠪᠡᠷᠢ᠎ᠪᠠᠷ ᠢᠯᠨ ᠪᠣᠯᠭ᠋ᠠᠬᠤ ᠭᠡᠷᠩᠳᠠᠢ᠃
      ᠬᠤᠷᠢᠳᠣᠭ᠋ᠠᠷ ᠵᠦᠢ᠍ᠯ   ᠵᠠᠰᠠᠭ ᠵᠠᠬᠢᠷᠭ᠋ᠠᠨ᠎ᠤ ᠬᠠᠷᠢᠴᠠᠨᠭ᠌ᠭᠤᠢ ᠭᠦᠮᠣᠨ᠎ᠨᠢ ᠦᠪᠡᠷ᠎ᠤᠨ ᠵᠶ᠋ᠠᠨ ᠠᠰᠢᠭ ᠲᠣᠰᠨ᠎ᠲᠠᠢ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠡᠷᠭᠡ ᠵᠢᠨ ᠳᠠᠩᠰᠠ ᠡᠪᠬᠡᠮᠡᠯ᠎ᠢ ᠪᠠᠶ᠋ᠢᠴᠠᠭ᠋ᠠᠨ ᠦᠵᠡᠭᠦ ᠡᠷᠭᠡ᠎ᠲᠠᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠴᠢᠬᠤᠯᠨ ᠪᠦᠭᠦᠢ ᠨᠦᠭᠦᠴᠡᠯ᠎ᠢ ᠬᠠᠩᠭ᠋ᠠᠬᠤ ᠭᠡᠷᠩᠳᠠᠢ᠂ ᠣᠯᠣᠰ᠎ᠤᠨ ᠨᠢᠭᠤᠴᠨ᠂ ᠬᠤᠳᠠᠯᠳᠣᠭ᠋ᠠᠨ᠎ᠤ ᠨᠢᠭᠤᠴᠨ᠂ ᠬᠤᠪᠢ ᠭᠦᠮᠣᠨ᠎ᠤ ᠨᠢᠭᠤᠴᠨ᠎ᠲᠠᠢ ᠬᠤᠯᠪᠣᠭᠳᠠᠭ᠍ᠣ ᠵᠦᠢ᠍ᠯ᠎ᠠᠴᠠ ᠭᠠᠳᠠᠨ᠎ᠠ᠂ ᠶᠠᠮᠠᠷᠪᠠ ᠰᠢᠯᠳᠠᠭ᠋ᠠᠨ ᠵᠶ᠋ᠠᠷ ᠲᠠᠪᠴᠢᠵᠣ ᠪᠣᠯᠬᠤ ᠦᠭᠡᠢ᠃
      ᠬᠤᠷᠢᠨ ᠨᠢᠭᠡᠳᠣᠭᠡᠷ ᠵᠦᠢ᠍ᠯ   ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ᠎ᠠᠴᠠ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ᠎ᠠᠴᠠ ᠵᠦᠷᠢᠴᠡᠨ ᠵᠠᠰᠠᠭ ᠵᠠᠬᠢᠷᠭ᠋ᠠᠨ᠎ᠤ ᠡᠷᠭᠡ᠎ᠪᠠᠨ ᠭᠡᠷᠩᠵᠢᠭᠦᠯᠵᠣ᠂ ᠵᠠᠰᠠᠭ ᠵᠠᠬᠢᠷᠭ᠋ᠠᠨ᠎ᠤ ᠬᠠᠷᠢᠴᠠᠨᠭ᠌ᠭᠤᠢ ᠭᠦᠮᠣᠨ᠎ᠤ ᠠᠰᠢᠭ ᠲᠣᠰᠨ᠎ᠳᠤ ᠬᠠᠯᠳᠠᠭᠰᠠᠨ ᠭᠡᠵᠣ ᠦᠵᠡᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠳᠤ ᠵᠠᠭ᠋ᠠᠯᠳᠣᠬᠤ ᠪᠠ ᠢᠯᠡᠴᠢᠯᠡᠨ ᠮᠡᠳᠡᠭᠦᠯᠵᠣ ᠪᠣᠯᠣᠨ᠎ᠠ᠃ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠨᠢ ᠵᠠᠭ᠋ᠠᠯᠳᠣᠬᠤ᠂ ᠢᠯᠡᠴᠢᠯᠡᠨ ᠮᠡᠳᠡᠭᠦᠯᠭᠦ ᠵᠢ ᠭᠦᠯᠢᠶᠠᠨ ᠠᠪᠴᠣ ᠰᠢᠢ᠍ᠳᠪᠦᠷᠢᠯᠡᠬᠦ ᠵᠢᠨ ᠲᠠᠭ᠋ᠠᠭ᠋ᠠᠨ ᠬᠦᠢ᠍ᠴᠡᠳᠬᠡᠬᠦ ᠪᠠᠶ᠋ᠢᠭᠤᠯᠣᠮᠵᠢ ᠪᠠ ᠬᠠᠷᠢᠯᠴᠠᠭ᠍ᠣ ᠠᠷᠭ᠎ᠠ᠎ᠪᠠᠨ ᠨᠠᠶ᠋ᠢᠳᠡᠯᠡᠭᠦ ᠭᠡᠷᠩᠳᠠᠢ᠃ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠨᠢ ᠣᠯᠠᠨ ᠲᠦᠮᠡᠨ᠎ᠤ ᠵᠠᠭ᠋ᠠᠯᠳᠣᠬᠤ᠂ ᠢᠯᠡᠴᠢᠯᠡᠨ ᠮᠡᠳᠡᠭᠦᠯᠭᠦ ᠵᠢᠴᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠢᠯᠡᠴᠢᠯᠡᠭᠰᠠᠨ ᠵᠠᠰᠠᠭ ᠵᠠᠬᠢᠷᠭ᠋ᠠᠨ᠎ᠤ ᠬᠠᠣᠯᠢ᠎ᠠᠴᠠ ᠵᠦᠷᠢᠴᠡᠭᠰᠠᠨ ᠠᠵᠢᠯᠯᠠᠭ᠎ᠠ ᠵᠢ ᠬᠠᠷᠢᠭᠤᠴᠠᠨ ᠪᠠᠶ᠋ᠢᠴᠠᠭ᠋ᠠᠵᠤ᠂ ᠬᠠᠣᠯᠢ ᠶᠣᠰᠣᠭ᠋ᠠᠷ 60 ᠡᠳᠣᠷ᠎ᠤᠨ ᠲᠣᠳᠣᠷ᠎ᠡ ᠰᠢᠢ᠍ᠣᠡᠪᠣᠷᠢᠯᠡᠭᠦ ᠲᠣᠭᠳᠠᠭ᠋ᠠᠯ ᠭᠠᠷᠭ᠋ᠠᠬᠤ ᠵᠢᠨ ᠬᠠᠮᠳᠣ᠂ ᠰᠢᠢ᠍ᠣᠡᠪᠣᠷᠢᠯᠡᠭᠰᠠᠨ ᠦᠷ᠎ᠡ ᠳ᠋ᠦ᠍ᠢ᠍ᠩ ᠵᠶ᠋ᠠᠨ ᠵᠠᠭ᠋ᠠᠯᠳᠣᠬ᠍ᠴᠢ᠂ ᠢᠯᠡᠴᠢᠯᠡᠨ ᠮᠡᠳᠡᠭᠦᠯᠣᠭ᠌ᠴᠢ᠎ᠳᠤ ᠮᠡᠳᠡᠭᠳᠡᠨ᠎ᠠ᠃
      ᠬᠤᠷᠢᠨ ᠬᠤᠶᠠᠳᠣᠭ᠋ᠠᠷ ᠵᠦᠢ᠍ᠯ   ᠡᠯ᠎ᠡ ᠱᠠᠳᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠦᠪᠡᠷ᠎ᠤᠨ ᠬᠢᠨᠢ ᠠᠵᠢᠯᠳᠠᠳ ᠵᠣᠷᠢᠭᠤᠳᠠ ᠪᠣᠶᠣ ᠬᠦᠨᠳᠤ ᠶᠡᠭᠡ ᠣᠰᠣᠯ᠎ᠠᠴᠠ ᠪᠣᠯᠵᠣ ᠲᠣᠰ ᠠᠷᠭ᠎ᠠ ᠵᠢᠨ ᠲᠣᠭᠳᠠᠭ᠋ᠠᠯ᠎ᠢ ᠵᠦᠷᠢᠴᠡᠭᠰᠡᠨ᠂ ᠲᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠠᠴᠠ ᠵᠠᠯᠠᠷᠠᠭᠤᠯᠬᠤ᠎ᠪᠠᠷ ᠵᠠᠷᠯᠢᠭᠳᠠᠨ᠎ᠠ᠂ ᠵᠠᠯᠠᠷᠠᠭᠤᠯᠬᠤ ᠵᠢ ᠳᠡᠪᠴᠢᠭᠰᠡᠨ ᠪᠠᠶ᠋ᠢᠪᠡᠯ᠂ ᠲᠣᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢ ᠮᠡᠳᠡᠬᠡᠯᠡᠨ ᠰᠢᠭᠦᠮᠵᠢᠯᠡᠨ᠎ᠠ᠂ ᠦᠢ᠍ᠯᠡ ᠪᠠᠶ᠋ᠢᠳᠠᠯ᠎ᠨᠢ ᠭᠦᠨᠳᠣ ᠨᠣᠴᠢᠳᠠᠢ ᠪᠠᠶ᠋ᠢᠪᠡᠯ᠂ ᠰᠢᠭᠤᠣᠨ ᠬᠠᠷᠢᠭᠤᠴᠠᠯᠭ᠎ᠠ᠎ᠲᠠᠢ ᠭᠤᠤᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ᠎ᠲᠠᠢ ᠭᠦᠮᠣᠨ᠎ᠳᠤ ᠬᠠᠣᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠣᠡᠭᠡᠯ ᠣᠯᠭᠤᠬᠤ ᠭᠡᠷᠩᠳᠠᠢ᠃
     (ᠨᠢᠭᠡ) ᠵᠠᠰᠠᠭ ᠵᠠᠬᠢᠷᠭ᠋ᠠᠨ᠎ᠤ ᠡᠷᠭᠡ ᠵᠢᠨ ᠨᠠᠷᠢᠨ ᠬᠠᠭᠤᠳᠠᠰᠤ ᠵᠢ ᠲᠣᠰ ᠱᠠᠳᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠬᠠᠣᠯᠢ ᠲᠦᠷᠢᠮ᠎ᠤᠨ ᠪᠠᠶ᠋ᠢᠭᠤᠯᠣᠮᠵᠢ᠎ᠳᠤ ᠲᠣᠭᠳᠠᠭ᠋ᠠᠯ ᠶᠣᠰᠣᠭ᠋ᠠᠷ ᠴᠠᠭ ᠲᠣᠬᠠᠢ᠎ᠳᠤᠨᠢ ᠮᠡᠳᠡᠭᠦᠯᠣᠨ ᠭᠦᠷᠭᠡᠭᠰᠡᠨ ᠦᠭᠡᠢ ᠪᠠᠶ᠋ᠢᠪᠡᠯ;
     (ᠬᠤᠶᠠᠷ) ᠵᠠᠰᠠᠭ ᠵᠠᠬᠢᠷᠭ᠋ᠠᠨ᠎ᠤ ᠡᠷᠭᠡ ᠵᠢ ᠪᠠᠢ᠍ᠢ᠍ᠷᠢᠯᠠᠭᠤᠯᠤᠭᠰᠠᠨ ᠦᠨᠳᠣᠰᠣ ᠪᠠᠷᠢᠮᠳᠠ᠎ᠨᠢ ᠨᠢᠭᠡᠨᠳᠡ ᠬᠤᠪᠢᠷᠠᠯᠳᠠ ᠭᠠᠷᠴᠣ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠣᠬᠢᠷᠠᠭᠤᠯᠣᠯᠳᠠ ᠬᠢᠭᠦ ᠭᠤᠶᠣᠴᠢᠯᠠᠯ ᠵᠶ᠋ᠠᠨ ᠬᠤᠶ᠋ᠢᠷᠭᠤᠰᠢᠷᠠᠭᠤᠯᠵᠣ᠂ ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ᠎ᠠᠴᠠ ᠲᠣᠷᠠᠳᠣᠭᠰᠠᠨ ᠭᠠᠷᠭ᠋ᠠᠭᠰᠠᠨ ᠪᠣᠶᠣ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠠᠴᠠ ᠬᠢᠨᠠᠨ ᠪᠠᠶ᠋ᠢᠴᠠᠭ᠋ᠠᠣᠨ ᠲᠣᠷᠠᠳᠣᠭᠰᠡᠨ ᠪᠠᠶ᠋ᠢᠪᠡᠯ;
     (ᠭᠤᠷᠪᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠭᠡ᠎ᠪᠠᠨ ᠲᠣᠷ᠎ᠡ ᠳᠠᠪᠠ᠎ᠪᠠᠷ ᠵᠶ᠋ᠠᠨ ᠦᠷᠬᠡᠳᠬᠡᠬᠦ᠂ ᠪᠠᠭ᠋ᠠᠰᠬᠠᠬᠤ᠂ ᠬᠡᠷᠡᠭᠵᠢᠬᠦᠯᠬᠦ ᠦᠬᠡᠢ ᠪᠠᠶ᠋ᠢᠪᠡᠯ;
     (ᠲᠦᠷᠪᠠ) ᠬᠠᠣᠯᠢ᠎ᠳᠤ ᠲᠣᠭᠳᠠᠭ᠋ᠠᠭᠰᠠᠨ ᠵᠠᠰᠠᠭ ᠵᠠᠬᠢᠷᠭ᠋ᠠᠨ᠎ᠤ ᠭᠤᠣᠯ ᠴᠣᠭᠴᠨ ᠵᠢᠨ ᠬᠢᠷᠢ ᠭᠡᠮ ᠦᠭᠡᠢ᠎ᠪᠠᠷ ᠵᠠᠰᠠᠭ ᠵᠠᠬᠢᠷᠭ᠋ᠠᠨ᠎ᠤ ᠡᠷᠭᠡ ᠵᠢ ᠭᠡᠷᠩᠵᠢᠭᠦᠯᠣᠭ᠌ᠰᠡᠨ ᠪᠠᠶ᠋ᠢᠪᠡᠯ;
     (ᠳᠠᠪᠤ) ᠬᠠᠣᠯᠢ᠎ᠠᠴᠠ ᠵᠦᠷᠢᠴᠠᠵᠣ ᠵᠠᠰᠠᠭ ᠵᠠᠬᠢᠷᠭ᠋ᠠᠨ᠎ᠤ ᠨᠠᠶ᠋ᠢᠳᠠᠯᠭ᠎ᠠ᠂ ᠵᠠᠰᠠᠭ ᠵᠠᠬᠢᠷᠭ᠋ᠠᠨ᠎ᠤ ᠡᠷᠭᠡ ᠣᠯᠭᠤᠭᠰᠡᠨ ᠪᠠᠶ᠋ᠢᠪᠡᠯ;
     (ᠵᠢᠷᠭᠤᠭ᠎ᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ᠎ᠨᠢ ᠵᠠᠶ᠋ᠢᠯᠠᠭ᠍ᠣ ᠴᠢᠬᠤᠯᠳᠠᠢ ᠪᠠᠶ᠋ᠢᠳᠠᠯ᠎ᠠ ᠦᠯᠣ ᠵᠠᠶ᠋ᠢᠯᠠᠵᠣ ᠵᠠᠰᠠᠭ ᠵᠠᠬᠢᠷᠭ᠋ᠠᠨ᠎ᠤ ᠡᠷᠭᠡ ᠭᠡᠷᠩᠵᠢᠭᠦᠯᠣᠭ᠌ᠰᠡᠨ ᠪᠠᠶ᠋ᠢᠪᠡᠯ;
     (ᠲᠣᠯᠤᠭ᠎ᠠ) ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠭᠡ᠎ᠪᠠᠨ ᠭᠡᠷᠩᠵᠢᠭᠦᠯᠭᠦ ᠶᠠᠪᠣᠴᠨ᠎ᠳᠤ ᠳᠠᠩᠰᠠ ᠡᠪᠬᠡᠮᠡᠯ᠎ᠤᠨ ᠮᠠᠲᠸᠷᠢᠶᠠᠯ ᠵᠶ᠋ᠠᠨ ᠳᠡᠭᠦᠯᠳᠡᠷᠵᠢᠭᠦᠯᠣᠭ᠌ᠰᠡᠨ ᠦᠭᠡᠢ ᠪᠣᠶᠣ ᠵᠠᠰᠠᠭ ᠵᠠᠬᠢᠷᠭ᠋ᠠᠨ᠎ᠤ ᠬᠠᠷᠢᠴᠨᠨᠭ᠌ᠭᠤᠢ ᠭᠦᠮᠣᠨ᠎ᠳᠤ ᠳᠠᠩᠰᠠ ᠡᠪᠬᠡᠮᠡᠯ᠎ᠤᠨ ᠮᠠᠲᠸᠷᠢᠶᠠᠯ ᠵᠶ᠋ᠠᠨ ᠬᠠᠩᠭ᠋ᠠᠬᠤ ᠵᠢ ᠳᠡᠪᠴᠢᠭᠰᠡᠨ ᠪᠠᠶ᠋ᠢᠪᠡᠯ;
     (ᠨᠠᠢ᠍ᠮᠨ) ᠲᠣᠰ ᠠᠷᠭ᠎ᠠ᠎ᠠᠴᠠ ᠵᠦᠷᠢᠴᠡᠭᠰᠠᠨ ᠪᠤᠰᠤᠳ ᠠᠵᠢᠯᠯᠠᠭ᠎ᠠ ᠪᠠᠢ᠍ᠢ᠍ᠪᠠᠯ᠃
      ᠬᠤᠷᠢᠨ ᠭᠤᠷᠪᠠᠳᠣᠭ᠋ᠠᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠳᠡᠭᠡᠷᠡᠬᠢ ᠠᠵᠢᠯᠯᠠᠭ᠎ᠠ ᠵᠢ ᠭᠡᠷᠩᠵᠢᠭᠦᠯᠵᠣ᠂ ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ ᠵᠢᠨ ᠬᠠᠣᠯᠢ ᠶᠣᠰᠣᠨ᠎ᠤ ᠡᠷᠭᠡ ᠠᠰᠢᠭ᠎ᠳᠤ ᠬᠠᠯᠳᠠᠭ᠋ᠠᠣᠨ ᠬᠤᠬᠢᠷᠠᠯ ᠣᠴᠠᠷᠠᠭᠤᠯᠣᠭᠰᠠᠨ ᠪᠠᠶ᠋ᠢᠪᠡᠯ᠂ ᠬᠠᠣᠯᠢ ᠶᠣᠰᠣᠭ᠋ᠠᠷ ᠵᠠᠰᠠᠭ ᠵᠠᠬᠢᠷᠭ᠋ᠠᠨ᠎ᠤ ᠲᠦᠯᠣᠪᠣᠷᠢ ᠦᠭᠭᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠦᠯᠣᠭᠦ ᠡᠭᠦᠷᠭᠡ᠎ᠪᠠᠨ ᠭᠦᠢ᠍ᠴᠡᠣᠡᠭᠡᠭᠰᠡᠨ᠎ᠤ ᠰᠡᠭᠦᠯᠡᠷ᠂ ᠵᠣᠷᠢᠭᠤᠳᠠ ᠪᠣᠶᠣ ᠭᠦᠨᠳᠣ ᠶᠡᠬᠡ ᠣᠰᠣᠯ᠎ᠲᠠᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠵᠢᠯᠳᠠᠨ᠂ ᠨᠠᠶ᠋ᠢᠳᠠᠭᠳᠠᠭᠰᠠᠨ ᠵᠣᠬᠢᠶᠠᠨ ᠪᠠᠶ᠋ᠢᠭᠤᠯᠣᠯᠳᠠ᠎ᠳᠤ ᠵᠣᠬᠢᠬᠤ ᠲᠦᠯᠣᠭᠦ ᠵᠠᠷᠣᠳᠠᠯ᠎ᠢ ᠡᠭᠦᠷᠭᠡᠯᠡᠭᠦᠯᠭᠦ᠎ᠪᠠᠷ ᠵᠠᠷᠯᠢᠭᠳᠠᠬᠤ ᠬᠡᠷᠡᠭᠳᠡᠢ᠃
      ᠬᠤᠷᠢᠨ ᠲᠦᠷᠪᠡᠳᠣᠭᠡᠷ ᠵᠦᠢ᠍ᠯ   ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠡᠷᠭᠡ ᠵᠢᠨ ᠨᠠᠷᠢᠨ ᠬᠠᠭᠤᠳᠠᠰᠤ᠎ᠠᠴᠠ ᠪᠤᠰᠤᠳ ᠵᠠᠰᠠᠭ ᠵᠠᠬᠢᠷᠭ᠋ᠠᠨ᠎ᠤ ᠡᠷᠭᠡ ᠵᠢ ᠭᠡᠷᠩᠵᠢᠭᠦᠯᠪᠡᠯ᠂ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠨᠢ ᠬᠠᠣᠯᠢ ᠶᠣᠰᠣᠭ᠋ᠠᠷ ᠲᠣᠰ ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠬᠠᠣᠯᠢ᠎ᠠᠴᠠ ᠵᠦᠷᠢᠴᠡᠭᠰᠠᠨ ᠵᠶ᠋ᠠᠷ ᠲᠣᠭᠳᠠᠭ᠋ᠠᠬᠤ ᠵᠢᠨ ᠬᠠᠮᠳᠣ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠲᠣᠰ ᠵᠠᠰᠠᠭ ᠵᠠᠬᠢᠷᠭ᠋ᠠᠨ᠎ᠤ ᠠᠵᠢᠯᠯᠠᠭ᠎ᠠ᠎ᠪᠠᠨ ᠭᠦᠴᠣᠨ ᠦᠭᠡᠢ ᠪᠣᠯᠭ᠋ᠠᠬᠤ᠎ᠪᠠᠷ ᠵᠠᠷᠯᠢᠭᠳᠠᠬᠤ ᠬᠡᠷᠡᠭᠳᠡᠢ; ᠠᠷᠠᠣᠨ ᠢᠷᠬᠡᠨ᠂ ᠬᠠᠣᠯᠢ ᠵᠢᠨ ᠡᠷᠬᠡᠳᠡᠨ ᠪᠠ ᠪᠣᠰᠣᠣᠨ ᠵᠣᠬᠢᠶᠠᠨ ᠪᠠᠶ᠋ᠢᠭᠤᠯᠣᠯᠳᠠ ᠵᠢᠨ ᠬᠠᠣᠯᠢ ᠶᠣᠰᠣᠨ᠎ᠤ ᠡᠷᠭᠡ ᠠᠰᠢᠭ᠎ᠲᠤ ᠬᠠᠯᠳᠠᠵᠦ ᠬᠤᠬᠢᠷᠠᠯ ᠤᠴᠠᠷᠠᠭᠤᠯᠤᠭᠰᠠᠨ ᠪᠠᠶ᠋ᠢᠪᠡᠯ᠂ ᠲᠣᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠣᠯᠢ ᠶᠣᠰᠣᠭ᠋ᠠᠷ ᠲᠦᠯᠣᠭᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠳᠡᠢ᠃ ᠬᠢᠨᠠᠯᠳᠠ ᠳᠠᠯᠪᠢᠵᠣ ᠬᠠᠮᠢᠶᠠᠷᠬᠤ ᠪᠠᠶ᠋ᠢᠭᠤᠯᠭ᠎ᠠ᠎ᠠᠴᠠ ᠡᠮᠣᠨᠠᠬᠢ ᠵᠦᠢ᠍ᠯ᠎ᠤᠨ ᠪᠠᠶ᠋ᠢᠳᠠᠯ᠎ᠲᠠᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢ ᠮᠡᠳᠡᠬᠡᠯᠡᠨ ᠰᠢᠭᠦᠮᠵᠢᠯᠡᠵᠣ᠂ ᠰᠢᠭᠤᠣᠨ ᠬᠠᠷᠢᠭᠤᠴᠠᠯᠭ᠎ᠠ᠎ᠲᠠᠢ ᠭᠤᠣᠯᠴᠢᠯᠠᠨ ᠬᠠᠮᠢᠶᠠᠷᠬᠤ ᠬᠦᠮᠦᠨ ᠪᠣᠯᠣᠨ ᠪᠣᠰᠣᠣᠨ ᠰᠢᠭᠤᠣᠨ ᠬᠠᠷᠢᠭᠤᠴᠠᠯᠭ᠎ᠠ᠎ᠲᠠᠢ ᠬᠦᠮᠦᠨ᠎ᠳᠤ ᠬᠠᠣᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠣᠡᠭᠡᠯ ᠣᠯᠭᠤᠬᠤ ᠬᠡᠷᠡᠭᠳᠡᠢ᠃
      ᠬᠤᠷᠢᠨ ᠲᠠᠪᠣᠳᠣᠭ᠋ᠠᠷ ᠵᠦᠢ᠍ᠯ   ᠳᠤᠰ ᠠᠷᠭ᠎ᠠ ᠵᠢ 2015 ᠤᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
Baidu
map